ᠣᠢ᠌ᠷ᠎ᠡ᠎ᠳᠤ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠳᠤᠳᠤᠭ᠋ᠠᠳᠤ ᠵᠢ ᠬᠠᠮᠠᠭ᠋ᠠᠯᠠᠬᠤ ᠳᠤᠪᠴᠢᠶ᠎ᠠ᠂ ᠬᠠᠤᠯᠢ ᠴᠠᠭ᠋ᠠᠵᠠ ᠵᠢᠨ ᠳᠤᠪᠴᠢᠶ᠎ᠠ ᠵᠡᠷᠭᠡ 9 ᠰᠠᠯᠠᠭ᠎ᠠ ᠮᠦᠴᠢᠷ ᠬᠠᠮᠳᠤᠷᠠᠨ 《ᠬᠦᠯᠦᠨ ᠪᠤᠢ᠌ᠷ ᠬᠤᠳᠠ ᠵᠢᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠲᠤ ᠦᠢ᠍ᠯᠡᠴᠢᠯᠡᠬᠦ ᠠᠵᠢᠯ᠎ᠢ ᠴᠢᠩᠭ᠋ᠠᠳᠬᠠᠬᠤ ᠳᠤᠬᠠᠢ ᠭᠡᠷᠡᠭᠵᠢᠬᠦᠯᠬᠦ ᠳᠦᠰᠦᠯ》 ᠳᠤᠭᠳᠠᠭ᠋ᠠᠨ ᠪᠠᠭᠤᠯᠭ᠋ᠠᠵᠠᠢ᠃
《ᠭᠡᠷᠡᠭᠵᠢᠬᠦᠯᠬᠦ ᠳᠦᠰᠦᠯ》᠎ᠳᠤ᠂ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠢ ᠬᠠᠯᠠᠮᠵᠢᠯᠠᠵᠤ ᠦᠢ᠍ᠯᠡᠴᠢᠯᠡᠬᠦ ᠠᠵᠢᠯ᠎ᠢ ᠠᠬᠢᠭᠤᠯᠵᠤ᠂ ᠭᠡᠷ ᠪᠦᠯᠢ᠎ᠨᠢ ᠬᠠᠷᠢᠭᠤᠴᠠᠯᠭ᠎ᠠ᠎ᠪᠠᠨ ᠬᠦᠢ᠍ᠴᠡᠳᠭᠡᠬᠦ᠂ ᠦᠨᠳᠦᠰᠤᠨ ᠱᠠᠳᠤ ᠵᠢᠯᠤᠭᠤᠳᠬᠤ᠂ ᠨᠡᠢ᠌ᠭᠡᠮ ᠳᠠᠶᠠᠭ᠋ᠠᠷ ᠤᠷᠤᠯᠴᠠᠬᠤ᠂ ᠭᠤᠤᠯᠳᠠᠯᠭ᠎ᠠ ᠵᠢ ᠳᠤᠪᠤᠢ᠌ᠯᠭ᠋ᠠᠬᠤ ᠠᠵᠢᠯ᠎ᠤᠨ ᠵᠠᠷᠴᠢᠮ᠎ᠢ ᠪᠠᠷᠢᠮᠳᠠᠯᠠᠨ᠂ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠢ ᠬᠠᠯᠠᠮᠵᠢᠯᠠᠵᠤ ᠦᠢ᠍ᠯᠡᠴᠢᠯᠡᠬᠦ ᠳᠤᠤᠷ ᠰᠦᠯᠵᠢᠶ᠎ᠠ ᠵᠢ ᠪᠠᠢ᠌ᠭᠤᠯᠤᠨ ᠳᠡᠬᠦᠯᠳᠡᠷᠵᠢᠬᠦᠯᠵᠤ᠂ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠲᠤ ᠦᠢ᠍ᠯᠡᠴᠢᠯᠡᠬᠦ ᠴᠢᠳᠠᠪᠤᠷᠢ᠎ᠪᠠᠨ ᠳᠡᠭᠡᠭᠰᠢᠯᠡᠬᠦᠯᠬᠦ ᠭᠡᠷᠡᠭᠳᠡᠢ᠃ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠤᠨ ᠦᠨᠳᠦᠰᠤᠨ ᠮᠡᠳᠡᠭᠡ ᠵᠠᠩᠬᠢ ᠵᠢ ᠬᠦᠢ᠍ᠴᠡᠳ ᠡᠵᠡᠮᠳᠡᠭᠰᠡᠨ ᠰᠠᠭᠤᠷᠢᠨ ᠳᠡᠭᠡᠷ᠎ᠠ᠂ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠢ ᠠᠰᠠᠷᠠᠨ ᠬᠠᠷᠠᠭ᠋ᠠᠯᠵᠠᠬᠤ ᠪᠡ ᠳᠡᠳᠡᠨ᠎ᠳᠤ ᠦᠢ᠍ᠯᠡᠴᠢᠯᠡᠬᠦ ᠭᠤᠤᠯ ᠴᠤᠭᠴᠠ ᠵᠢᠨ ᠬᠠᠷᠢᠭᠤᠴᠠᠯᠭ᠎ᠠ ᠵᠢ ᠳᠤᠳᠤᠷᠬᠠᠢ᠌ᠯᠠᠬᠤ᠂ ᠭᠠᠴᠠᠭ᠎ᠠ ᠳᠤᠰᠬᠤᠨ᠎ᠤ ᠵᠦᠪᠯᠡᠯ᠎ᠤᠨ ᠬᠠᠯᠠᠮᠵᠢᠯᠠᠵᠤ ᠦᠢ᠍ᠯᠡᠴᠢᠯᠡᠬᠦ ᠦᠨᠳᠦᠰᠦᠨ ᠦᠢ᠍ᠯᠡᠳᠤᠯ᠎ᠢ ᠨᠠᠢ᠌ᠳᠠᠪᠤᠷᠢᠵᠢᠭᠤᠯᠬᠤ᠂ ᠮᠠᠯᠵᠢᠬᠤ ᠳᠠᠷᠢᠶᠠᠯᠠᠬᠤ ᠤᠷᠤᠨ᠎ᠤ ᠡᠯ᠎ᠡ ᠵᠦᠢ᠍ᠯ᠎ᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠳᠦᠬᠦᠭᠡᠷᠦᠮᠵᠢ ᠵᠢ ᠴᠢᠩᠭ᠋ᠠᠳᠬᠠᠬᠤ᠂ ᠮᠠᠯᠵᠢᠬᠤ ᠳᠠᠷᠢᠶᠠᠯᠠᠬᠤ ᠤᠷᠤᠨ᠎ᠤ ᠡᠯ᠎ᠡ ᠵᠦᠢ᠍ᠯ᠎ᠤᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠳᠦᠬᠦᠭᠡᠷᠦᠮᠵᠢ ᠵᠢᠨ ᠦᠢ᠍ᠯᠡᠳᠤᠯ᠎ᠢ ᠪᠠᠳᠠᠷᠠᠭᠤᠯᠬᠤ᠂ ᠨᠡᠢ᠌ᠭᠡᠮ᠎ᠤᠨ ᠬᠦᠴᠤᠨ᠎ᠢ ᠳᠠᠢ᠌ᠴᠢᠯᠠᠨ ᠬᠠᠯᠠᠮᠵᠢᠯᠠᠵᠤ ᠦᠢ᠍ᠯᠡᠴᠢᠯᠡᠬᠦ᠎ᠳᠤ ᠤᠷᠤᠯᠴᠠᠭᠤᠯᠬᠤ ᠵᠡᠷᠭᠡ ᠵᠢᠷᠭᠤᠭ᠋ᠠᠨ ᠳᠠᠯ᠎ᠠ ᠵᠢᠨ ᠠᠵᠢᠯ᠎ᠢ ᠦᠷᠨᠢᠬᠦᠯᠵᠤ᠂ 2020 ᠤᠨ ᠪᠤᠯᠬᠤ᠎ᠳᠤ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠠᠩᠬ᠎ᠠ ᠠᠯᠬᠤᠮ ᠪᠦᠷᠢᠳᠦᠬᠦᠯᠦᠨ᠂ ᠠᠵᠢᠯ᠎ᠤᠨ ᠳᠦᠷᠢᠮ᠎ᠢ ᠦᠨᠳᠦᠰᠦᠨ᠎ᠳᠤ᠎ᠪᠠᠨ ᠳᠡᠬᠦᠯᠳᠡᠷᠵᠢᠬᠦᠯᠵᠤ᠂ ᠬᠠᠯᠠᠮᠵᠢᠯᠠᠵᠤ ᠦᠢ᠍ᠯᠡᠴᠢᠯᠡᠬᠦ ᠠᠵᠢᠯ᠎ᠢ ᠳᠦᠭᠡᠮᠡᠯᠵᠢᠬᠦᠯᠦᠨ᠂ ᠨᠠᠰᠤᠲᠠᠳ᠎ᠢ ᠠᠰᠠᠷᠠᠬᠤ᠂ ᠬᠦᠨᠳᠤᠯᠡᠬᠦ᠂ ᠠ᠋ᠯᠪᠡᠷᠢᠬᠦ ᠨᠡᠢ᠌ᠭᠡᠮ᠎ᠤᠨ ᠰᠤᠷᠳᠠᠯ᠎ᠢ ᠪᠤᠢ ᠪᠤᠯᠭ᠋ᠠᠵᠤ᠂ ᠪᠦᠬᠦ ᠬᠤᠳᠠ ᠵᠢᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠨᠠᠰᠤᠲᠠᠳ ᠪᠤᠯᠤᠨ ᠭᠡᠷ ᠵᠶ᠋ᠡᠨ ᠰᠠᠬᠢᠭᠰᠠᠨ ᠨᠠᠰᠤᠲᠠᠳ ᠪᠦᠬᠦᠳᠡ ᠵᠢ ᠶᠠᠳᠠᠭᠤ᠎ᠠᠴᠠ ᠠᠩᠬᠢᠵᠢᠷᠠᠭᠤᠯᠬᠤ ᠭᠡᠷᠡᠭᠳᠡᠢ ᠭᠡᠵᠤ ᠱᠠᠭ᠋ᠠᠷᠳᠠᠵᠠᠢ᠃