ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ 11 ᠳ᠋ᠤᠭᠡᠷ ᠰᠠᠷ᠎ᠠ ᠵᠢᠨ 15᠎ᠤ ᠠ᠋ᠳᠤᠷ ᠬᠠᠷᠠᠮᠦᠢ᠍ᠷᠡᠨ ᠮᠤᠵᠢ ᠵᠢᠨ ᠠ᠋ᠾᠸᠢ ᠠ᠋ᠾᠸ ᠬᠤᠳᠠ᠎ᠳᠤ ᠬᠤᠷᠠᠯᠳᠤᠪᠠ᠃ ᠬᠠᠷᠠᠮᠦᠢ᠍ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠳᠢᠩᠬᠢᠮ᠎ᠤᠨ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠳᠠ ᠪᠠ ᠭᠠᠵᠠᠷ᠎ᠤᠨ ᠨᠡᠷᠡᠰ᠎ᠤᠨ ᠭᠠᠵᠠᠷ᠎ᠤᠨ ᠳᠠᠷᠤᠭ᠎ᠠ ᠸᠠᠩ ᠶᠠᠨ ᠯᠢ ᠬᠤᠷᠠᠯ ᠠ᠋ᠷᠬᠢᠯᠡᠵᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠤᠭᠤᠷᠢᠨ ᠪᠠᠢ᠌ᠴᠠᠭ᠋ᠠᠭᠴᠢ ᠴᠡᠩᠭᠡᠯᠳᠤ᠂ ᠬᠠᠷᠠᠮᠦᠢ᠍ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠳᠢᠩᠬᠢᠮ᠎ᠤᠨ ᠳᠡᠳ᠋ ᠳᠠᠷᠤᠭ᠎ᠠ ᠸᠠᠩ ᠱ᠌ᠢ ᠴᠸᠩ ᠵᠢᠴᠢ ᠠ᠋ᠾᠸᠢ ᠠ᠋ᠾᠸ ᠬᠤᠳᠠ ᠵᠢᠨ ᠳᠡᠳ᠋ ᠳᠠᠷᠤᠭ᠎ᠠ ᠳ᠋ᠢᠩ ᠵᠤᠤ ᠯᠤ᠌ ᠬᠤᠷᠠᠯ᠎ᠳᠤ ᠤᠷᠤᠯᠴᠠᠨ᠂ ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠬᠦᠷᠰᠢ ᠵᠡᠷᠭᠡᠯᠡᠳᠡᠭᠡ 5 ᠠᠢ᠌ᠮᠠᠭ ᠬᠤᠳᠠ᠂ 17 ᠬᠤᠰᠢᠭᠤ ᠰᠢᠶᠠᠨ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠳᠠ ᠵᠢᠨ ᠠᠯᠪᠠᠨ ᠭᠡᠷ᠎ᠤᠨ ᠠ᠋ᠷᠬᠢᠯᠡᠭᠴᠢ ᠨᠡᠢ᠌ᠳᠡ 51 ᠬᠦᠮᠦᠨ ᠬᠤᠷᠠᠯ᠎ᠳᠤ ᠤᠷᠤᠯᠴᠠᠵᠠᠢ᠃
ᠬᠤᠷᠠᠯ ᠳᠡᠭᠡᠷ᠎ᠠ ᠠ᠋ᠾᠸᠢ ᠠ᠋ᠾᠸ ᠬᠤᠳᠠ ᠵᠢᠨ ᠳᠡᠳ᠋ ᠳᠠᠷᠤᠭ᠎ᠠ ᠳ᠋ᠢᠩ ᠵᠤᠤ ᠯᠤ᠌ ᠬᠠᠷᠠᠮᠦᠢ᠍ᠷᠡᠨ ᠮᠤᠵᠢ ᠵᠢᠨ ᠵᠠᠰᠠᠭ᠎ᠤᠨ ᠤᠷᠳᠤᠨᠢ ᠳᠦᠯᠦᠭᠡᠯᠡᠨ ᠦᠭᠡ ᠶᠠᠷᠢᠵᠤ᠂ ᠴᠡᠩᠭᠡᠯᠳᠤ ᠸᠠᠩ ᠱ᠌ᠢ ᠴᠸᠩ ᠳᠤᠰ ᠳᠤᠰ ᠳ᠋ᠦᠩᠨᠡᠯᠳᠡ ᠵᠢᠨ ᠶᠠᠷᠢᠶ᠎ᠠ ᠳᠠᠯᠪᠢᠨ᠂ ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠬᠦᠷᠰᠢ ᠵᠡᠷᠭᠡᠯᠡᠳᠡᠭᠡ ᠠᠢ᠌ᠮᠠᠭ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ ᠠ᠋ᠨᠡ ᠤᠳᠠᠭ᠋ᠠᠨ᠎ᠤ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠢ ᠳ᠋ᠦᠩᠨᠡᠨ ᠮᠡᠳᠡᠬᠦᠯᠪᠡ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠳᠠ ᠪᠠ ᠭᠠᠵᠠᠷ᠎ᠤᠨ ᠨᠡᠷᠡᠰ᠎ᠤᠨ ᠭᠠᠵᠠᠷ᠎ᠤᠨ ᠳᠡᠳ᠋ ᠳᠠᠷᠤᠭ᠎ᠠ ᠵᠠᠩ ᠲᠢᠶᠠᠨ ᠱᠦᠨ᠎ᠠᠴᠠ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠬᠢᠭᠡᠳ ᠬᠠᠷᠠᠮᠦᠢ᠍ᠷᠡᠨ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ᠎ᠤ ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠪᠠᠢ᠌ᠳᠠᠯ᠎ᠤᠨ ᠳᠤᠬᠠᠢ ᠮᠡᠳᠡᠬᠦᠯᠦᠯᠳᠡ (ᠤᠷᠤᠯᠠᠨ ᠨᠤᠤᠷᠠᠯᠠᠭᠰᠠᠨ)》 ᠵᠢ ᠤᠩᠰᠢᠨ ᠨᠡᠢ᠌ᠳᠡᠯᠡᠬᠦ ᠵᠢᠨ ᠬᠠᠮᠳᠤ ᠬᠤᠷᠠᠯ᠎ᠳᠤ ᠳᠡᠪᠰᠢᠬᠦᠯᠦᠨ ᠬᠢᠨᠠᠭᠤᠯᠪᠠ᠃
ᠬᠤᠷᠠᠯ᠎ᠤᠨ ᠳᠠᠷᠠᠭ᠎ᠠ᠂ ᠬᠤᠶᠠᠷ ᠮᠤᠵᠢ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠵᠠᠰᠠᠭ ᠵᠠᠬᠢᠷᠠᠭ᠋ᠠᠨ᠎ᠤ ᠤᠷᠤᠨ᠎ᠤ ᠬᠤᠪᠢᠶᠠᠷᠢᠯᠠᠯᠳᠠ ᠪᠠ ᠭᠠᠵᠠᠷ᠎ᠤᠨ ᠨᠡᠷᠡᠰ᠎ᠤᠨ ᠭᠠᠵᠠᠷ ᠵᠢᠴᠢ ᠦᠪᠦᠷ ᠮᠤᠩᠭᠤᠯ᠎ᠤᠨ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠬᠠᠷᠠᠮᠦᠢ᠍ᠷᠡᠨ ᠮᠤᠵᠢ ᠵᠢᠨ ᠴᠢᠴᠢᠬᠠᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠂ ᠵᠠᠯᠠᠢ᠌ᠳ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠤᠪᠴᠢᠶ᠎ᠠ᠂ ᠯᠦᠩ ᠵᠢᠶᠠᠩ ᠰᠢᠶᠠᠨ᠎ᠤ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠪᠢᠳᠠᠨ ᠬᠠᠷᠢᠭᠤᠴᠠᠵᠤ ᠪᠠᠢ᠌ᠭ᠎ᠠ ᠬᠠᠷᠢᠭᠤᠴᠠᠯᠭ᠋ᠠᠳᠠᠨ᠂ ᠵᠠᠰᠠᠭ ᠵᠠᠬᠢᠷᠭ᠋ᠠᠨ᠎ᠤ ᠤᠷᠤᠨ᠎ᠤ ᠬᠤᠪᠢᠶᠠᠷᠢᠯᠠᠯᠲᠠ ᠪᠠ ᠭᠠᠵᠠᠷ᠎ᠤᠨ ᠨᠡᠷᠡᠰ᠎ᠤᠨ ᠰᠠᠯᠠᠭ᠋ᠠᠨ᠎ᠤ ᠳᠠᠷᠤᠭ᠎ᠠ ᠵᠢᠴᠢ ᠵᠠᠭ᠋ᠠᠭ ᠱᠤᠭᠤᠮ᠎ᠤᠨ ᠬᠠᠮᠢᠶᠠᠷᠤᠯᠳᠠ ᠵᠢᠨ ᠠᠵᠢᠯᠳᠠᠨ ᠨᠠᠷ ᠯᠦᠩ ᠵᠢᠶᠠᠩ ᠰᠢᠶᠠᠨ ᠪᠤᠯᠤᠨ ᠵᠠᠯᠠᠢ᠌ᠳ ᠬᠤᠰᠢᠭᠤᠨ᠎ᠤ ᠬᠢᠯᠢ ᠵᠢᠨ ᠵᠠᠭ᠋ᠠᠭ᠎ᠤᠨ 17 ᠳ᠋ᠤᠭ᠋ᠠᠷ ᠬᠢᠯᠢ ᠵᠢᠨ ᠱᠤᠩ᠎ᠤᠨ ᠵᠢᠭᠤᠷᠠᠯᠳᠤᠭ᠋ᠠᠨ᠎ᠲᠠᠢ ᠠᠰᠠᠭᠤᠳᠠᠯ᠎ᠢ ᠶᠠᠷᠢᠯᠴᠠᠨ ᠵᠦᠪᠳᠡᠯᠴᠡᠵᠤ᠂ ᠬᠤᠷᠠᠯ᠎ᠤᠨ ᠳᠤᠪᠴᠢ ᠭᠠᠷᠭ᠋ᠠᠵᠠᠢ᠃

ᠬᠤᠷᠠᠯ᠎ᠳᠤ ᠰᠠᠭ᠋ᠠᠳᠠᠭᠰᠠᠨ ᠤᠳᠤᠷᠢᠳᠤᠯᠭ᠎ᠠ

ᠬᠤᠷᠠᠯ᠎ᠤᠨ ᠠᠬᠤᠢ ᠳᠠᠯᠠᠪᠠᠢ

ᠳᠦᠯᠦᠭᠡᠯᠡᠭᠴᠢᠳ ᠦᠭᠡ ᠶᠡᠷᠢᠵᠤ ᠪᠠᠢ᠌ᠭ᠎ᠠ᠎ᠨᠢ