ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠴᠢᠭ᠎ᠤᠨ ᠵᠶ᠋ᠠᠨ ᠶᠠᠳᠠᠭᠤ ᠬᠦᠴᠢᠷᠳᠡᠯ᠎ᠲᠠᠢ ᠳᠤᠰᠬᠤᠨ᠎ᠤ ᠤᠯᠠᠨ ᠳᠦᠮᠡᠨ᠎ᠢ ᠳᠤᠬᠤᠨᠢᠭᠤᠯᠪᠠ
ᠨᠡᠶᠢᠲᠡᠯᠡᠭᠰᠡᠨ ᠴᠠᠭ᠄ 2019-01-15

             
      ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠨᠢᠭᠡᠳᠤᠯᠳᠠᠢ ᠪᠠᠢ᠌ᠷᠢᠯᠠᠭᠤᠯᠤᠯᠳᠠ᠎ᠪᠠᠷ ᠠᠷᠤᠨ ᠬᠤᠰᠢᠭᠤᠨ᠎ᠤ ᠶᠠ ᠳ᠋ᠦᠩ ᠪᠠᠯᠭ᠋ᠠᠰᠤ ᠵᠢ ᠬᠠᠪᠰᠤᠷᠤᠨ ᠳᠡᠳᠬᠦᠵᠤ᠂ ᠡᠯ᠎ᠡ ᠵᠦᠢ᠍ᠯ᠎ᠤᠨ ᠶᠠᠳᠠᠭᠤ ᠵᠢ ᠳᠡᠳᠬᠦᠬᠦ ᠳᠦᠷᠦ ᠵᠢᠨ ᠪᠤᠳᠤᠯᠭ᠎ᠠ ᠵᠢ ᠭᠡᠷᠡᠭᠵᠢᠬᠦᠯᠦᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠦᠷᠨᠢᠬᠦᠯᠦᠭᠰᠡᠭᠡᠷ ᠢᠷᠡᠵᠡᠢ᠃ 2018 ᠤᠨ᠎ᠳᠤ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠪᠤᠳᠠᠳᠠᠢ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠶᠠ ᠳ᠋ᠦᠩ ᠪᠠᠯᠭ᠋ᠠᠰᠤ ᠵᠢᠨ ᠬᠦᠴᠢᠷᠳᠡᠯ᠎ᠲᠠᠢ ᠤᠯᠠᠨ ᠳᠦᠮᠡᠨ᠎ᠳᠤ ᠠ᠋ᠮᠨᠡᠯᠭᠡ ᠵᠢᠨ ᠳᠤᠰᠠᠯᠠᠮᠵᠢ ᠬᠢᠬᠦ᠂ ᠳᠦᠷ ᠴᠠᠭ᠎ᠤᠨ ᠳᠤᠰᠠᠯᠠᠮᠵᠢ ᠬᠢᠬᠦ᠂ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢ ᠨᠠᠢ᠌ᠳᠠᠪᠤᠷᠢᠵᠢᠭᠤᠯᠬᠤ ᠵᠡᠷᠭᠡ ᠠᠵᠢᠯ᠎ᠢ ᠴᠢᠩᠭ᠋ᠠᠳᠬᠠᠵᠤ᠂ 1450 ᠳᠦᠮᠡᠨ ᠳᠦᠬᠦᠷᠢᠭ ᠵᠶ᠋ᠡᠷ ᠳᠡᠳᠬᠦᠨ ᠳᠡᠮᠵᠢᠵᠡᠢ᠃ ᠠ᠋ᠬᠦᠨ᠎ᠤ ᠵᠡᠷᠭᠡ᠎ᠪᠠᠷ ᠦᠪᠡᠷᠳᠡᠭᠡᠨ ᠪᠡᠯᠡ ᠬᠤᠷᠠᠮᠳᠤᠭᠤᠯᠬᠤ ᠪᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠳᠠᠢ᠌ᠴᠢᠯᠠᠬᠤ ᠠᠷᠭ᠎ᠠ᠎ᠪᠠᠷ 80 ᠳᠦᠮᠡᠨ ᠳᠦᠬᠦᠷᠢᠭ᠎ᠤᠨ ᠵᠤᠭᠤᠰ ᠮᠦᠩᠬᠦ ᠪᠤᠶᠤ ᠠ᠋ᠳ᠋ ᠪᠤᠳᠠᠰ ᠴᠤᠭᠯᠠᠭᠤᠯᠤᠨ᠂ ᠬᠠᠷ᠎ᠡ ᠳᠡᠯᠳᠡᠤ ᠪᠤᠢ᠌ᠵᠢᠭᠤᠯᠬᠤ᠂ ᠭᠠᠯᠠᠭᠤ ᠳᠡᠵᠢᠭᠡᠬᠦ᠂ ᠳᠠᠷᠢᠶᠠᠯᠠᠩ᠎ᠤᠨ ᠮᠠᠰᠢᠨ ᠪᠠᠭ᠋ᠠᠵᠢ ᠵᠢ ᠪᠦᠷᠢᠳᠦᠬᠦᠯᠬᠦ᠂ ᠶᠠᠳᠠᠭᠤ ᠬᠦᠴᠢᠷᠳᠡᠯ᠎ᠲᠠᠢ ᠰᠤᠷᠤᠭᠴᠢ ᠵᠢ ᠳᠡᠳᠬᠦᠬᠦ ᠵᠡᠷᠭᠡ ᠵᠢ ᠠ᠋ᠷᠴᠢᠮᠵᠢᠬᠦᠯᠵᠤ᠂ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠶᠠᠳᠠᠭᠤ᠎ᠠᠴᠠ ᠠᠩᠬᠢᠵᠢᠷᠠᠬᠤ᠎ᠳᠤ ᠰᠠᠭᠤᠷᠢ ᠳᠠᠯᠪᠢᠵᠠᠢ᠃
