ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ ᠬᠤᠳᠠ ᠳᠦᠷᠦᠯ ᠬᠤᠪᠢᠶᠠᠨ ᠪᠠᠳᠤᠯᠠᠪᠤᠷᠢ ᠤᠯᠭᠤᠬᠤ ᠳᠦᠷᠢᠮ ᠵᠶ᠋ᠠᠨ ᠳᠡᠬᠦᠯᠳᠡᠷᠵᠢᠬᠦᠯᠦᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠵᠠᠢ
ᠨᠡᠶᠢᠲᠡᠯᠡᠭᠰᠡᠨ ᠴᠠᠭ᠄ 2019-01-04

             
      ᠣᠢ᠌ᠷ᠎ᠡ ᠵᠢᠨ ᠵᠢᠯ᠎ᠠᠴᠠ ᠤᠯᠠᠭ᠋ᠠᠨᠴᠠᠪ ᠬᠤᠳᠠ ᠵᠢᠨ᠎ᠬᠢᠨ ᠪᠠᠳᠤᠯᠠᠪᠤᠷᠢ ᠵᠢᠨ ᠳᠦᠷᠦ ᠵᠢᠨ ᠪᠤᠳᠤᠯᠭ᠎ᠠ ᠵᠢ ᠳᠠᠰᠤᠷᠠᠯᠳᠠ ᠦᠭᠡᠢ ᠳᠡᠬᠦᠯᠳᠡᠷᠵᠢᠬᠦᠯᠦᠨ ᠴᠢᠩᠭ᠋ᠠᠳᠬᠠᠵᠤ᠂ ᠤᠷᠢᠳ ᠬᠤᠵᠢᠳ 《ᠤᠯᠠᠭ᠋ᠠᠨᠴᠠᠪ ᠬᠤᠳᠠ ᠵᠢᠨ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠳᠤᠰᠠᠯᠠᠬᠤ ᠠᠷᠭ᠎ᠠ》᠂ 《ᠤᠯᠠᠭ᠋ᠠᠨᠴᠠᠪ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠤᠨ ᠨᠡᠢ᠌ᠭᠡᠮ᠎ᠤᠨ ᠬᠠᠮᠠᠭ᠋ᠠᠯᠠᠯᠳᠠ ᠵᠢᠨ ᠳᠤᠷᠰᠢᠯᠳᠠ ᠵᠢᠨ ᠠᠵᠢᠯ᠎ᠢ ᠭᠡᠷᠡᠭᠵᠢᠬᠦᠯᠬᠦ ᠳᠦᠰᠦᠯ》᠂ 《ᠤᠯᠠᠭ᠋ᠠᠨᠴᠠᠪ ᠬᠤᠳᠠ ᠵᠢᠨ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠭᠡᠷᠡᠭᠵᠢᠬᠦᠯᠬᠦ ᠳᠦᠰᠦᠯ》 ᠵᠡᠷᠭᠡ ᠰᠢᠷᠢᠰ ᠪᠢᠴᠢᠭ ᠮᠠᠲᠸᠷᠢᠶᠠᠯ ᠪᠠᠭᠤᠯᠭ᠋ᠠᠬᠤ ᠵᠢᠨ ᠬᠠᠮᠳᠤ ᠤᠳᠤᠷᠢᠳᠬᠤ ᠳᠤᠭᠤᠢ᠌ᠯᠠᠩ ᠪᠠᠢ᠌ᠭᠤᠯᠤᠨ᠂ ᠨᠠᠰᠤᠨ᠎ᠳᠤ ᠦᠯᠦ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠳᠦᠷᠦ ᠵᠢᠨ ᠪᠤᠳᠤᠯᠭ᠎ᠠ ᠵᠢᠨ ᠳᠡᠮᠵᠢᠯᠭᠡ ᠪᠤᠯᠤᠨ ᠵᠤᠬᠢᠶᠠᠨ ᠪᠠᠢ᠌ᠭᠤᠯᠤᠯᠳᠠ ᠵᠢᠨ ᠪᠠᠳᠤᠯᠠᠪᠤᠷᠢ ᠬᠠᠩᠭ᠋ᠠᠵᠠᠢ᠃
      ᠬᠦᠴᠢᠷᠳᠡᠯ᠎ᠲᠠᠢ ᠭᠡᠤᠭᠡᠳ᠎ᠤᠨ ᠦᠨᠳᠦᠰᠤᠨ ᠠᠮᠢᠳᠤᠷᠠᠯ᠎ᠢ ᠪᠠᠳᠤᠯᠠᠪᠠ
