ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠴᠡᠢ
ᠨᠡᠶᠢᠲᠡᠯᠡᠭᠰᠡᠨ ᠴᠠᠭ᠄ 2019-01-16

                 
    ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠦᠭᠰᠡᠨ ᠪᠡᠢ᠌ᠨ᠎ᠡ᠃
     — — ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ᠃ ᠪᠠᠳᠤᠯᠠᠪᠤᠷᠢ ᠵᠢᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 806 ᠳᠦᠬᠦᠷᠢᠭ ᠵᠶ᠋ᠡᠷ ᠪᠠᠷᠢᠮᠵᠢᠶᠠᠯᠠᠵᠤ᠂ 984 ᠠ᠋ᠷᠦᠭᠡ ᠵᠢᠨ 1573 ᠬᠦᠮᠦᠨ᠎ᠳᠤ ᠨᠡᠢ᠌ᠳᠡ 1138.4347 ᠳᠦᠮᠡᠨ ᠳᠦᠬᠦᠷᠢᠭ ᠦᠭᠬᠦᠨ᠂ ᠰᠠᠷ᠎ᠡ ᠪᠦᠷᠢ ᠬᠦᠮᠦᠨ ᠳᠤᠳᠤᠮ᠎ᠤᠨ ᠨᠦᠬᠦᠪᠤᠷᠢ ᠵᠢ 610 ᠳᠦᠬᠦᠷᠢᠭ ᠵᠶ᠋ᠡᠷ ᠪᠠᠷᠢᠮᠵᠢᠶᠠᠯᠠᠵᠤ (ᠠ᠋ᠬᠦᠨ᠎ᠳᠤ ᠪᠦᠬᠦᠯᠢ ᠨᠤᠷᠮ᠎ᠠ᠎ᠪᠠᠷ ᠨᠦᠬᠦᠪᠤᠷᠢ ᠤᠯᠭᠤᠬᠤ ᠤᠶᠤᠳᠠᠨ 1714 ᠬᠦᠮᠦᠨ ᠤᠳᠠᠭ᠎ᠠ᠎ᠳᠤ ᠨᠡᠢ᠌ᠳᠡ 138.411 ᠳᠦᠮᠡᠨ ᠳᠦᠬᠦᠷᠢᠭ) ᠦᠭᠴᠡᠢ᠃
     — — ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ᠃ ᠪᠠᠳᠤᠯᠠᠪᠤᠷᠢ ᠵᠢᠨ ᠪᠠᠷᠢᠮᠵᠢᠶ᠎ᠠ ᠵᠢ ᠵᠢᠯ ᠪᠦᠷᠢ ᠬᠦᠮᠦᠨ ᠳᠤᠳᠤᠮ 7480 ᠳᠦᠬᠦᠷᠢᠭ ᠵᠶ᠋ᠡᠷ ᠪᠠᠷᠢᠮᠵᠢᠶᠠᠯᠠᠵᠤ᠂ 279 ᠠ᠋ᠷᠦᠭᠡ ᠵᠢᠨ 479 ᠬᠦᠮᠦᠨ᠎ᠳᠤ ᠨᠡᠢ᠌ᠳᠡ 262.6989 ᠳᠦᠮᠡᠨ ᠳᠦᠬᠦᠷᠢᠭ ᠦᠭᠬᠦᠨ᠂ ᠰᠠᠷ᠎ᠡ ᠪᠦᠷᠢ ᠬᠦᠮᠦᠨ ᠳᠤᠳᠤᠮ᠎ᠤᠨ ᠨᠦᠬᠦᠪᠤᠷᠢ ᠵᠢ 463 ᠳᠦᠬᠦᠷᠢᠭ ᠵᠶ᠋ᠡᠷ ᠪᠠᠷᠢᠮᠵᠢᠶᠠᠯᠠᠵᠤ (ᠠ᠋ᠬᠦᠨ᠎ᠳᠤ ᠪᠦᠬᠦᠯᠢ ᠨᠤᠷᠮ᠎ᠠ᠎ᠪᠠᠷ ᠨᠦᠬᠦᠪᠤᠷᠢ ᠤᠯᠭᠤᠬᠤ ᠤᠶᠤᠳᠠᠨ 259 ᠬᠦᠮᠦᠨ ᠤᠳᠠᠭ᠎ᠠ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ 55 ᠠ᠋ᠷᠦᠭᠡ ᠵᠢᠨ 85 ᠬᠦᠮᠦᠨ ᠨᠡᠢ᠌ᠳᠡ 42.6898 ᠳᠦᠮᠡᠨ ᠳᠦᠬᠦᠷᠢᠭ) ᠦᠭᠴᠡᠢ᠃
     — — ᠬᠤᠳᠠ ᠬᠦᠳᠡᠭᠡ ᠵᠢᠨ ᠠ᠋ᠮᠨᠡᠯᠭᠡ ᠵᠢᠨ ᠳᠤᠰᠠᠯᠠᠮᠵᠢ᠃ ᠨᠡᠢ᠌ᠳᠡ 2931 ᠬᠦᠮᠦᠨ ᠤᠳᠠᠭ᠎ᠠ ᠵᠢ 397.2667 ᠳᠦᠮᠡᠨ ᠳᠦᠬᠦᠷᠢᠭ ᠵᠶ᠋ᠡᠷ (ᠠ᠋ᠬᠦᠨ᠎ᠳᠤ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ 179 ᠬᠦᠮᠦᠨ ᠤᠳᠠᠭ᠎ᠠ ᠵᠢ 36.6176 ᠳᠦᠮᠡᠨ ᠳᠦᠬᠦᠷᠢᠭ᠂ ᠤᠨᠴᠠ ᠶᠡᠭᠡ ᠬᠦᠨᠳᠤ ᠡᠪᠡᠳᠴᠢᠨ᠎ᠲᠠᠢ 167 ᠬᠦᠮᠦᠨ ᠤᠳᠠᠭ᠎ᠠ ᠵᠢ 144.6935 ᠳᠦᠮᠡᠨ ᠳᠦᠬᠦᠷᠢᠭ) ᠳᠤᠰᠠᠯᠠᠭᠰᠠᠨ ᠪᠠᠢ᠌ᠨ᠎ᠠ᠃
     — — ᠳᠦᠷ ᠴᠠᠭ᠎ᠤᠨ ᠳᠤᠰᠠᠯᠠᠮᠵᠢ᠃ ᠠ᠋ᠷᠦᠭᠡ ᠳᠤᠳᠤᠮ᠎ᠤᠨ ᠪᠠᠷᠢᠮᠵᠢᠶ᠎ᠠ ᠵᠢ 2302 ᠳᠦᠬᠦᠷᠢᠭ ᠵᠶ᠋ᠡᠷ ᠪᠠᠷᠢᠮᠵᠢᠶᠠᠯᠠᠵᠤ᠂ ᠨᠡᠢ᠌ᠳᠡ 742 ᠠ᠋ᠷᠦᠭᠡ ᠵᠢᠨ 1838 ᠬᠦᠮᠦᠨ᠎ᠢ 170.78 ᠳᠦᠮᠡᠨ ᠳᠦᠬᠦᠷᠢᠭ ᠵᠶ᠋ᠡᠷ ᠳᠤᠰᠠᠯᠠᠵᠠᠢ᠃
     — — ᠰᠤᠷᠡᠭ᠋ᠠᠨ ᠬᠦᠮᠦᠵᠢᠯ᠎ᠤᠨ ᠳᠤᠰᠠᠯᠠᠮᠵᠢ᠃ ᠰᠤᠷᠬᠤ ᠨᠠᠰᠤᠨ᠎ᠠᠴᠠ ᠠ᠋ᠮᠤᠨᠡᠬᠢ ᠭᠡᠤᠭᠡᠳ᠎ᠲᠤ ᠰᠠᠷ᠎ᠠ ᠪᠦᠷᠢ ᠬᠦᠮᠦᠨ ᠳᠤᠳᠤᠮ 40 ᠳᠦᠬᠦᠷᠢᠭ᠂ ᠶᠢᠰᠤᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠬᠤᠭᠤᠴᠠᠭ᠋ᠠᠨ᠎ᠤ ᠰᠤᠷᠤᠭᠴᠢᠳ᠎ᠲᠤ ᠰᠠᠷ᠎ᠠ ᠪᠦᠷᠢ ᠬᠦᠮᠦᠨ ᠳᠤᠳᠤᠮ 40 ᠳᠦᠬᠦᠷᠢᠭ᠂ ᠦᠨᠳᠦᠷ ᠳᠤᠮᠳᠠᠳᠤ ᠵᠢᠨ ᠰᠤᠷᠤᠭᠴᠢᠳ᠎ᠲᠤ ᠰᠠᠷ᠎ᠠ ᠪᠦᠷᠢ ᠬᠦᠮᠦᠨ ᠳᠤᠳᠤᠮ 60 ᠳᠦᠬᠦᠷᠢᠭ ᠵᠶ᠋ᠡᠷ ᠪᠠᠷᠢᠮᠵᠢᠶᠠᠯᠠᠵᠤ᠂ ᠨᠡᠢ᠌ᠳᠡ 3815 ᠬᠦᠮᠦᠨ (ᠤᠳᠠᠭ᠎ᠠ)᠎ᠢ 17.048 ᠳᠦᠮᠡᠨ ᠳᠦᠬᠦᠷᠢᠭ ᠵᠶ᠋ᠡᠷ ᠳᠤᠰᠠᠯᠠᠪᠠ᠃
     — — ᠤᠨᠴᠠ ᠬᠦᠴᠢᠷᠳᠡᠯ᠎ᠲᠠᠢ ᠬᠦᠮᠦᠨ᠎ᠢ ᠳᠤᠰᠠᠯᠠᠬᠤ᠃ ᠠᠮᠢᠳᠤᠷᠠᠯ ᠵᠶ᠋ᠡᠨ ᠠᠷᠭ᠋ᠠᠴᠠᠬᠤ ᠴᠢᠳᠠᠪᠤᠷᠢ᠎ᠪᠠᠨ ᠪᠦᠷᠢᠮᠦᠰᠤᠨ ᠠᠯᠳᠠᠭᠰᠠᠨ ᠬᠦᠮᠤᠰ᠎ᠢ ᠠᠰᠠᠷᠠᠨ ᠰᠤᠪᠢᠯᠠᠬᠤ ᠨᠦᠬᠦᠪᠤᠷᠢ ᠵᠢ ᠰᠠᠷ᠎ᠠ ᠪᠦᠷᠢ ᠬᠦᠮᠦᠨ ᠳᠤᠳᠤᠮ 1105 ᠳᠦᠬᠦᠷᠢᠭ᠂ ᠠᠮᠢᠳᠤᠷᠠᠯ ᠵᠶ᠋ᠡᠨ ᠠᠷᠭ᠋ᠠᠴᠠᠬᠤ ᠴᠢᠳᠠᠪᠤᠷᠢ᠎ᠨᠢ ᠮᠠᠭᠤᠳᠠᠭᠰᠠᠨ ᠬᠦᠮᠤᠰ᠎ᠢ ᠠᠰᠠᠷᠠᠨ ᠰᠤᠪᠢᠯᠠᠬᠤ ᠨᠦᠬᠦᠪᠤᠷᠢ ᠵᠢ ᠰᠠᠷ᠎ᠠ ᠪᠦᠷᠢ ᠬᠦᠮᠦᠨ ᠳᠤᠳᠤᠮ 425 ᠳᠦᠬᠦᠷᠢᠭ ᠵᠶ᠋ᠡᠷ ᠪᠠᠷᠢᠮᠵᠢᠶᠠᠯᠠᠵᠤ᠂ ᠪᠦᠬᠦ ᠵᠢᠯ᠎ᠳᠤ ᠨᠡᠢ᠌ᠳᠡ 327.6001 ᠳᠦᠮᠡᠨ ᠳᠦᠬᠦᠷᠢᠭ ᠦᠭᠴᠤ ᠳᠤᠰᠠᠯᠠᠪᠠ᠃ 2018 ᠤᠨ᠎ᠤ ᠡᠴᠤᠰ ᠪᠤᠯᠳᠠᠯ᠎ᠠ ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠤᠰ᠎ᠤᠨ ᠠᠰᠠᠷᠠᠨ ᠬᠠᠷᠠᠭ᠋ᠠᠯᠵᠠᠬᠤ ᠮᠦᠩᠭᠦ ᠵᠢ ᠵᠢᠯ ᠪᠦᠷᠢ ᠬᠦᠮᠦᠨ ᠳᠤᠳᠤᠮ 14000 ᠳᠦᠬᠦᠷᠢᠭ ᠵᠶ᠋ᠡᠷ ᠪᠠᠷᠢᠮᠵᠢᠶᠠᠯᠠᠵᠤ᠂ ᠨᠡᠢ᠌ᠳᠡ 55 ᠬᠦᠮᠦᠨ᠎ᠢ ᠤᠨᠴᠠ ᠬᠦᠴᠢᠷᠳᠡᠯ᠎ᠲᠠᠢ ᠬᠦᠮᠦᠨ᠎ᠤ ᠭᠡᠪᠴᠢᠶᠠᠨ᠎ᠳᠤ ᠤᠷᠤᠭᠤᠯᠤᠨ᠂ ᠠᠮᠢᠳᠤᠷᠠᠯ᠎ᠤᠨ ᠵᠤᠭᠤᠰ 73.0511 ᠳᠦᠮᠡᠨ ᠳᠦᠬᠦᠷᠢᠭ᠂ ᠠᠰᠠᠷᠠᠨ ᠰᠤᠪᠢᠯᠠᠬᠤ ᠨᠦᠬᠦᠪᠤᠷᠢ 32.8984 ᠳᠦᠮᠡᠨ ᠳᠦᠬᠦᠷᠢᠭ ᠦᠭᠴᠤ᠂ ᠬᠤᠳᠠ ᠪᠠᠯᠭ᠋ᠠᠰᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠮᠦᠩᠭᠦ ᠵᠢ ᠰᠠᠷ᠎ᠠ ᠪᠦᠷᠢ ᠬᠦᠮᠦᠨ ᠳᠤᠳᠤᠮ 1814 ᠳᠦᠬᠦᠷᠢᠭ ᠵᠶ᠋ᠡᠷ ᠪᠠᠷᠢᠮᠵᠢᠶᠠᠯᠠᠵᠤ᠂ ᠨᠡᠢ᠌ᠳᠡ 72 ᠬᠦᠮᠦᠨ᠎ᠢ ᠤᠨᠴᠠ ᠬᠦᠴᠢᠷᠳᠡᠯ᠎ᠲᠠᠢ ᠬᠦᠮᠦᠨ᠎ᠤ ᠭᠡᠪᠴᠢᠶᠠᠨ᠎ᠳᠤ ᠤᠷᠤᠭᠤᠯᠤᠨ᠂ ᠠᠮᠢᠳᠤᠷᠠᠯ᠎ᠤᠨ ᠵᠤᠭᠤᠰ 150.4143 ᠳᠦᠮᠡᠨ ᠳᠦᠬᠦᠷᠢᠭ᠂ ᠠᠰᠠᠷᠠᠨ ᠰᠤᠪᠢᠯᠠᠬᠤ ᠨᠦᠬᠦᠪᠤᠷᠢ 46.2496 ᠳᠦᠮᠡᠨ ᠳᠦᠬᠦᠷᠢᠭ᠂ ᠪᠤᠰᠤᠳ ᠨᠦᠬᠦᠪᠤᠷᠢ 24.9867 ᠳᠦᠮᠡᠨ ᠳᠦᠬᠦᠷᠢᠭ ᠦᠭᠴᠤ ᠨᠠᠢ᠌ᠳᠠᠪᠤᠷᠢᠵᠢᠭᠤᠯᠵᠠᠢ᠃
      ᠠ᠋ᠬᠦᠨ᠎ᠠᠴᠠ ᠭᠠᠳᠠᠨ᠎ᠠ ᠳᠤᠯᠠᠭ᠋ᠠᠴᠠᠯ᠎ᠤᠨ ᠨᠦᠬᠦᠪᠤᠷᠢ 97.26 ᠳᠦᠮᠡᠨ ᠳᠦᠬᠦᠷᠢᠭ᠂ ᠨᠢᠭᠡ ᠤᠳᠠᠭ᠋ᠠᠨ᠎ᠤ ᠠᠮᠢᠳᠤᠷᠠᠯ᠎ᠤᠨ ᠨᠦᠬᠦᠪᠤᠷᠢ 437.15 ᠳᠦᠮᠡᠨ ᠳᠦᠬᠦᠷᠢᠭ ᠦᠭᠬᠦᠭᠰᠡᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠳᠦᠷᠦᠬᠦᠯᠡᠨ ᠪᠡᠶᠡᠯᠡᠬᠦᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠤᠯᠵᠠᠢ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠳᠢᠩᠬᠢᠮ᠎ᠤᠨ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠬᠦᠷᠢᠶᠡᠨ᠎ᠤ ᠰᠢᠨᠡᠴᠢᠯᠡᠯᠲᠡ ᠵᠢᠨ ᠠᠵᠢᠯᠯᠠᠭ᠎ᠠ ᠵᠢᠨ ᠪᠠᠢ᠌ᠳᠠᠯ᠎ᠤᠨ ᠳᠤᠬᠠᠢ ᠵᠠᠷᠯᠠᠯ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠤᠳᠠ ᠪᠠᠯᠭ᠋ᠠᠰᠤᠨ᠎ᠤ ᠨᠡᠢ᠌ᠭᠡᠮ ᠳᠤᠭᠤᠷᠢᠭ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠠᠷᠠᠳ᠎ᠤᠨ ᠶᠠᠪᠤᠳᠠᠯ᠎ᠤᠨ ᠳᠢᠩᠬᠢᠮ ᠬᠦᠬᠡᠬᠤᠳᠠ ᠵᠢᠨ ᠳᠡᠷᠭᠡᠨ ᠦᠷᠳᠡᠭᠡᠨ᠎ᠤ ᠵᠡᠬᠦᠨ ᠵᠠᠮ᠎ᠤᠨ ᠨᠡᠢ᠌ᠭᠡᠮ ᠳᠤᠭᠤᠷᠢᠭ᠎ᠤᠨ ᠨᠠᠮ᠎ᠤᠨ ᠬᠤᠷᠢᠶ᠎ᠠ᠎ᠲᠠᠢ ᠬᠠᠮᠳᠤᠷᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠬᠠᠢ᠌ᠷ᠎ᠡ ᠬᠠᠯᠠᠮᠵᠢ ᠬᠦᠷᠭᠡᠬᠦ》 ᠭᠤᠤᠯ ᠰᠡᠳᠤᠪᠳᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠬᠦᠯᠵᠡᠢ
ᠤᠯᠠᠭ᠋ᠠᠨᠴᠠᠪ ᠬᠤᠳᠠ ᠵᠢᠨ ᠤᠳᠤᠷᠢᠳᠤᠯᠭ᠎ᠠ ᠭᠡᠤᠭᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠦᠨᠦᠴᠢᠨ ᠵᠡᠮᠳᠡᠭ ᠭᠡᠤᠭᠡᠳ᠎ᠢ ᠠ᠋ᠷᠬᠢᠨ ᠦᠵᠡᠵᠤ ᠪᠤᠯᠭᠤᠭ᠋ᠠᠪᠠ
 
            