     2019 ᠤᠨ᠎ᠤ ᠴᠠᠭ᠋ᠠᠨ ᠰᠠᠷ᠎ᠠ ᠬᠦᠷᠴᠤ ᠢᠷᠡᠬᠦ᠎ᠠᠴᠠ ᠠ᠋ᠮᠤᠨ᠎ᠡ᠂ ᠬᠦᠯᠦᠨ ᠪᠤᠢ᠌ᠷ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠳᠡᠳᠬᠦᠨ ᠳᠡᠮᠵᠢᠵᠤ ᠪᠠᠢ᠌ᠭ᠎ᠠ ᠶᠠ ᠳ᠋ᠦᠩ ᠪᠠᠯᠭ᠋ᠠᠰᠤᠨ᠎ᠤ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠢ ᠳᠤᠬᠤᠨᠢᠭᠤᠯᠵᠤ᠂ ᠳᠤᠬᠤᠨᠢᠭᠤᠯᠤᠯ᠎ᠤᠨ ᠪᠤᠳᠠᠰ ᠬᠦᠷᠭᠡᠵᠤ ᠦᠭᠬᠦᠨ᠂ ᠨᠠᠮ ᠵᠠᠰᠠᠭ᠎ᠤᠨ ᠬᠠᠢ᠌ᠷ᠎ᠡ ᠬᠠᠯᠠᠮᠵᠢ ᠵᠢ ᠶᠠᠳᠠᠭᠤ ᠬᠦᠴᠢᠷᠳᠡᠯ ᠤᠯᠠᠨ ᠳᠦᠮᠡᠨ᠎ᠳᠤ ᠬᠦᠷᠭᠡᠵᠡᠢ᠃ ᠳᠡᠳᠡ ᠪᠠᠰᠠ ᠶᠠ ᠳ᠋ᠦᠩ ᠪᠠᠯᠭ᠋ᠠᠰᠤᠨ᠎ᠤ ᠶᠠ ᠳ᠋ᠦᠩ ᠳᠤᠰᠬᠤᠨ᠎ᠤ ᠬᠠᠷᠢᠯᠴᠠᠨ ᠬᠠᠪᠰᠤᠷᠤᠯᠴᠠᠬᠤ ᠦᠯᠵᠡᠢ᠌ᠳᠤ ᠬᠦᠷᠢᠶᠡᠯᠡᠩ᠎ᠳᠤ ᠬᠦᠷᠴᠤ᠂ ᠳᠡᠨᠳᠡ ᠰᠠᠭᠤᠭ᠎ᠠ ᠨᠠᠰᠤᠳᠠᠢ᠌ᠴᠤᠳ᠎ᠳᠤ ᠳᠤᠬᠤᠨᠢᠭᠤᠯᠤᠯ᠎ᠤᠨ ᠵᠤᠭᠤᠰ ᠮᠦᠩᠬᠦ ᠦᠭᠴᠡᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ 2018 ᠤᠨ᠎ᠤ ᠡᠯ᠎ᠡ ᠵᠦᠢ᠍ᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠦᠩᠭᠦ 2848.2384 ᠳᠦᠮᠡᠨ ᠳᠦᠬᠦᠷᠢᠭ᠎ᠲᠤ ᠬᠦᠷᠴᠡᠢ
ᠮᠠᠨ᠎ᠤ ᠤᠷᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠳᠦᠷᠦᠬᠦᠯᠡᠨ ᠪᠡᠶᠡᠯᠡᠬᠦᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠰᠢᠶᠠᠯ᠎ᠢ ᠤᠯᠵᠠᠢ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠳᠢᠩᠬᠢᠮ᠎ᠤᠨ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠬᠦᠷᠢᠶᠡᠨ᠎ᠤ ᠰᠢᠨᠡᠴᠢᠯᠡᠯᠲᠡ ᠵᠢᠨ ᠠᠵᠢᠯᠯᠠᠭ᠎ᠠ ᠵᠢᠨ ᠪᠠᠢ᠌ᠳᠠᠯ᠎ᠤᠨ ᠳᠤᠬᠠᠢ ᠵᠠᠷᠯᠠᠯ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠤᠳᠠ ᠪᠠᠯᠭ᠋ᠠᠰᠤᠨ᠎ᠤ ᠨᠡᠢ᠌ᠭᠡᠮ ᠳᠤᠭᠤᠷᠢᠭ᠎ᠤᠨ ᠠᠵᠢᠯᠳᠠᠨ᠎ᠤ ᠳᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠠᠷᠠᠳ᠎ᠤᠨ ᠶᠠᠪᠤᠳᠠᠯ᠎ᠤᠨ ᠳᠢᠩᠬᠢᠮ ᠬᠦᠬᠡᠬᠤᠳᠠ ᠵᠢᠨ ᠳᠡᠷᠭᠡᠨ ᠦᠷᠳᠡᠭᠡᠨ᠎ᠤ ᠵᠡᠬᠦᠨ ᠵᠠᠮ᠎ᠤᠨ ᠨᠡᠢ᠌ᠭᠡᠮ ᠳᠤᠭᠤᠷᠢᠭ᠎ᠤᠨ ᠨᠠᠮ᠎ᠤᠨ ᠬᠤᠷᠢᠶ᠎ᠠ᠎ᠲᠠᠢ ᠬᠠᠮᠳᠤᠷᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ 《ᠬᠠᠢ᠌ᠷ᠎ᠡ ᠬᠠᠯᠠᠮᠵᠢ ᠬᠦᠷᠭᠡᠬᠦ》 ᠭᠤᠤᠯ ᠰᠡᠳᠤᠪᠳᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠬᠦᠯᠵᠡᠢ
 
            