      ᠪᠦᠬᠦ ᠬᠤᠳᠠ ᠵᠢᠨ ᠭᠡᠷ᠎ᠲᠤ᠎ᠪᠠᠨ ᠦᠯᠡᠳᠡᠭᠰᠡᠨ ᠭᠡᠤᠭᠡᠳ ᠪᠤᠯᠤᠨ ᠬᠦᠴᠢᠷᠳᠡᠯ᠎ᠲᠠᠢ ᠭᠡᠤᠭᠡᠳ᠎ᠤᠨ ᠰᠤᠷᠤᠯᠭ᠎ᠠ ᠠᠮᠢᠳᠤᠷᠠᠯ᠎ᠢ ᠳᠤᠰᠠᠯᠠᠵᠤ ᠬᠠᠮᠢᠶᠠᠷᠬᠤ ᠵᠢ ᠦᠨᠡᠨ ᠬᠦ᠌ ᠴᠢᠩᠭ᠋ᠠᠳᠬᠠᠨ᠂ ᠭᠡᠷ᠎ᠲᠤ᠎ᠪᠠᠨ ᠦᠯᠡᠳᠡᠭᠰᠡᠨ ᠭᠡᠤᠭᠡᠳ ᠪᠤᠯᠤᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢᠨ ᠳᠤᠯᠠᠳᠠ᠂ ᠤᠯᠠᠭ᠋ᠠᠨᠴᠠᠪ ᠬᠤᠳᠠ ᠵᠢᠨ᠎ᠬᠢᠨ ᠵᠤᠬᠢᠰᠳᠠᠢ᠎ᠪᠠᠷ ᠨᠡᠢ᠌ᠳᠡᠮ᠎ᠳᠤ᠎ᠨᠢ ᠬᠠᠷᠠᠭ᠋ᠠᠯᠵᠠᠬᠤ ᠵᠠᠷᠴᠢᠮ ᠶᠤᠰᠤᠭ᠋ᠠᠷ ᠡᠯ᠎ᠡ ᠵᠦᠢ᠍ᠯ᠎ᠤᠨ ᠬᠦᠴᠢᠷᠳᠡᠯ᠎ᠲᠠᠢ ᠭᠡᠤᠭᠡᠳ᠎ᠤᠨ ᠦᠨᠳᠦᠰᠤᠨ ᠠᠮᠢᠳᠤᠷᠠᠯ᠎ᠤᠨ ᠪᠠᠷᠢᠮᠵᠢᠶ᠎ᠠ ᠵᠢ ᠵᠤᠬᠢᠰᠳᠠᠢ ᠳᠤᠭᠳᠠᠭ᠋ᠠᠵᠤ᠂ ᠳᠦᠪᠯᠡᠷᠡᠬᠦᠯᠦᠨ ᠠᠰᠠᠷᠠᠨ ᠬᠠᠷᠠᠭ᠋ᠠᠯᠵᠠᠬᠤ ᠦᠨᠦᠴᠢᠨ ᠭᠡᠤᠭᠡᠳ᠎ᠤᠨ ᠠᠮᠢᠳᠤᠷᠠᠯ᠎ᠤᠨ ᠪᠠᠷᠢᠮᠵᠢᠶ᠎ᠠ ᠵᠢ ᠰᠠᠷ᠎ᠡ ᠪᠦᠷᠢ ᠬᠦᠮᠦᠨ ᠳᠤᠳᠤᠮ 1500 ᠳᠦᠬᠦᠷᠢᠭ᠂ ᠰᠠᠯᠤᠩᠬᠢ ᠠᠰᠠᠷᠠᠨ ᠬᠠᠷᠠᠭ᠋ᠠᠯᠵᠠᠬᠤ ᠦᠨᠦᠴᠢᠨ ᠭᠡᠤᠭᠡᠳ᠎ᠤᠨ ᠠᠮᠢᠳᠤᠷᠠᠯ᠎ᠤᠨ ᠪᠠᠷᠢᠮᠵᠢᠶ᠎ᠠ ᠵᠢ ᠰᠠᠷ᠎ᠡ ᠪᠦᠷᠢ ᠬᠦᠮᠦᠨ ᠳᠤᠳᠤᠮ 1200 ᠳᠦᠬᠦᠷᠢᠭ᠂ ᠡᠪᠡᠳᠴᠢᠨ ᠪᠤᠶᠤ ᠵᠡᠮᠳᠡᠭ᠎ᠠᠴᠠ ᠪᠤᠯᠤᠭᠰᠠᠨ ᠬᠦᠴᠢᠷᠳᠡᠯ᠎ᠲᠠᠢ ᠭᠡᠤᠭᠡᠳ ᠪᠤᠯᠤᠨ ᠬᠦᠴᠢᠷᠳᠡᠯ᠎ᠲᠠᠢ ᠭᠡᠷ ᠪᠦᠯᠢ ᠵᠢᠨ ᠭᠡᠤᠭᠡᠳ᠎ᠤᠨ ᠠᠮᠢᠳᠤᠷᠠᠯ᠎ᠤᠨ ᠪᠠᠷᠢᠮᠵᠢᠶ᠎ᠠ ᠵᠢ ᠰᠠᠷ᠎ᠠ ᠪᠦᠷᠢ ᠬᠦᠮᠤᠨ ᠳᠤᠳᠤᠮ 600 ᠳᠦᠬᠦᠷᠢᠭ ᠵᠶ᠋ᠡᠷ ᠳᠤᠭᠳᠠᠭ᠋ᠠᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢᠨ ᠭᠡᠤᠭᠡᠳ᠂ ᠳᠦᠷ ᠴᠠᠭ᠎ᠤᠨ ᠳᠤᠰᠠᠯᠠᠮᠵᠢ ᠬᠢᠬᠦ ᠭᠡᠤᠭᠡᠳ᠎ᠤᠨ ᠦᠨᠳᠦᠰᠤᠨ ᠠᠮᠢᠳᠤᠷᠠᠯ᠎ᠤᠨ ᠨᠦᠬᠦᠪᠤᠷᠢ ᠵᠢ ᠬᠤᠯᠪᠤᠭᠳᠠᠯ ᠪᠦᠬᠦᠢ ᠳᠦᠷᠦ ᠵᠢᠨ ᠪᠤᠳᠤᠯᠭ᠎ᠠ ᠵᠢᠨ ᠳᠤᠭᠳᠠᠭ᠋ᠠᠯ᠎ᠤᠨ ᠰᠠᠭᠤᠷᠢᠨ ᠳᠡᠭᠡᠷ᠎ᠡ ᠵᠤᠬᠢᠬᠤ ᠭᠡᠮᠵᠢᠶ᠎ᠡ᠎ᠪᠠᠷ ᠨᠡᠮᠡᠭᠳᠡᠬᠦᠯᠵᠡᠢ᠃ ᠪᠤᠰᠤᠳ ᠬᠦᠴᠢᠷᠳᠡᠯ᠎ᠲᠠᠢ ᠭᠡᠤᠭᠡᠳ᠎ᠤᠨ ᠪᠤᠳᠠᠳᠤ ᠪᠠᠢ᠌ᠳᠠᠯ᠎ᠢ ᠦᠨᠳᠦᠰᠦᠯᠡᠨ ᠦᠨᠳᠦᠰᠤᠨ ᠠᠮᠢᠳᠤᠷᠠᠯ᠎ᠢ᠎ᠨᠢ ᠪᠠᠳᠤᠯᠠᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠤᠯᠭᠤᠬᠤ ᠨᠦᠬᠦᠴᠡᠯ᠎ᠳᠤ ᠨᠡᠢ᠌ᠴᠡᠬᠦ ᠵᠢ᠎ᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠤᠯᠭᠤᠬᠤ ᠭᠡᠪᠴᠢᠶᠠᠨ᠎ᠳᠤ ᠤᠷᠤᠭᠤᠯᠤᠨ᠂ ᠳᠦᠷ ᠴᠠᠭ᠎ᠤᠨ ᠳᠤᠰᠠᠯᠠᠮᠵᠢ ᠬᠢᠬᠦ ᠨᠦᠬᠦᠴᠡᠯ᠎ᠳᠤ ᠨᠡᠢ᠌ᠴᠡᠬᠦ᠎ᠳᠤ᠎ᠨᠢ ᠳᠦᠷ ᠴᠠᠭ᠎ᠤᠨ ᠳᠤᠰᠠᠯᠠᠮᠵᠢ ᠬᠢᠭᠰᠡᠨ ᠪᠠᠢ᠌ᠨ᠎ᠠ᠃
      ᠠᠵᠢᠯ᠎ᠤᠨ ᠭᠤᠭᠴᠤᠭ᠎ᠠ᠎ᠪᠠᠨ ᠨᠠᠷᠢᠯᠢᠭᠵᠢᠭᠤᠯᠤᠨ ᠬᠦᠴᠢᠷᠳᠡᠯ᠎ᠲᠠᠢ ᠭᠡᠤᠭᠡᠳ᠎ᠢ ᠴᠠᠭ ᠳᠠᠷᠤᠢ᠎ᠳᠤ᠎ᠨᠢ ᠵᠤᠬᠢᠰᠳᠠᠢ ᠳᠤᠰᠠᠯᠠᠪᠠ
     《ᠢᠯᠡᠷᠡᠬᠦᠯᠬᠦ᠂ ᠨᠣᠲᠠᠯᠠᠨ ᠳᠤᠭᠳᠠᠭ᠋ᠠᠬᠤ᠂ ᠳᠠᠮᠵᠢᠭᠤᠯᠤᠨ ᠳᠠᠨᠢᠯᠴᠠᠭᠤᠯᠬᠤ᠂ ᠳᠤᠰᠠᠯᠠᠬᠤ》 ᠳᠦᠷᠪᠡᠨ ᠭᠤᠭᠴᠤᠭ᠎ᠠ᠎ᠠᠴᠠ ᠭᠠᠷᠳᠠᠨ᠂ ᠰᠠᠨᠠᠭ᠋ᠠᠴᠢᠯᠠᠭ᠎ᠠ᠎ᠲᠠᠢ᠎ᠪᠠᠷ ᠢᠯᠡᠷᠡᠬᠦᠯᠵᠤ ᠮᠡᠳᠡᠬᠦᠯᠬᠦ ᠳᠠᠪᠴᠠᠩ ᠪᠠᠢ᠌ᠭᠤᠯᠵᠤ᠂ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠳᠤᠰᠬᠤᠨ᠎ᠤ ᠳᠦᠷᠪᠡᠨ ᠱᠠᠳᠤᠨ᠎ᠤ ᠳᠤᠰᠠᠯᠠᠮᠵᠢ ᠵᠢᠨ ᠳᠤᠤᠷ ᠰᠦᠯᠵᠢᠶ᠎ᠡ ᠵᠢ ᠪᠡᠬᠢᠵᠢᠬᠦᠯᠦᠭᠰᠡᠨ ᠰᠠᠭᠤᠷᠢᠨ ᠳᠡᠭᠡᠷ᠎ᠡ᠂ 12349 ᠳᠠᠪᠴᠠᠩ ᠪᠠ ᠳᠤᠰᠠᠯᠠᠮᠵᠢ ᠵᠢᠨ ᠬᠠᠯᠠᠮᠰᠢᠯ ᠤᠳᠠᠰᠤ᠎ᠪᠠᠷ ᠳᠠᠮᠵᠢᠭᠤᠯᠤᠨ ᠨᠡᠢ᠌ᠭᠡᠮ᠎ᠤᠨ ᠡᠯ᠎ᠡ ᠠ᠋ᠳᠡᠭᠡᠳ᠎ᠤᠨ ᠬᠦᠴᠢᠷᠳᠡᠯ᠎ᠲᠠᠢ ᠭᠡᠤᠭᠡᠳ᠎ᠤᠨ ᠪᠠᠢ᠌ᠳᠠᠯ᠎ᠢ ᠳᠤᠰᠬᠠᠬᠤ ᠵᠢ 24 ᠴᠠᠭ ᠵᠶ᠋ᠡᠷ ᠬᠦᠯᠢᠶᠠᠨ ᠠᠪᠬᠤ ᠵᠢ ᠪᠠᠳᠤᠯᠠᠵᠠᠢ᠃
      ᠡᠯ᠎ᠡ ᠭᠠᠵᠠᠷ᠎ᠤᠨ᠎ᠬᠢᠨ 《ᠤᠯᠠᠭ᠋ᠠᠨᠴᠠᠪ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠤᠨ ᠠᠶᠤᠯ ᠳᠦᠭᠰᠢᠬᠦᠷᠢ ᠵᠢᠨ ᠵᠡᠷᠭᠡ ᠳᠡᠰ᠎ᠢ ᠮᠠᠭ᠋ᠠᠳᠯᠠᠨ ᠳᠤᠭᠳᠠᠭ᠋ᠠᠬᠤ ᠪᠠᠷᠢᠮᠵᠢᠶ᠎ᠠ》 ᠵᠢ ᠦᠨᠳᠦᠰᠦᠯᠡᠨ᠂ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠂ ᠬᠦᠴᠢᠷᠳᠡᠯ᠎ᠲᠠᠢ ᠭᠡᠤᠭᠡᠳ᠎ᠲᠤ ᠵᠡᠷᠭᠡ ᠳᠡᠰ ᠵᠶ᠋ᠡᠷ᠎ᠨᠢ ᠠᠶᠤᠯ ᠳᠦᠭᠰᠢᠬᠦᠷᠢ ᠵᠢᠨ ᠮᠠᠭ᠋ᠠᠳᠯᠠᠯᠳᠠ ᠬᠢᠵᠤ ᠳᠦᠷᠦᠯ ᠬᠤᠪᠢᠶᠠᠨ ᠬᠠᠮᠢᠶᠠᠷᠴᠤ᠂ ᠠᠶᠤᠯ ᠳᠦᠭᠰᠢᠬᠦᠷᠢ ᠵᠢᠨ ᠳᠡᠰ᠎ᠨᠢ ᠨᠢᠭᠡᠳᠦᠭᠡᠷ ᠳᠡᠰ᠎ᠲᠤ ᠬᠦᠷᠦᠭᠰᠡᠳ᠎ᠢ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠳᠦᠪ᠎ᠠᠴᠠ ᠳᠤᠰᠠᠯᠠᠵᠤ᠂ ᠠᠶᠤᠯ ᠳᠦᠭᠰᠢᠬᠦᠷᠢ ᠵᠢᠨ ᠳᠡᠰ᠎ᠨᠢ ᠬᠤᠶᠠᠳᠤᠭ᠋ᠠᠷ ᠳᠡᠰ᠎ᠲᠤ ᠬᠦᠷᠦᠭᠰᠡᠳ᠎ᠢ ᠬᠤᠰᠢᠭᠤ ᠰᠢᠶᠠᠨ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠳᠦᠪ᠎ᠠᠴᠠ ᠳᠤᠰᠠᠯᠠᠨ᠂ ᠠᠶᠤᠯ ᠳᠦᠭᠰᠢᠭᠦᠷᠢ ᠵᠢᠨ ᠳᠡᠰ᠎ᠨᠢ ᠭᠤᠷᠪᠠᠳᠤᠭ᠋ᠠᠷ ᠳᠡᠰ᠎ᠲᠤ ᠬᠦᠷᠦᠭᠰᠡᠳ᠎ᠢ ᠬᠤᠰᠢᠭᠤ ᠰᠢᠶᠠᠨ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠳᠦᠪ ᠪᠤᠯᠤᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠳᠤᠰᠠᠯᠠᠬᠤ ᠵᠢ ᠭᠡᠷᠡᠭᠵᠢᠬᠦᠯᠵᠤ᠂ ᠬᠦᠴᠢᠷᠳᠡᠯ᠎ᠲᠠᠢ ᠭᠡᠤᠭᠡᠳ ᠢᠯᠡᠷᠡᠪᠡᠯ ᠳᠠᠷᠤᠢ᠎ᠳᠤ᠎ᠨᠢ ᠮᠡᠳᠡᠬᠦᠯᠵᠤ᠂ ᠳᠠᠷᠤᠢ᠎ᠳᠤ᠎ᠨᠢ ᠵᠡᠷᠭᠡ ᠳᠡᠰ᠎ᠢ ᠮᠠᠭ᠋ᠠᠳᠯᠠᠨ ᠳᠤᠭᠳᠠᠭ᠋ᠠᠵᠤ᠂ ᠳᠠᠷᠤᠢ᠎ᠳᠤ᠎ᠨᠢ ᠳᠤᠰᠠᠠᠯᠬᠤ ᠵᠢ ᠪᠡᠶᠡᠯᠡᠬᠦᠯᠦᠭᠰᠡᠨ ᠪᠠᠢ᠌ᠨ᠎ᠠ᠃
      ᠠ᠋ᠬᠦᠨ᠎ᠠᠴᠠ ᠭᠠᠳᠠᠨ᠎ᠠ᠂ ᠤᠯᠠᠭ᠋ᠠᠨᠴᠠᠪ ᠬᠤᠳᠠ ᠪᠠᠰᠠ ᠬᠠᠮᠠᠭ᠋ᠠᠯᠠᠨ ᠳᠠᠮᠵᠢᠭᠤᠯᠵᠤ ᠳᠠᠨᠢᠯᠴᠠᠭᠤᠯᠬᠤ ᠳᠠᠪᠴᠠᠩ ᠪᠠᠢ᠌ᠭᠤᠯᠵᠤ᠂ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠳᠦᠪ᠎ᠢ ᠦᠷᠭᠡᠳᠭᠡᠭᠡᠳ ᠨᠡᠢ᠌ᠭᠡᠮ᠎ᠤᠨ ᠬᠠᠮᠠᠭ᠋ᠠᠯᠠᠨ ᠳᠠᠮᠵᠢᠭᠤᠯᠵᠤ ᠳᠠᠨᠢᠯᠴᠠᠭᠤᠯᠬᠤ ᠳᠠᠪᠴᠠᠩ ᠪᠤᠯᠭ᠋ᠠᠵᠠᠢ᠃ 2018 ᠤᠨ᠎ᠤ ᠵᠢᠯ᠎ᠤᠨ ᠡᠴᠤᠰ ᠪᠤᠯᠳᠠᠯ᠎ᠠ ᠪᠦᠬᠦ ᠬᠤᠳᠠ᠎ᠪᠠᠷ ᠵᠶ᠋ᠡᠨ 426 ᠦᠨᠦᠴᠢᠨ ᠭᠡᠤᠭᠡᠳ᠂ ᠠᠰᠠᠷᠠᠨ ᠬᠠᠷᠠᠭ᠋ᠠᠯᠵᠠᠬᠤ ᠬᠦᠮᠦᠨ ᠦᠭᠡᠢ 201 ᠭᠡᠤᠭᠡᠳ᠂ ᠭᠡᠷ ᠪᠦᠯᠢ᠎ᠨᠢ ᠡᠪᠡᠳᠴᠢᠨ ᠪᠤᠶᠤ ᠵᠡᠮᠳᠡᠭ᠎ᠠᠴᠠ ᠪᠤᠯᠵᠤ ᠠᠮᠢᠳᠤᠷᠠᠯ᠎ᠨᠢ ᠬᠦᠴᠢᠷᠳᠡᠯ᠎ᠳᠤ ᠳᠤᠯᠭ᠋ᠠᠷᠠᠭᠰᠠᠨ 1835 ᠭᠡᠤᠭᠡᠳ᠂ ᠭᠡᠷ᠎ᠲᠤ᠎ᠪᠠᠨ ᠦᠯᠡᠳᠡᠭᠰᠡᠨ 2401 ᠭᠡᠤᠭᠡᠳ᠎ᠢ ᠳᠤᠰᠠᠯᠠᠭᠰᠠᠨ ᠪᠠᠢ᠌ᠨ᠎ᠠ᠃
      ᠬᠦᠴᠢᠷᠳᠡᠯ᠎ᠲᠠᠢ ᠭᠡᠤᠭᠡᠳ᠎ᠤᠨ ᠰᠤᠷᠭ᠋ᠠᠨ ᠬᠦᠮᠦᠵᠢᠯ ᠬᠦᠷᠳᠡᠬᠦ ᠪᠠ ᠪᠤᠰᠤᠳ ᠠ᠋ᠷᠭᠡ ᠠᠰᠢᠭ᠎ᠢ ᠪᠠᠳᠤᠯᠠᠬᠤ ᠳᠤᠭᠳᠠᠴᠠ ᠵᠢ ᠳᠡᠬᠦᠯᠳᠡᠷᠵᠢᠬᠦᠯᠪᠡ
      ᠤᠯᠠᠭ᠋ᠠᠨᠴᠠᠪ ᠬᠤᠳᠠ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠰᠠᠭ᠋ᠠᠳ ᠬᠠᠷᠰᠢ ᠦᠭᠡᠢ᠎ᠪᠠᠷ ᠰᠤᠷᠭ᠋ᠠᠭᠤᠯᠢ᠎ᠳᠤ ᠤᠷᠤᠬᠤ᠂ ᠪᠤᠰᠤᠳ ᠭᠡᠤᠭᠡᠳ᠎ᠲᠠᠢ ᠠᠳᠠᠯᠢ᠎ᠪᠠᠷ ᠨᠢᠭᠡᠳᠤᠯᠳᠠᠢ ᠠᠩᠬᠢ ᠬᠤᠪᠢᠶᠠᠬᠤ᠂ ᠨᠢᠭᠡᠳᠤᠯᠳᠠᠢ ᠰᠤᠷᠭ᠋ᠠᠨ ᠬᠦᠮᠦᠵᠢᠯ ᠬᠦᠷᠳᠡᠬᠦ᠂ ᠨᠢᠭᠡᠳᠤᠯᠳᠠᠢ ᠬᠦᠳᠡᠯᠭᠡᠭᠡᠨ᠎ᠳᠤ ᠤᠷᠤᠯᠴᠠᠬᠤ ᠵᠢ ᠪᠠᠳᠤᠯᠠᠵᠠᠢ᠃ ᠡᠯ᠎ᠡ ᠭᠠᠵᠠᠷ᠎ᠤᠨ᠎ᠬᠢᠨ᠎ᠤ ᠰᠤᠷᠭ᠋ᠠᠨ ᠬᠦᠮᠤᠵᠢᠯ᠎ᠤᠨ ᠳᠤᠪᠴᠢᠶᠠᠨ᠎ᠤ ᠤᠳᠤᠷᠢᠳᠤᠯᠭ᠎ᠠ᠂ ᠰᠤᠷᠭ᠋ᠠᠭᠤᠯᠢ ᠵᠢᠨ ᠤᠳᠤᠷᠢᠳᠤᠯᠭ᠎ᠠ ᠪᠤᠯᠤᠨ ᠺᠠᠳ᠋ᠷ ᠨᠡᠷ᠎ᠲᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠳᠠᠭ᠋ᠠᠭ᠋ᠠᠴᠢᠯᠠᠨ ᠳᠡᠳᠬᠦᠬᠦ ᠳᠦᠷᠢᠮ ᠳᠤᠭᠳᠠᠭ᠋ᠠᠵᠤ᠂ ᠰᠤᠷᠤᠯᠭ᠎ᠠ ᠵᠢ᠎ᠨᠢ ᠵᠢᠯᠤᠭᠤᠳᠬᠤ᠂ ᠠᠮᠢᠳᠤᠷᠠᠯ᠎ᠢ᠎ᠨᠢ ᠬᠠᠷᠠᠭ᠋ᠠᠯᠵᠠᠬᠤ᠂ ᠰᠡᠳᠬᠢᠴᠡ ᠵᠢᠨ ᠳᠠᠢ᠌ᠳᠬᠤᠷᠠᠭᠤᠯᠤᠯ ᠬᠢᠬᠦ ᠵᠡᠷᠭᠡ ᠳᠠᠯ᠎ᠠ ᠵᠢ ᠠᠳᠬᠤᠨ᠂ ᠭᠡᠷ᠎ᠲᠤ᠎ᠪᠠᠨ ᠦᠯᠡᠳᠡᠭᠰᠡᠨ ᠭᠡᠤᠭᠡᠳ᠎ᠤᠨ ᠬᠦᠴᠢᠷᠳᠡᠯ᠎ᠠᠴᠠ ᠪᠤᠯᠵᠤ ᠰᠤᠷᠤᠯᠭ᠎ᠠ᠎ᠪᠠᠨ ᠳᠤᠷᠭᠤᠨ ᠵᠤᠬᠰᠤᠬᠤ ᠵᠢ ᠰᠡᠷᠭᠡᠢ᠌ᠯᠡᠵᠤ᠂ ᠰᠤᠷᠬᠤ ᠨᠠᠰᠤᠨ᠎ᠤ ᠬᠦᠴᠢᠷᠳᠡᠯ᠎ᠲᠠᠢ ᠭᠡᠤᠭᠡᠳ᠎ᠤᠨ ᠰᠤᠷᠭ᠋ᠠᠭᠤᠯᠢ᠎ᠳᠤ ᠤᠷᠤᠬᠤ ᠵᠢ ᠪᠠᠳᠤᠯᠠᠵᠠᠢ᠃
      ᠬᠦᠴᠢᠷᠳᠡᠯ᠎ᠲᠠᠢ ᠭᠡᠤᠭᠡᠳ᠎ᠢ ᠰᠤᠷᠭ᠋ᠠᠨ ᠬᠦᠮᠦᠵᠢᠯ᠎ᠤᠨ ᠳᠤᠰᠠᠯᠠᠮᠵᠢ ᠵᠢᠨ ᠰᠢᠰᠲᠸᠮ᠎ᠳᠤ ᠤᠷᠤᠭᠤᠯᠤᠨ᠂ ᠰᠤᠷᠤᠯᠭ᠎ᠠ ᠵᠢᠨ ᠳᠡᠳᠬᠦᠮᠵᠢ ᠵᠢᠨ ᠮᠦᠩᠬᠦ ᠦᠭᠬᠦ ᠳᠦᠷᠢᠮ᠎ᠢ ᠳᠡᠬᠦᠯᠳᠡᠷᠵᠢᠬᠦᠯᠵᠤ᠂ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠬᠤᠭᠤᠴᠠᠭ᠋ᠠᠨ᠎ᠤ 《ᠬᠤᠶᠠᠷ᠎ᠢ ᠭᠡᠯᠳᠦᠷᠢᠬᠦᠯᠵᠤ ᠬᠤᠶᠠᠷ᠎ᠢ ᠨᠦᠬᠦᠪᠤᠷᠢᠯᠡᠬᠦ》 ᠳᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠂ ᠦᠨᠦᠴᠢᠨ ᠭᠡᠤᠭᠡᠳ᠂ ᠠᠰᠠᠷᠠᠨ ᠬᠠᠷᠠᠭ᠋ᠠᠯᠵᠠᠬᠤ ᠬᠦᠮᠦᠨ ᠦᠭᠡᠢ ᠭᠡᠤᠭᠡᠳ ᠵᠢᠴᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢᠨ ᠭᠡᠤᠭᠡᠳ ᠶᠡᠭᠡ ᠳᠡᠭᠡᠳᠤ ᠰᠤᠷᠭ᠋ᠠᠭᠤᠯᠢ᠎ᠳᠤ ᠰᠢᠯᠭ᠋ᠠᠨ ᠤᠷᠤᠪᠠᠯ ᠤᠶᠤᠳᠠᠨ᠎ᠢ ᠳᠤᠰᠠᠯᠠᠬᠤ ᠳᠦᠷᠦ ᠵᠢᠨ ᠪᠤᠳᠤᠯᠭ᠎ᠠ ᠶᠤᠰᠣᠭ᠋ᠠᠷ ᠨᠢᠭᠡ ᠤᠳᠠᠭ᠋ᠠᠨ᠎ᠤ ᠨᠦᠬᠦᠪᠤᠷᠢ ᠦᠭᠳᠡᠭ ᠪᠠᠢ᠌ᠨ᠎ᠠ᠃ ᠭᠡᠤᠭᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠤᠨᠴᠠᠭ᠋ᠠᠢ ᠰᠤᠷᠭ᠋ᠠᠨ ᠬᠦᠮᠦᠵᠢᠯ᠎ᠤᠨ ᠠᠩᠬᠢ ᠪᠤᠯᠤᠨ ᠤᠨᠴᠠᠭ᠋ᠠᠢ ᠰᠤᠷᠭ᠋ᠠᠨ ᠬᠦᠮᠦᠵᠢᠯ᠎ᠤᠨ ᠰᠤᠷᠭ᠋ᠠᠭᠤᠯᠢ ᠵᠢᠨ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠵᠤ᠂ ᠠ᠋ᠩ᠎ᠤᠨ ᠰᠤᠷᠭ᠋ᠠᠭᠤᠯᠢ᠎ᠳᠤ ᠰᠤᠷᠤᠯᠴᠠᠵᠤ ᠳᠡᠢ᠌ᠯᠬᠦ ᠦᠭᠡᠢ ᠭᠡᠤᠭᠡᠳ᠎ᠢ ᠤᠨᠴᠠᠭ᠋ᠠᠢ ᠰᠤᠷᠭ᠋ᠠᠨ ᠬᠦᠮᠦᠵᠢᠯ᠎ᠤᠨ ᠰᠤᠷᠭ᠋ᠠᠭᠤᠯᠢ᠎ᠳᠤ ᠤᠷᠤᠭᠤᠯᠤᠨ ᠰᠤᠷᠤᠯᠴᠠᠭᠤᠯᠵᠤ ᠪᠠᠢ᠌ᠨ᠎ᠠ᠃
      ᠬᠦᠴᠢᠷᠳᠡᠯ᠎ᠲᠠᠢ ᠭᠡᠤᠭᠡᠳ᠎ᠤᠨ ᠡᠮ ᠠ᠋ᠮᠨᠡᠯᠭᠡ ᠵᠢᠨ ᠪᠠᠳᠤᠯᠠᠪᠤᠷᠢ ᠵᠢᠨ ᠳᠦᠷᠢᠮ᠎ᠢ ᠳᠡᠬᠦᠯᠳᠡᠷᠵᠢᠬᠦᠯᠪᠡ
      ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠤᠨ ᠡᠮ ᠠ᠋ᠮᠨᠡᠯᠭᠡ ᠵᠢᠨ ᠪᠠᠳᠤᠯᠠᠪᠤᠷᠢ ᠵᠢᠨ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠵᠤ᠂ ᠭᠡᠷ᠎ᠲᠤ᠎ᠪᠠᠨ ᠦᠯᠡᠳᠡᠭᠰᠡᠨ ᠭᠡᠤᠭᠡᠳ ᠪᠦᠬᠦᠨ᠎ᠢ ᠮᠠᠯᠵᠢᠬᠤ ᠳᠠᠷᠢᠶᠠᠯᠠᠬᠤ ᠤᠷᠤᠨ᠎ᠤ ᠰᠢᠨ᠎ᠠ ᠮᠠᠶᠢᠭ᠎ᠤᠨ ᠬᠤᠷᠰᠢᠭᠰᠠᠨ ᠠ᠋ᠮᠨᠡᠯᠭᠡ ᠵᠢᠨ ᠪᠠᠳᠤᠯᠠᠪᠤᠷᠢ ᠵᠢᠨ ᠰᠢᠰᠲᠸᠮ ᠪᠤᠯᠤᠨ ᠬᠤᠳᠠ ᠬᠦᠳᠡᠭᠡ ᠵᠢᠨ ᠠ᠋ᠮᠨᠡᠯᠭᠡ ᠵᠢᠨ ᠳᠤᠰᠠᠯᠠᠮᠵᠢ ᠵᠢᠨ ᠭᠡᠪᠴᠢᠶᠠᠨ᠎ᠳᠤ ᠤᠷᠤᠭᠤᠯᠤᠭᠰᠠᠨ ᠪᠦᠭᠡᠳ ᠡᠯ᠎ᠡ ᠭᠠᠵᠠᠷ᠎ᠤᠨ᠎ᠬᠢᠨ ᠬᠦᠨᠳᠤ ᠡᠪᠡᠳᠴᠢᠨ᠎ᠲᠠᠢ᠂ ᠬᠦᠨᠳᠤ ᠭᠡᠴᠡᠬᠦᠤ ᠵᠡᠮᠳᠡᠭ ᠬᠦᠴᠢᠷᠳᠡᠯ᠎ᠲᠠᠢ ᠭᠡᠤᠭᠡᠳ᠎ᠢ ᠬᠤᠳᠠ ᠬᠦᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠤᠨ ᠠ᠋ᠮᠨᠡᠯᠭᠡ ᠵᠢᠨ ᠳᠠᠭ᠋ᠠᠳᠬᠠᠯ᠂ ᠶᠡᠭᠡ ᠡᠪᠡᠳᠴᠢᠨ᠎ᠤ ᠳᠠᠭ᠋ᠠᠳᠬᠠᠯ᠎ᠳᠤ ᠤᠷᠤᠭᠤᠯᠤᠭᠰᠠᠨ ᠮᠦᠷᠳᠡᠭᠡᠨ ᠪᠤᠶᠠᠨ᠎ᠤ ᠦᠢ᠍ᠯᠡᠰ᠎ᠤᠨ ᠳᠤᠰᠠᠯᠠᠮᠵᠢ ᠬᠢᠭᠰᠡᠨ ᠪᠠᠢ᠌ᠨ᠎ᠠ᠃ ᠦᠨᠦᠴᠢᠨ ᠭᠡᠤᠭᠡᠳ᠂ ᠠᠰᠠᠷᠠᠨ ᠬᠠᠷᠠᠭ᠋ᠠᠯᠵᠠᠬᠤ ᠬᠦᠮᠦᠨ ᠦᠭᠡᠢ ᠭᠡᠤᠭᠡᠳ᠎ᠲᠤ ᠦᠨᠦᠴᠢᠨ ᠭᠡᠤᠭᠡᠳ᠎ᠤᠨ ᠠ᠋ᠮᠨᠡᠯᠭᠡ ᠵᠢᠨ ᠳᠤᠰᠠᠯᠠᠮᠵᠢ ᠵᠢᠨ ᠠᠷᠭ᠎ᠠ ᠵᠢ ᠭᠡᠷᠡᠭᠵᠢᠬᠦᠯᠦᠨ᠂ ᠳᠦᠷᠦ ᠵᠢᠨ ᠪᠤᠳᠤᠯᠭ᠎ᠠ ᠵᠢᠨ ᠭᠡᠪᠴᠢᠶᠠᠨ᠎ᠳᠠᠬᠢ ᠦᠪᠡᠷ᠎ᠲᠡᠭᠡᠨ ᠬᠠᠷᠢᠭᠤᠴᠠᠬᠤ ᠭᠡᠰᠡᠭ᠎ᠢ᠎ᠨᠢ ᠳᠤᠰᠠᠯᠠᠮᠵᠢ᠎ᠪᠠᠷ ᠰᠢᠢ᠍ᠳᠪᠤᠷᠢᠯᠡᠵᠤ᠂ ᠬᠦᠴᠢᠷᠳᠡᠯ᠎ᠲᠠᠢ ᠭᠡᠷ ᠪᠦᠯᠢ ᠵᠢᠨ ᠭᠡᠤᠭᠡᠳ᠂ ᠡᠪᠡᠳᠴᠢᠨ ᠪᠤᠶᠤ ᠵᠡᠮᠳᠡᠭ᠎ᠠᠴᠠ ᠪᠤᠯᠤᠭ᠋ᠠᠳ ᠬᠦᠴᠢᠷᠳᠡᠯ᠎ᠳᠤ ᠳᠤᠯᠭ᠋ᠠᠷᠠᠭᠰᠠᠨ ᠭᠡᠤᠭᠡᠳ᠎ᠲᠤ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢᠨ ᠠ᠋ᠮᠨᠡᠯᠭᠡ ᠵᠢᠨ ᠳᠤᠰᠠᠯᠠᠮᠵᠢ ᠵᠢᠨ ᠠᠷᠭ᠎ᠠ ᠵᠢ ᠭᠡᠷᠡᠭᠵᠢᠬᠦᠯᠵᠤ ᠪᠠᠢ᠌ᠨ᠎ᠠ᠃
      ᠠᠵᠢᠯ᠎ᠤᠨ ᠠ᠋ᠷᠴᠢᠮ ᠵᠶ᠋ᠡᠨ ᠴᠢᠩᠭ᠋ᠠᠳᠬᠠᠪᠠ
      ᠣᠢ᠌ᠷ᠎ᠡ ᠵᠢᠨ ᠵᠢᠯ᠎ᠳᠤ ᠤᠯᠠᠭ᠋ᠠᠨᠴᠠᠪ ᠬᠤᠳᠠ ᠵᠢᠨ᠎ᠬᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠬᠤᠯᠪᠤᠭ᠋ᠠᠳᠤ ᠬᠤᠷᠠᠯᠳᠤᠭ᠋ᠠᠨ᠎ᠢ ᠳᠦᠷᠪᠡ ᠤᠳᠠᠭ᠎ᠠ ᠬᠢᠵᠤ᠂ ᠮᠠᠯᠵᠢᠬᠤ ᠳᠠᠷᠢᠶᠠᠯᠠᠬᠤ ᠤᠷᠤᠨ᠎ᠤ ᠭᠡᠷ᠎ᠲᠤ᠎ᠪᠠᠨ ᠦᠯᠡᠳᠡᠭᠰᠡᠨ ᠭᠡᠤᠭᠡᠳ᠎ᠢ ᠬᠠᠯᠠᠮᠵᠢᠯᠠᠨ ᠬᠠᠮᠠᠭ᠋ᠠᠯᠠᠬᠤ᠂ ᠬᠦᠴᠢᠷᠳᠡᠯ᠎ᠲᠠᠢ ᠭᠡᠤᠭᠡᠳ᠎ᠢ ᠳᠦᠷᠦᠯ ᠬᠤᠪᠢᠶᠠᠨ ᠪᠠᠳᠤᠯᠠᠬᠤ ᠵᠢ ᠳᠤᠰᠬᠠᠢ᠌ᠯᠠᠨ ᠶᠠᠷᠢᠯᠴᠠᠵᠠᠢ᠃ ᠤᠳᠤᠬᠠᠨ᠎ᠳᠤ᠂ ᠰᠤᠷᠭ᠋ᠠᠨ ᠬᠦᠮᠦᠵᠢᠯ᠂ ᠵᠠᠯᠠᠭᠤᠴᠤᠳ᠎ᠤᠨ ᠡᠪᠯᠡᠯ᠂ ᠠ᠋ᠮᠡᠭᠳᠡᠢ᠌ᠴᠤᠳ᠎ᠤᠨ ᠬᠤᠯᠪᠤᠭ᠎ᠠ᠂ ᠬᠠᠤᠯᠢ ᠴᠠᠭ᠋ᠠᠵᠠ ᠵᠡᠷᠭᠡ ᠰᠠᠯᠠᠭ᠎ᠠ ᠮᠦᠴᠢᠷ᠎ᠨᠢ ᠭᠠᠴᠠᠭ᠎ᠠ ᠳᠤᠰᠬᠤᠨ᠂ ᠨᠡᠢ᠌ᠭᠡᠮ ᠳᠤᠭᠤᠷᠢᠭ᠂ ᠪᠠᠢ᠌ᠷᠢ ᠵᠢᠨ ᠰᠤᠷᠤᠭᠴᠢ᠎ᠲᠠᠢ ᠰᠤᠷᠭ᠋ᠠᠭᠤᠯᠢ᠎ᠳᠤ 《ᠪᠠᠭ᠋ᠠᠴᠤᠳ᠎ᠤᠨ ᠭᠡᠷ ᠤᠷᠤᠨ》᠂ 《ᠤᠯᠠᠭ᠋ᠠᠨ ᠪᠦᠴᠡᠳᠡᠨ᠎ᠤ ᠬᠦᠰᠡᠯ᠎ᠤᠨ ᠤᠷᠤᠨ》᠂ 《ᠠ᠋ᠮᠡᠭᠳᠡᠢ᠌ᠴᠤᠳ ᠭᠡᠤᠭᠡᠳ᠎ᠤᠨ ᠭᠡᠷ ᠤᠷᠤᠨ》 ᠵᠡᠷᠭᠡ ᠨᠠᠰᠤᠨ᠎ᠳᠤ ᠦᠯᠦ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠭᠡᠨ᠎ᠤ ᠳᠠᠪᠴᠠᠩ 286 ᠪᠠᠢ᠌ᠭᠤᠯᠵᠤ᠂ ᠨᠡᠢ᠌ᠳᠡ 4527 ᠬᠦᠮᠦᠨ (ᠤᠳᠠᠭ᠎ᠠ)᠎ᠳᠤ ᠦᠢ᠍ᠯᠡᠴᠢᠯᠡᠭᠰᠡᠨ ᠪᠠᠢ᠌ᠨ᠎ᠠ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠬᠠᠢ᠌ᠷ᠎ᠡ ᠵᠢᠨ ᠰᠡᠳᠬᠢᠯᠳᠡᠨ᠂ ᠨᠡᠢ᠌ᠭᠡᠮ᠎ᠤᠨ ᠠᠵᠢᠯᠳᠠᠨ᠂ ᠰᠠᠢ᠌ᠨ ᠳᠤᠷᠠᠴᠤᠤᠯ᠎ᠤᠨ ᠢᠳᠡᠪᠬᠢᠵᠢᠯ᠎ᠢ ᠶᠡᠭᠡᠪᠡᠷ ᠪᠠᠳᠠᠷᠠᠭᠤᠯᠤᠨ᠂ ᠭᠡᠷ᠎ᠲᠤ᠎ᠪᠠᠨ ᠦᠯᠡᠳᠡᠭᠰᠡᠨ ᠭᠡᠤᠭᠡᠳ᠎ᠤᠨ ᠠᠮᠢᠳᠤᠷᠠᠯ᠎ᠢ ᠬᠠᠷᠠᠭ᠋ᠠᠯᠠᠵᠠᠵᠤ᠂ ᠬᠢᠨᠠᠨ ᠬᠠᠮᠢᠶᠠᠷᠴᠤ᠂ ᠦᠰᠦᠯᠳᠡ ᠵᠢᠨ ᠶᠠᠪᠤᠴᠠ᠎ᠳᠠᠬᠢ ᠬᠦᠴᠢᠷᠳᠡᠯ ᠪᠤᠯᠤᠨ ᠠᠰᠠᠭᠤᠳᠠᠯ᠎ᠢ ᠴᠢᠷᠮᠠᠢ᠌ᠨ ᠰᠢᠢ᠍ᠳᠪᠤᠷᠢᠯᠡᠵᠡᠢ᠃ 《ᠬᠠᠢ᠌ᠷ᠎ᠡ ᠵᠢᠨ ᠰᠡᠳᠬᠢᠯᠳᠤ ᠡᠵᠢ》᠂ 《ᠭᠡᠷ᠎ᠤᠨ ᠠᠬᠠᠮᠠᠳ᠎ᠤᠨ ᠳᠦᠯᠦᠭᠡᠯᠡᠭᠴᠢ》᠂ 《ᠬᠤᠯᠪᠤᠭ᠎ᠠ ᠪᠠᠢ᠌ᠭᠤᠯᠤᠨ ᠳᠡᠳᠬᠦᠬᠦ》᠂ 《ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ》 ᠵᠡᠷᠭᠡ ᠵᠢ 587 ᠣᠳᠠᠭ᠎ᠠ ᠦᠷᠨᠢᠬᠦᠯᠵᠤ᠂ 5513 ᠭᠡᠤᠭᠡᠳ᠎ᠲᠤ ᠠᠰᠢᠭ ᠬᠦᠷᠳᠡᠭᠡᠭᠰᠡᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠤᠯᠢ ᠴᠠᠭ᠋ᠠᠵᠠ ᠵᠢᠨ ᠮᠡᠳᠡᠯᠭᠡ ᠵᠢᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠴᠢᠭ᠎ᠤᠨ ᠵᠶ᠋ᠠᠨ ᠶᠠᠳᠠᠭᠤ ᠬᠦᠴᠢᠷᠳᠡᠯ᠎ᠲᠠᠢ ᠳᠤᠰᠬᠤᠨ᠎ᠤ ᠤᠯᠠᠨ ᠳᠦᠮᠡᠨ᠎ᠢ ᠳᠤᠬᠤᠨᠢᠭᠤᠯᠪᠠ
ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠴᠡᠢ
ᠮᠠᠨ᠎ᠤ ᠤᠷᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠳᠦᠷᠦᠬᠦᠯᠡᠨ ᠪᠡᠶᠡᠯᠡᠬᠦᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠤᠯᠵᠠᠢ
 
            