ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠠᠴᠠ ᠠ᠋ᠷᠬᠢᠯᠡᠭᠰᠡᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ᠎ᠤ 2018 ᠤᠨ᠎ᠤ ᠪᠤᠯᠪᠠᠰᠤᠷᠠᠯ᠎ᠤᠨ ᠠᠩᠬᠢ 11 ᠳ᠋ᠤᠭᠡᠷ ᠰᠠᠷ᠎ᠠ ᠵᠢᠨ 12᠎ᠤᠨ ᠠ᠋ᠳᠤᠷ ᠬᠤᠳᠠ ᠵᠢᠨ ᠨᠠᠮ᠎ᠤᠨ ᠰᠤᠷᠡᠭ᠋ᠠᠭᠤᠯᠢᠳᠤ ᠠ᠋ᠬᠢᠯᠡᠵᠤ᠂ 102 ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ ᠠ᠋ᠨᠡ ᠤᠳᠠᠭ᠋ᠠᠨ᠎ᠤ ᠪᠤᠯᠪᠠᠰᠤᠷᠠᠯ᠎ᠳᠤ ᠤᠷᠤᠭᠰᠠᠨ ᠪᠠᠢ᠌ᠨ᠎ᠠ᠃
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠳᠡᠳ᠋ ