ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ ᠵᠢᠯᠤᠭᠤᠳᠪᠠ
ᠨᠡᠶᠢᠲᠡᠯᠡᠭᠰᠡᠨ ᠴᠠᠭ᠄ 2019-01-04

         
     12 ᠳ᠋ᠤᠭ᠋ᠠᠷ ᠰᠠᠷ᠎ᠡ ᠵᠢᠨ 25᠎ᠤ ᠠ᠋ᠳᠤᠷ᠂ ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠠᠷᠤᠭ᠎ᠠ ᠶᠦᠨ ᠭᠠᠩ ᠬᠤᠯᠪᠤᠭᠳᠠᠯ ᠪᠦᠬᠦᠢ ᠬᠠᠷᠢᠭᠤᠴᠠᠯᠠᠭ᠋ᠳᠠᠨ ᠪᠤᠯᠤᠨ ᠬᠤᠯᠪᠤᠭᠳᠠᠯ ᠪᠦᠬᠦᠢ ᠠᠯᠪᠠᠨ ᠭᠡᠷ ᠰᠠᠯᠠᠭ᠎ᠠ ᠵᠢᠨ ᠬᠠᠷᠢᠭᠤᠴᠠᠯᠭ᠋ᠠᠳᠠᠨ᠎ᠢ ᠳᠠᠭ᠋ᠠᠭᠤᠯᠤᠨ ᠪᠠᠶᠠᠨ ᠣᠪᠣᠭ᠎ᠠ ᠠᠭᠤᠷᠬᠠᠢ ᠵᠢᠨ ᠳᠤᠭᠤᠷᠢᠭ ᠪᠤᠯᠤᠨ ᠳᠠᠷᠬᠠᠨ ᠮᠤᠤᠮᠢᠩᠭ᠋ᠠᠨ ᠬᠤᠯᠪᠤᠭ᠋ᠠᠳᠤ ᠬᠤᠰᠢᠭᠤ ᠵᠢᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠦᠷᠴᠤ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ ᠵᠢᠯᠤᠭᠤᠳᠴᠠᠢ᠃
      ᠪᠠᠢ᠌ᠴᠠᠭ᠋ᠠᠨ ᠵᠢᠯᠤᠭᠤᠳᠬᠤ ᠳᠤᠭᠤᠢ᠌ᠯᠠᠩ᠎ᠤᠨ᠎ᠬᠢᠨ ᠪᠠᠶᠠᠨ ᠣᠪᠣᠭ᠎ᠠ ᠠᠭᠤᠷᠬᠠᠢ ᠵᠢᠨ ᠳᠤᠭᠤᠷᠢᠭ᠎ᠤᠨ ᠶᠡᠷᠦᠩᠭᠡᠢ᠌ᠯᠡᠭᠰᠡᠨ ᠠᠰᠠᠷᠠᠨ ᠰᠤᠪᠢᠯᠠᠬᠤ ᠬᠦᠷᠢᠶᠡᠯᠡᠩ᠂ ᠱᠠᠨ ᠸᠠᠢ ᠱᠠᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠪᠤᠯᠤᠨ ᠳᠠᠷᠬᠠᠨ ᠮᠤᠤᠮᠢᠩᠭ᠋ᠠᠨ ᠬᠤᠯᠪᠤᠭ᠋ᠠᠳᠤ ᠬᠤᠰᠢᠭᠤᠨ᠎ᠤ ᠪᠤᠶᠠᠨ᠎ᠤ ᠦᠢ᠍ᠯᠡᠰ᠎ᠤᠨ ᠴᠢᠯᠦᠭᠡᠳᠤ ᠳᠡᠯᠭᠡᠬᠦᠷ᠂ 《12349》 ᠦᠢ᠍ᠯᠡᠴᠢᠯᠡᠭᠡᠨ᠎ᠤ ᠳᠠᠪᠴᠠᠩ᠂ ᠶᠠ ᠰᠢᠨ ᠨᠠᠰᠤᠲᠠᠳ᠎ᠢ ᠠᠰᠠᠷᠠᠬᠤ ᠬᠦᠷᠢᠶᠡᠯᠡᠩ᠂ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ᠎ᠤᠨ ᠡᠵᠡᠩᠨᠡᠯᠳᠡ ᠬᠠᠮᠢᠶᠠᠷᠤᠯᠳᠠ ᠵᠢᠨ ᠪᠠᠢ᠌ᠳᠠᠯ᠂ ᠭᠠᠯ ᠰᠡᠷᠭᠡᠢ᠌ᠯᠡᠵᠤ ᠭᠠᠯ ᠤᠨᠳᠠᠷᠠᠭ᠋ᠠᠨ ᠠᠮᠤᠷ ᠳᠦᠪᠰᠢᠨ᠎ᠢ ᠪᠠᠳᠤᠯᠠᠬᠤ ᠠᠷᠭ᠎ᠠ ᠭᠡᠮᠵᠢᠶ᠎ᠡ᠂ ᠤᠷᠤᠨ ᠰᠠᠭᠤᠴᠠ ᠢᠳᠡᠭᠡᠨ ᠤᠮᠳᠠᠭ᠋ᠠᠨ᠎ᠤ ᠠᠮᠤᠷ ᠳᠦᠪᠰᠢᠨ᠎ᠤ ᠪᠠᠢ᠌ᠳᠠᠯ ᠵᠡᠷᠭᠡ ᠵᠢ ᠪᠠᠢ᠌ᠴᠠᠭ᠋ᠠᠨ ᠰᠤᠳᠤᠯᠵᠠᠢ᠃ ᠳᠡᠳᠡ ᠪᠠᠰᠠ ᠡᠯ᠎ᠡ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ᠎ᠬᠢᠨ᠎ᠢ ᠠᠮᠤᠷ ᠳᠦᠪᠰᠢᠨ᠎ᠤ ᠬᠠᠮᠢᠶᠠᠷᠤᠯᠳᠠ᠎ᠪᠠᠨ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠵᠤ᠂ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠠᠵᠢᠯᠳᠠᠨ᠎ᠤ ᠠᠮᠤᠷ ᠳᠦᠪᠰᠢᠨ᠎ᠤ ᠪᠤᠯᠪᠠᠰᠤᠷᠠᠯ᠎ᠢ ᠴᠢᠩᠭ᠋ᠠᠳᠬᠠᠨ᠂ ᠬᠢᠨᠠᠨ ᠬᠠᠮᠢᠶᠠᠷᠤᠯᠳᠠ᠎ᠪᠠᠨ ᠴᠢᠩᠭ᠋ᠠᠷᠠᠭᠤᠯᠵᠤ᠂ ᠠᠮᠤᠷ ᠳᠦᠪᠰᠢᠨ᠎ᠤ ᠬᠠᠮᠢᠶᠠᠷᠤᠯᠳᠠ ᠵᠢᠨ ᠬᠠᠷᠢᠭᠤᠴᠠᠯᠭ᠎ᠠ ᠵᠢ ᠪᠦᠬᠦ ᠳᠡᠯ᠎ᠡ᠎ᠪᠠᠷ ᠨᠠᠢ᠌ᠳᠠᠪᠤᠷᠢᠵᠢᠭᠤᠯᠬᠤ ᠭᠡᠷᠡᠭᠳᠡᠢ ᠭᠡᠵᠤ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠳᠠ ᠳᠦᠷᠦᠯ ᠬᠤᠪᠢᠶᠠᠨ ᠪᠠᠳᠤᠯᠠᠪᠤᠷᠢ ᠤᠯᠭᠤᠬᠤ ᠳᠦᠷᠢᠮ ᠵᠶ᠋ᠠᠨ ᠳᠡᠬᠦᠯᠳᠡᠷᠵᠢᠬᠦᠯᠦᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠵᠠᠢ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠤᠯᠢ ᠴᠠᠭ᠋ᠠᠵᠠ ᠵᠢᠨ ᠮᠡᠳᠡᠯᠭᠡ ᠵᠢᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠴᠢᠭ᠎ᠤᠨ ᠵᠶ᠋ᠠᠨ ᠶᠠᠳᠠᠭᠤ ᠬᠦᠴᠢᠷᠳᠡᠯ᠎ᠲᠠᠢ ᠳᠤᠰᠬᠤᠨ᠎ᠤ ᠤᠯᠠᠨ ᠳᠦᠮᠡᠨ᠎ᠢ ᠳᠤᠬᠤᠨᠢᠭᠤᠯᠪᠠ
ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠴᠡᠢ
 
            