ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠢᠩᠭ᠋ᠠᠨ ᠠᠢ᠌ᠮᠠᠭ ᠠ᠋ᠷᠡᠭᠦᠯᠵᠢᠯ᠎ᠤᠨ ᠲᠣᠭᠣᠷᠢᠨ ᠵᠤᠭ᠋ᠠᠴᠠᠬᠤ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠬᠦ ᠶᠡᠷᠢᠶᠡᠨ᠎ᠤ ᠳᠠᠪᠴᠠᠩ ᠠ᠋ᠷᠬᠢᠯᠡᠪᠡ
ᠨᠡᠶᠢᠲᠡᠯᠡᠭᠰᠡᠨ ᠴᠠᠭ᠄ 2019-01-04

             
     12 ᠳ᠋ᠤᠭ᠋ᠠᠷ ᠰᠠᠷ᠎ᠠ ᠵᠢᠨ 23᠎ᠤ ᠠ᠋ᠳᠤᠷ᠂ ᠬᠢᠩᠭ᠋ᠠᠨ ᠠᠢ᠌ᠮᠠᠭ᠎ᠤᠨ᠎ᠬᠢᠨ ᠠ᠋ᠷᠡᠭᠦᠯᠵᠢᠯ᠎ᠤᠨ ᠲᠣᠭᠣᠷᠢᠨ ᠵᠤᠭ᠋ᠠᠴᠠᠬᠤ ᠨᠠᠰᠤᠲᠠᠳ᠎ᠢ ᠠᠰᠠᠷᠠᠬᠤ ᠠᠵᠤ ᠦᠢ᠍ᠯᠡᠰ᠎ᠢ ᠬᠦᠭᠵᠢᠬᠦᠯᠬᠦ ᠶᠡᠷᠢᠶᠡᠨ᠎ᠤ ᠳᠠᠪᠴᠠᠩ ᠠ᠋ᠷᠬᠢᠯᠡᠪᠡ᠃
      ᠠ᠋ᠨᠡ ᠤᠳᠠᠭ᠋ᠠᠨ᠎ᠤ ᠶᠠᠷᠢᠶᠠᠨ᠎ᠤ ᠳᠠᠪᠴᠠᠩ᠎ᠢ ᠳᠤᠮᠳᠠᠳᠤ ᠤᠯᠤᠰ᠎ᠤᠨ ᠨᠡᠢ᠌ᠭᠡᠮ᠎ᠤᠨ ᠠᠰᠠᠷᠠᠮᠵᠢ ᠬᠢᠭᠡᠳ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠨᠡᠢ᠌ᠭᠡᠮᠯᠢᠭ᠎ᠠᠴᠠ ᠵᠢᠯᠤᠭᠤᠳᠤᠨ᠂ ᠦᠪᠦᠷ ᠮᠤᠩᠭᠤᠯ᠎ᠤᠨ ᠠ᠋ᠷᠡᠭᠦᠯᠵᠢᠯ ᠵᠶ᠋ᠡᠷ ᠵᠤᠭ᠋ᠠᠴᠠᠭᠤᠯᠬᠤ ᠨᠠᠰᠤᠲᠠᠳ᠎ᠢ ᠠᠰᠠᠷᠠᠬᠤ ᠠᠵᠤ ᠦᠢ᠍ᠯᠡᠰ᠎ᠤᠨ ᠬᠤᠯᠪᠤᠭ᠋ᠠᠳᠤ ᠬᠤᠷᠠᠯ ᠪᠤᠯᠤᠨ ᠬᠢᠩᠭ᠋ᠠᠨ ᠠᠢ᠌ᠮᠠᠭ᠎ᠤᠨ ᠵᠠᠬᠢᠷᠭ᠎ᠠ ᠭᠤᠤᠯᠯᠠᠨ ᠠ᠋ᠷᠬᠢᠯᠡᠵᠤ᠂ ᠷᠠᠰᠢᠶᠠᠨ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ ᠪᠤᠯᠤᠨ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠳᠠᠭ᠋ᠠᠭ᠋ᠠᠴᠢᠯᠠᠨ ᠠ᠋ᠷᠬᠢᠯᠡᠵᠡᠢ᠃ ᠶᠠᠷᠢᠶᠠᠨ᠎ᠤ ᠳᠠᠪᠴᠠᠩ᠎ᠳᠤ ᠤᠯᠤᠰ᠎ᠤᠨ ᠳᠤᠳᠤᠭ᠋ᠠᠳᠤ ᠵᠢᠨ ᠠ᠋ᠷᠳᠡᠮᠳᠡᠨ ᠮᠡᠷᠭᠡᠵᠢᠯᠳᠡᠨ᠂ ᠳᠤᠬᠠᠢ ᠵᠢᠨ ᠭᠠᠵᠠᠷ᠎ᠤᠨ ᠠᠵᠤ ᠠᠬᠤᠢ᠌ᠯᠠᠯᠳᠠᠨ᠎ᠢ ᠤᠷᠢᠨ ᠤᠷᠤᠯᠴᠠᠭᠤᠯᠵᠤ᠂ ᠨᠠᠰᠤᠲᠠᠳ᠎ᠢ ᠵᠤᠭ᠋ᠠᠴᠠᠨ ᠳᠤᠭᠤᠷᠢᠭᠤᠯᠵᠤ ᠠᠰᠠᠷᠠᠬᠤ ᠦᠢ᠍ᠯᠡᠰ᠎ᠤᠨ ᠬᠦᠭᠵᠢᠯᠳᠡ ᠵᠢᠨ ᠢᠷᠡᠭᠡᠳᠦᠢ ᠵᠢᠨ ᠳᠤᠬᠠᠢ ᠳᠠᠢ᠌ᠯᠤᠮᠵᠢ ᠬᠢᠵᠤ᠂ ᠠᠷᠭ᠎ᠠ ᠵᠠᠮ᠎ᠢ ᠰᠦᠪᠡᠭᠴᠢᠯᠠᠵᠠᠢ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠬᠦᠯᠦᠨ ᠪᠤᠢ᠌ᠷ ᠬᠤᠳᠠ᠂ ᠳᠦᠩᠯᠢᠶᠤᠤ ᠬᠤᠳᠠ᠂ ᠤᠯᠠᠭ᠋ᠠᠨᠬᠠᠳᠠ ᠬᠤᠳᠠ᠂ ᠰᠢᠯᠢ ᠵᠢᠨ ᠭᠤᠤᠯ ᠠᠢ᠌ᠮᠠᠭ᠂ ᠤᠷᠳᠤᠰ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ᠂ ᠬᠢᠩᠭ᠋ᠠᠨ ᠠᠢ᠌ᠮᠠᠭ᠎ᠤᠨ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ᠂ ᠨᠢᠭᠡ ᠪᠦᠯᠦᠭ ᠨᠡᠢ᠌ᠭᠡᠮ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠷᠢᠭᠤᠴᠠᠯᠭ᠋ᠠᠳᠠᠨ ᠶᠠᠷᠢᠶᠠᠨ᠎ᠤ ᠳᠠᠪᠴᠠᠩ᠎ᠳᠤ ᠤᠷᠤᠯᠴᠠᠵᠠᠢ᠃
      ᠶᠠᠷᠢᠶᠠᠨ᠎ᠤ ᠳᠠᠪᠴᠠᠩ᠎ᠤᠨ ᠬᠤᠭᠤᠴᠠᠭ᠋ᠠᠨ᠎ᠳᠤ᠂ ᠳᠤᠮᠳᠠᠳᠤ ᠤᠯᠤᠰ᠎ᠤᠨ ᠨᠡᠢ᠌ᠭᠡᠮ᠎ᠤᠨ ᠠᠰᠠᠷᠠᠮᠵᠢ ᠬᠢᠭᠡᠳ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠨᠡᠢ᠌ᠭᠡᠮᠯᠢᠭ᠎ᠤᠨ ᠳᠠᠷᠤᠭ᠎ᠠ ᠮᠠ ᠰᠢᠶᠤᠤ ᠯᠢ ᠶᠠᠷᠢᠶ᠎ᠠ ᠳᠠᠯᠪᠢᠵᠤ᠂ ᠬᠤᠷᠠᠯ᠎ᠳᠤ ᠤᠷᠤᠯᠴᠠᠭᠰᠠᠳ ᠷᠠᠰᠢᠶᠠᠨ ᠬᠤᠳᠠ ᠵᠢᠨ ᠶᠠᠨ ᠨᠢᠶᠠᠨ ᠨᠠᠰᠤᠲᠠᠳ᠎ᠢ ᠠᠰᠠᠷᠠᠬᠤ ᠳᠦᠪ᠂ ᠬᠢᠩᠭ᠋ᠠᠨ ᠠᠢ᠌ᠮᠠᠭ᠎ᠤᠨ ᠤᠨᠴᠠᠯᠢᠭᠳᠤ ᠦᠢ᠍ᠯᠡᠳᠬᠦᠨ᠎ᠤ ᠦᠵᠡᠰᠬᠦᠯᠡᠩ᠂ ᠷᠠᠰᠢᠶᠠᠨ ᠬᠤᠳᠠ ᠵᠢᠨ ᠭᠠᠵᠠᠷ ᠰᠢᠨᠵᠢᠯᠡᠭᠡᠨ᠎ᠤ ᠮᠦᠽᠸᠢ ᠪᠤᠯᠤᠨ ᠴᠠᠰᠤ ᠮᠦᠰᠦᠨ ᠰᠡᠢ᠌ᠯᠦᠮᠡᠯ᠎ᠤᠨ ᠴᠡᠴᠡᠷᠯᠢᠭ ᠵᠶ᠋ᠡᠷ ᠳᠤᠭᠤᠷᠢᠨ ᠦᠵᠡᠪᠡ᠃ ᠬᠢᠩᠭ᠋ᠠᠨ ᠠᠢ᠌ᠮᠠᠭ᠎ᠤᠨ 6 ᠬᠤᠰᠢᠭᠤ ᠰᠢᠶᠠᠨ ᠬᠤᠳᠠ ᠳᠤᠰ ᠳᠤᠰ ᠳᠤᠬᠠᠢ ᠵᠢᠨ ᠭᠠᠵᠠᠷ᠎ᠤᠨ ᠠᠵᠤ ᠠᠬᠤᠢ᠌ᠯᠠᠯ᠎ᠲᠠᠢ ᠪᠡᠯᠡ ᠤᠷᠤᠭᠤᠯᠤᠯᠳᠠ ᠵᠢᠨ ᠵᠦᠪᠳᠡᠯᠴᠡᠭᠡᠷ ᠳᠤᠭᠳᠠᠵᠤ᠂ ᠤᠯᠠᠭ᠋ᠠᠨᠬᠤᠳᠠ᠂ ᠷᠠᠰᠢᠶᠠᠨ ᠬᠤᠳᠠ᠂ ᠬᠠᠢ᠌ᠯᠠᠷ ᠳᠤᠭᠤᠷᠢᠭ᠂ ᠮᠠᠨᠵᠤᠤᠷ ᠵᠡᠷᠭᠡ 4 ᠭᠠᠵᠠᠷ᠎ᠤᠨ᠎ᠬᠢᠨ ᠵᠤᠭ᠋ᠠᠴᠠᠨ ᠳᠤᠭᠤᠷᠢᠭᠤᠯᠵᠤ ᠨᠠᠰᠤᠳᠠᠨ᠎ᠢ ᠠᠰᠠᠷᠠᠬᠤ ᠠᠵᠤ ᠠᠬᠤᠢ᠌ᠯᠠᠯ᠎ᠲᠠᠢ ᠤᠷᠤᠨ ᠪᠦᠰᠡ ᠵᠢᠨ ᠵᠤᠭ᠋ᠠᠴᠠᠭᠤᠯᠤᠨ ᠳᠤᠭᠤᠷᠢᠭᠤᠯᠬᠤ ᠵᠦᠪᠳᠡᠯᠴᠡᠭᠡᠷ ᠳᠤᠭᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠳᠤ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠳᠦᠪᠰᠢᠨ᠎ᠤ ᠬᠠᠮᠢᠶᠠᠷᠤᠯᠳᠠ ᠵᠢ ᠪᠠᠢ᠌ᠴᠠᠭ᠋ᠠᠨ ᠵᠢᠯᠤᠭᠤᠳᠪᠠ
ᠤᠯᠠᠭ᠋ᠠᠨᠴᠠᠪ ᠬᠤᠳᠠ ᠳᠦᠷᠦᠯ ᠬᠤᠪᠢᠶᠠᠨ ᠪᠠᠳᠤᠯᠠᠪᠤᠷᠢ ᠤᠯᠭᠤᠬᠤ ᠳᠦᠷᠢᠮ ᠵᠶ᠋ᠠᠨ ᠳᠡᠬᠦᠯᠳᠡᠷᠵᠢᠬᠦᠯᠦᠨ ᠬᠦᠴᠢᠷᠳᠡᠯ᠎ᠲᠠᠢ ᠭᠡᠤᠭᠡᠳ᠎ᠤᠨ ᠠᠮᠢᠳᠤᠷᠠᠯ᠎ᠢ ᠰᠠᠢ᠌ᠵᠢᠷᠠᠭᠤᠯᠵᠠᠢ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠱᠦᠵᠢ ᠵᠢᠨ 2018 ᠤᠨ᠎ᠳᠤ ᠦᠨᠳᠦᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢ ᠬᠡᠷᠬᠢᠨ ᠠᠳᠬᠤᠭᠰᠠᠨ ᠳᠤᠬᠠᠢ ᠳᠤᠰᠢᠶᠠᠯ᠎ᠤᠨ ᠮᠡᠳᠡᠬᠦᠯᠦᠯᠳᠡ ᠵᠢᠨ ᠬᠤᠷᠠᠯ ᠬᠢᠪᠠ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠬᠠᠤᠯᠢ ᠴᠠᠭ᠋ᠠᠵᠠ ᠵᠢᠨ ᠮᠡᠳᠡᠯᠭᠡ ᠵᠢᠨ ᠪᠤᠯᠪᠠᠰᠤᠷᠠᠯ᠎ᠤᠨ ᠠᠩᠬᠢ ᠠ᠋ᠷᠬᠢᠯᠡᠵᠡᠢ
ᠬᠦᠯᠦᠨ ᠪᠤᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠴᠢᠭ᠎ᠤᠨ ᠵᠶ᠋ᠠᠨ ᠶᠠᠳᠠᠭᠤ ᠬᠦᠴᠢᠷᠳᠡᠯ᠎ᠲᠠᠢ ᠳᠤᠰᠬᠤᠨ᠎ᠤ ᠤᠯᠠᠨ ᠳᠦᠮᠡᠨ᠎ᠢ ᠳᠤᠬᠤᠨᠢᠭᠤᠯᠪᠠ
 
            