ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠳᠦᠩᠯᠢᠶᠤᠤ ᠬᠤᠳᠠ ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2018-11-16

         
      ᠳᠦᠩᠯᠢᠶᠤᠤ ᠬᠤᠳᠠ ᠵᠢᠨ᠎ᠬᠢᠨ ᠠ᠋ᠨᠡ ᠵᠢᠯ᠎ᠠᠴᠠ ᠨᠠᠭ᠋ᠠᠰᠢ ᠬᠠᠮᠢᠶᠠᠷᠤᠯᠳᠠ ᠦᠢ᠍ᠯᠡᠴᠢᠯᠡᠭᠡ᠎ᠪᠠᠨ ᠵᠢᠷᠤᠮᠵᠢᠭᠤᠯᠬᠤ᠂ ᠪᠠᠳᠤᠯᠠᠪᠤᠷᠢ ᠵᠢᠨ ᠪᠠᠷᠢᠮᠵᠢᠶ᠎ᠠ ᠵᠢ ᠳᠡᠭᠡᠭᠰᠢᠯᠡᠬᠦᠯᠬᠦ᠂ ᠠ᠋ᠬᠢ ᠪᠠᠶᠠᠯᠢᠭ᠎ᠢ ᠨᠡᠢ᠌ᠳᠭᠡᠬᠦ ᠵᠢ ᠴᠢᠩᠭ᠋ᠠᠳᠬᠠᠬᠤ ᠵᠡᠷᠭᠡ ᠠᠵᠢᠯ᠎ᠢ ᠠ᠋ᠷᠴᠢᠮᠳᠠᠢ ᠠᠳᠬ᠍ᠳ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠮᠢᠶᠠᠷᠤᠯᠳᠠ ᠦᠢ᠍ᠯᠡᠴᠢᠯᠡᠭᠡᠨ᠎ᠤ ᠴᠢᠳᠠᠪᠤᠷᠢ᠎ᠪᠠᠨ ᠢᠯᠡᠳᠳᠡ ᠳᠡᠭᠡᠭᠰᠢᠯᠡᠬᠦᠯᠵᠡᠢ᠃
      ᠨᠢᠭᠡ᠎ᠳᠤ᠂ ᠳᠡᠷᠢᠬᠦᠨ᠎ᠤ ᠳᠤᠷᠰᠢᠯᠭ᠎ᠠ᠎ᠪᠠᠷ ᠳᠤᠯᠢ ᠪᠤᠯᠭ᠋ᠠᠨ ᠬᠠᠮᠢᠶᠠᠷᠤᠯᠳᠠ ᠦᠢ᠍ᠯᠡᠴᠢᠯᠡᠭᠡ᠎ᠪᠠᠨ ᠵᠢᠷᠤᠮᠵᠢᠭᠤᠯᠪᠠ᠃ ᠱᠠᠩᠬᠠᠢ᠂ ᠨᠠᠨᠵᠢᠩ ᠵᠡᠷᠭᠡ ᠭᠠᠵᠠᠷ ᠤᠷᠤᠨ᠎ᠤ ᠨᠠᠰᠤᠲᠠᠳ᠎ᠢ ᠠᠰᠠᠷᠠᠬᠤ ᠨᠠᠰᠤᠲᠠᠳ᠎ᠲᠤ ᠦᠢ᠍ᠯᠡᠴᠢᠯᠡᠬᠦ ᠳᠡᠷᠢᠬᠦᠨ᠎ᠤ ᠳᠤᠷᠰᠢᠯᠭ᠎ᠠ ᠵᠢ ᠰᠤᠷᠤᠯᠴᠠᠬᠤ ᠵᠢᠨ ᠳᠠᠭ᠋ᠠᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ 16 ᠨᠢᠷᠤᠭᠤᠪᠴᠢ ᠬᠦᠴᠦᠨ᠎ᠢ ᠳᠤᠮᠢᠯᠠᠨ ᠡᠤ ᠰᠢ ᠵᠢᠨ ᠰᠢ ᠳ᠋ᠦᠩ ᠨᠠᠰᠤᠲᠠᠳ᠎ᠢ ᠠᠰᠠᠷᠠᠬᠤ ᠬᠦᠷᠢᠶᠠᠯᠠᠩ᠎ᠳᠤ ᠳᠤᠰᠢᠶᠠᠯ ᠠ᠋ᠭᠦᠷᠭᠡᠯᠡᠨ ᠪᠤᠯᠪᠠᠰᠤᠷᠭᠤᠯᠵᠤ᠂ ᠪᠦᠬᠦ ᠬᠤᠳᠠ ᠵᠢᠨ ᠭᠡᠪᠴᠢᠶ᠎ᠠ᠎ᠪᠠᠷ ᠬᠠᠮᠤᠭ᠎ᠤᠨ ᠶᠡᠭᠡ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ᠎ᠢ ᠳᠤᠮᠢᠯᠠᠨ ᠠᠷᠠᠳ᠎ᠤᠨ ᠶᠠᠪᠤᠳᠠᠯ᠎ᠤᠨ ᠶᠠᠮᠤᠨ᠎ᠤ ᠠ᠋ᠷᠬᠢᠯᠡᠭᠰᠡᠨ 2018 ᠤᠨ᠎ᠤ ᠪᠠᠷᠠᠭᠤᠨ ᠪᠡᠶ᠎ᠡ ᠵᠢᠨ ᠭᠠᠵᠠᠷ ᠤᠷᠤᠨ᠎ᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡ᠂ ᠬᠠᠮᠢᠶᠠᠷᠤᠯᠳᠠ ᠵᠢᠨ ᠪᠦᠳᠦᠭᠡᠨ ᠪᠠᠢ᠌ᠭᠤᠯᠤᠯᠳᠠ ᠵᠢᠨ ᠪᠤᠯᠪᠠᠰᠤᠷᠠᠯ᠎ᠤᠨ ᠠᠩᠬᠢ᠎ᠳᠤ ᠰᠤᠷᠤᠯᠴᠠᠭᠤᠯᠵᠤ᠂ ᠴᠢᠭ ᠵᠶ᠋ᠡᠷ ᠨᠡᠢ᠌ᠳᠡᠮ᠎ᠢ ᠳᠠᠢ᠌ᠴᠢᠯᠠᠬᠤ ᠠᠷᠭ᠎ᠠ᠎ᠪᠠᠷ ᠪᠦᠬᠦ ᠬᠤᠳᠠ ᠵᠢᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠪᠠᠷᠢᠮᠵᠢᠶᠠᠵᠢᠯᠳᠠ᠂ ᠳᠤᠰᠬᠠᠢ᠌ᠵᠢᠯᠳᠠ᠂ ᠮᠡᠳᠡᠭᠡ ᠵᠠᠩᠬᠢᠵᠢᠯᠳᠠ ᠵᠢᠨ ᠪᠦᠳᠦᠭᠡᠨ ᠪᠠᠢ᠌ᠭᠤᠯᠤᠯᠳᠠ ᠵᠢ ᠠᠬᠢᠭᠤᠯᠵᠠᠢ᠃ ᠠᠰᠠᠷᠠᠨ ᠬᠠᠷᠠᠭ᠋ᠠᠯᠵᠠᠬᠤ ᠪᠤᠢ ᠤᠨᠴᠠ ᠬᠦᠴᠢᠷᠳᠡᠯ᠎ᠲᠠᠢ ᠬᠦᠮᠤᠰ᠎ᠤᠨ ᠡᠮ ᠠ᠋ᠮᠨᠡᠯᠭᠡ ᠵᠢᠨ ᠪᠠᠳᠤᠯᠠᠪᠤᠷᠢ ᠵᠢᠨ ᠳᠤᠭᠳᠠᠴᠠ ᠵᠢ ᠤᠯᠠᠮ ᠵᠶ᠋ᠡᠷ ᠳᠡᠬᠦᠯᠳᠡᠷᠵᠢᠬᠦᠯᠵᠤ᠂ ᠤᠨᠴᠠ ᠬᠦᠴᠢᠷᠳᠡᠯ᠎ᠲᠠᠢ ᠬᠦᠮᠤᠰ ᠪᠦᠬᠦᠨ᠎ᠢ ᠬᠦᠨᠳᠤ ᠶᠡᠭᠡ ᠤᠨᠴᠠᠭ᠋ᠠᠢ ᠡᠪᠡᠳᠴᠢᠳᠠᠨ᠎ᠢ ᠳᠤᠰᠠᠯᠠᠮᠵᠢ ᠵᠢᠨ ᠭᠡᠪᠴᠢᠶᠠᠨ᠎ᠳᠤ ᠤᠷᠤᠭᠤᠯᠤᠨ᠂ ᠪᠦᠬᠦ ᠬᠤᠳᠠ ᠵᠢᠨ ᠭᠤᠷᠪᠠᠨ᠎ᠤ ᠬᠤᠶᠠᠷ᠎ᠠᠴᠠ ᠳᠡᠭᠡᠭᠰᠢᠬᠢ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠠ᠋ᠮᠨᠡᠵᠤ ᠠᠰᠠᠷᠠᠬᠤ ᠵᠢ ᠤᠶᠠᠯᠳᠤᠭᠤᠯᠤᠭᠰᠠᠨ ᠨᠠᠰᠤᠲᠠᠳ᠎ᠢ ᠠᠰᠠᠷᠠᠬᠤ ᠵᠠᠭᠪᠤᠷ᠎ᠢ ᠭᠡᠷᠡᠭᠵᠢᠬᠦᠯᠵᠤ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠭ᠎ᠠ ᠨᠠᠰᠤᠲᠠᠳ᠎ᠤᠨ 《ᠪᠠᠭ᠎ᠠ ᠡᠪᠡᠳᠴᠢᠨ᠎ᠢ ᠪᠠᠢ᠌ᠭᠤᠯᠤᠮᠵᠢ᠎ᠳᠤ᠎ᠪᠠᠨ ᠰᠢᠢ᠍ᠳᠪᠤᠷᠢᠯᠡᠨ ᠶᠡᠭᠡ ᠡᠪᠡᠳᠴᠢᠨ᠎ᠢ ᠤᠰᠤᠯᠳᠤᠭᠤᠯᠬᠤ ᠦᠭᠡᠢ ᠪᠠᠢ᠌ᠬᠤ》 ᠶᠠᠪᠤᠳᠠᠯ᠎ᠢ ᠦᠨᠳᠦᠰᠤᠨ᠎ᠳᠤ᠎ᠪᠠᠨ ᠪᠡᠶᠡᠯᠡᠬᠦᠯᠵᠡᠢ᠃
      ᠬᠤᠶᠠᠷ᠎ᠲᠤ᠂ ᠨᠡᠮᠡᠭᠳᠡᠯ᠎ᠤᠨ ᠳᠤᠭᠳᠠᠴᠠ ᠵᠢ ᠳᠡᠬᠦᠯᠳᠡᠷᠵᠢᠬᠦᠯᠦᠨ ᠠᠰᠠᠷᠠᠨ ᠬᠠᠷᠠᠭ᠋ᠠᠯᠵᠠᠬᠤ ᠪᠠᠷᠢᠮᠵᠢᠶ᠎ᠠ᠎ᠪᠠᠨ ᠳᠡᠭᠡᠭᠰᠢᠯᠡᠬᠦᠯᠪᠡ᠃ 2018 ᠤᠨ᠎ᠳᠤ ᠳᠦᠩᠯᠢᠶᠤᠤ ᠬᠤᠳᠠ ᠵᠢᠨ᠎ᠬᠢᠨ ᠬᠤᠳᠠ ᠪᠠᠯᠭ᠋ᠠᠰᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠳᠦᠪᠯᠡᠷᠡᠬᠦᠯᠦᠨ ᠠᠰᠠᠷᠠᠬᠤ ᠪᠡ ᠰᠠᠯᠤᠩᠬᠢ ᠠᠰᠠᠷᠠᠬᠤ ᠪᠡᠷᠢᠮᠵᠢᠶ᠎ᠠ᠎ᠪᠠᠨ ᠳᠡᠭᠡᠭᠰᠢᠯᠡᠬᠦᠯᠵᠤ᠂ ᠬᠦᠮᠦᠨ ᠳᠤᠳᠤᠮ ᠰᠠᠷ᠎ᠠ ᠪᠦᠷᠢ 1500 ᠳᠦᠬᠦᠷᠢᠭ ᠪᠠ 1000 ᠳᠦᠬᠦᠷᠢᠭ᠎ᠲᠤ ᠬᠦᠷᠭᠡᠨ᠂ ᠳᠡᠭᠡᠷ᠎ᠡ ᠵᠢᠯ᠎ᠤᠨ᠎ᠬᠢ᠎ᠠᠴᠠ᠎ᠪᠠᠨ ᠳᠤᠰ ᠪᠦᠷᠢ 400 ᠳᠦᠬᠦᠷᠢᠭ ᠪᠠ 180 ᠳᠦᠬᠦᠷᠢᠭ ᠨᠡᠮᠡᠭᠳᠡᠵᠤ᠂ ᠨᠡᠮᠡᠭᠳᠡᠯ᠎ᠨᠢ ᠳᠤᠰ ᠳᠤᠰ 26.7% ᠪᠡ 21.9 %᠎ᠳᠤ ᠬᠦᠷᠴᠡᠢ; ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠲᠦᠪᠯᠡᠷᠡᠩᠭᠦᠢ᠎ᠪᠠᠷ ᠠᠰᠠᠷᠠᠬᠤ ᠪᠡ ᠰᠠᠯᠤᠩᠬᠢ᠎ᠪᠠᠷ ᠠᠰᠠᠷᠠᠬᠤ ᠪᠠᠷᠢᠮᠵᠢᠶ᠎ᠠ ᠵᠢ ᠬᠦᠮᠦᠨ ᠳᠤᠳᠤᠮ ᠵᠢᠯ ᠪᠦᠷᠢ 10000 ᠳᠦᠬᠦᠷᠢᠭ ᠪᠠ 6700 ᠳᠦᠬᠦᠷᠢᠭ ᠪᠤᠯᠭ᠋ᠠᠵᠤ᠂ ᠳᠡᠭᠡᠷ᠎ᠡ ᠵᠢᠯ᠎ᠤᠨ᠎ᠬᠢ᠎ᠠᠴᠠ᠎ᠪᠠᠨ 1000 ᠳᠦᠬᠦᠢ᠌ᠷᠭ ᠪᠡ 500 ᠳᠦᠬᠦᠷᠢᠭ ᠨᠡᠮᠡᠭᠳᠡᠨ᠂ ᠨᠡᠮᠡᠭᠳᠡᠯ᠎ᠨᠢ ᠳᠤᠰ ᠳᠤᠰ 11.1% ᠪᠡ 8.1%᠎ᠳᠤ ᠬᠦᠷᠴᠡᠢ᠃ ᠠ᠋ᠬᠦᠨ᠎ᠤ ᠵᠡᠷᠭᠡᠪᠡᠷ ᠤᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠰᠤᠪᠢᠯᠠᠬᠤ᠂ ᠳᠡᠩᠭᠡᠭᠡ᠎ᠪᠠᠨ ᠠᠯᠳᠠᠭᠰᠠᠨ ᠪᠠ ᠳᠡᠩᠭᠡᠭᠡ ᠮᠠᠭᠤᠳᠠᠭᠰᠠᠳ᠎ᠢ ᠠᠰᠠᠷᠠᠨ ᠬᠠᠷᠠᠭ᠋ᠠᠯᠵᠠᠬᠤ ᠪᠠᠷᠢᠮᠵᠢᠶ᠎ᠠ ᠵᠢ ᠬᠦᠮᠦᠨ ᠳᠤᠳᠤᠮ ᠵᠢᠯ ᠪᠦᠷᠢ 12600 ᠳᠦᠬᠦᠷᠢᠭ ᠪᠠ 4900 ᠳᠦᠬᠦᠷᠢᠭ ᠪᠤᠯᠭ᠋ᠠᠨ ᠨᠡᠮᠡᠭᠳᠡᠬᠦᠯᠵᠡᠢ᠃ ᠪᠦᠬᠦ ᠬᠤᠳᠠ᠎ᠪᠠᠷ ᠵᠶ᠋ᠡᠨ ᠨᠢᠭᠡ ᠵᠢᠯ᠎ᠳᠤ ᠪᠠᠷᠤᠭ ᠨᠢᠭᠡ ᠳ᠋ᠦᠩᠰᠢᠭᠤᠷ ᠳᠦᠬᠦᠷᠢᠭ ᠵᠠᠷᠤᠴᠠᠭᠤᠯᠤᠨ᠂ ᠬᠤᠳᠠ ᠬᠦᠳᠡᠭᠡ ᠵᠢᠨ ᠤᠨᠴᠠ ᠬᠦᠴᠢᠷᠳᠡᠯ᠎ᠲᠠᠢ 10132 ᠬᠦᠮᠦᠨ᠎ᠤ ᠦᠨᠳᠦᠰᠤᠨ ᠠᠮᠢᠳᠤᠷᠠᠯ᠎ᠢ ᠪᠠᠳᠤᠯᠠᠭᠰᠠᠨ ᠪᠠᠢ᠌ᠨ᠎ᠠ᠃
      ᠭᠤᠷᠪᠠ᠎ᠳᠤ᠂ ᠠ᠋ᠬᠢ ᠪᠠᠶᠠᠯᠢᠭ᠎ᠢ ᠨᠡᠢ᠌ᠳᠭᠡᠵᠤ ᠰᠢᠨᠵᠢᠯᠡᠬᠦ ᠤᠬᠠᠭ᠋ᠠᠨᠴᠢ᠎ᠪᠠᠷ ᠳᠦᠯᠦᠪᠵᠢᠬᠦᠯᠪᠡ᠃ ᠮᠠᠯᠵᠢᠬᠤ ᠳᠠᠷᠢᠶᠠᠯᠠᠬᠤ ᠤᠷᠤᠨ᠎ᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠳᠤᠨᠤᠭ ᠳᠦᠬᠦᠭᠡᠷᠦᠮᠵᠢ ᠬᠠᠭᠤᠴᠢᠷᠠᠨ ᠮᠠᠭᠤᠳᠠᠭᠰᠠᠨ᠂ ᠦᠢ᠍ᠯᠡᠴᠢᠯᠡᠭᠡ ᠰᠢᠨᠵᠢᠯᠡᠬᠦ ᠤᠬᠠᠭ᠋ᠠᠨᠴᠢ ᠪᠤᠰᠤ ᠵᠡᠷᠭᠡ ᠪᠤᠳᠠᠳᠤ ᠪᠠᠢ᠌ᠳᠠᠯ᠎ᠳᠤ ᠴᠢᠭᠯᠡᠬᠦᠯᠦᠨ᠂ ᠬᠤᠰᠢᠭᠤ ᠰᠢᠶᠠᠨ ᠬᠤᠳᠠ ᠳᠤᠭᠤᠷᠢᠭ᠎ᠤᠨ ᠤᠨᠴᠠ ᠬᠦᠴᠢᠷᠳᠡᠯ᠎ᠲᠠᠢ ᠬᠦᠮᠦᠨ᠎ᠤ ᠳᠤᠭ᠎ᠠ᠂ ᠦᠢ᠍ᠯᠡᠴᠢᠯᠡᠭᠡᠨ᠎ᠤ ᠭᠡᠷᠡᠭᠴᠡᠭᠡ ᠱᠠᠭ᠋ᠠᠷᠳᠠᠯᠭ᠎ᠠ ᠵᠢ ᠬᠦᠢ᠍ᠴᠡᠳ ᠪᠤᠳᠤᠯᠬᠢᠯᠠᠭᠰᠠᠨ᠎ᠤ ᠰᠠᠭᠤᠷᠢᠨ ᠳᠡᠭᠡᠷ᠎ᠠ 《ᠳᠦᠩᠯᠢᠶᠤᠤ ᠬᠤᠳᠠ ᠵᠢᠨ ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠬᠦᠯᠬᠦ ᠢᠨᠵᠸᠨ᠋ᠸᠷᠢᠩ᠎ᠤᠨ (2018 — 2020) ᠭᠤᠷᠪᠠᠨ ᠵᠢᠯ᠎ᠤᠨ ᠠᠵᠢᠯᠯᠠᠭ᠋ᠠᠨ᠎ᠤ ᠳᠦᠯᠦᠪᠯᠡᠭᠡ》 ᠵᠢ ᠳᠤᠭᠳᠠᠭ᠋ᠠᠵᠤ᠂ ᠭᠤᠷᠪᠠᠨ ᠵᠢᠯ᠎ᠤᠨ ᠬᠤᠭᠤᠴᠠᠭ᠎ᠠ ᠵᠢ ᠭᠡᠷᠡᠭᠰᠡᠨ ᠰᠢᠨ᠎ᠠ᠎ᠪᠠᠷ ᠪᠠᠢ᠌ᠭᠤᠯᠬᠤ᠂ ᠨᠡᠢ᠌ᠯᠡᠬᠦᠯᠬᠦ᠂ ᠬᠠᠰᠤᠵᠤ ᠨᠡᠢ᠌ᠳᠭᠡᠬᠦ ᠵᠡᠷᠭᠡ ᠠᠷᠭ᠎ᠠ᠎ᠪᠠᠷ ᠨᠠᠰᠤᠲᠠᠳ᠎ᠢ ᠠᠰᠠᠷᠠᠬᠤ 51 ᠪᠠᠢ᠌ᠭᠤᠯᠤᠮᠵᠢ ᠵᠢ 25 ᠪᠤᠯᠭ᠋ᠠᠨ ᠨᠡᠢ᠌ᠳᠭᠡᠵᠤ᠂ ᠨᠢᠭᠡᠳᠤᠯᠳᠠᠢ ᠬᠠᠮᠢᠶᠠᠷᠤᠯᠳᠠ ᠦᠢ᠍ᠯᠡᠴᠢᠯᠡᠭᠡᠨ᠎ᠤ ᠠᠷᠭ᠎ᠠ ᠵᠢ ᠭᠡᠷᠡᠭᠵᠢᠬᠦᠯᠵᠤ᠂ ᠦᠢ᠍ᠯᠡᠴᠢᠯᠡᠭᠴᠢ ᠵᠢ ᠠᠵᠢᠯ᠎ᠤᠨ ᠪᠠᠢ᠌ᠷᠢᠨ᠎ᠳᠤ ᠭᠠᠷᠬᠤ ᠦᠨᠡᠮᠯᠡᠯ᠎ᠲᠠᠢ ᠪᠤᠯᠭ᠋ᠠᠨ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠦᠨᠡᠨᠬᠦ ᠳᠡᠭᠭᠰᠢᠯᠡᠬᠦᠯᠬᠦ᠎ᠪᠠᠷ ᠳᠣᠭᠲᠠᠭ᠋ᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠵᠢᠯᠤᠭᠤᠳᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳᠤ ᠤᠷᠤᠯᠴᠠᠭᠤᠯᠵᠤ ᠪᠠᠢ᠌ᠨ᠎ᠠ
ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ ᠬᠠᠷᠠᠮᠦᠢ᠍ᠷᠡᠨ᠎ᠤ ᠠ᠋ᠾᠸᠢ ᠠ᠋ᠾᠸ ᠬᠤᠳᠠ᠎ᠳᠤ ᠬᠤᠷᠠᠯᠳᠤᠪᠠ
ᠦᠪᠡᠷᠳᠡᠭᠡᠨ ᠵᠠᠰᠠᠬᠤ ᠤᠷᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠤᠯᠠᠭ᠋ᠠᠨᠬᠠᠳᠠ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠳᠦᠷᠢᠮ ᠪᠤᠯᠤᠨ ᠶᠠᠳᠠᠭᠤ ᠵᠢ ᠳᠡᠳᠬᠦᠵᠤ ᠨᠡᠭᠡᠭᠡᠨ ᠬᠦᠭᠵᠢᠬᠦᠯᠬᠦ ᠳᠦᠷᠦ ᠵᠢᠨ ᠪᠤᠳᠤᠯᠭ᠎ᠠ ᠵᠢ ᠵᠣᠯᠭ᠋ᠠᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠵᠡᠮᠳᠡᠭᠴᠤᠳ᠎ᠤᠨ ᠬᠤᠯᠪᠤᠭ᠎ᠠ ᠬᠠᠮᠳᠤᠷᠠᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠮᠡᠳᠡᠭᠡ ᠵᠠᠩᠬᠢ ᠵᠢᠨ ᠰᠢᠰᠲᠸᠮ᠎ᠤᠨ ᠪᠤᠯᠪᠠᠰᠤᠷᠠᠯ᠎ᠤᠨ ᠠᠩᠬᠢ ᠠ᠋ᠷᠬᠢᠯᠡᠪᠡ
ᠳᠢᠩᠬᠢᠮ᠎ᠤᠨ ᠳᠠᠷᠤᠭ᠎ᠠ ᠳ᠋ᠸᠩ ᠶᠤᠸᠠᠢ ᠯᠸᠤ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠪᠠ
 
            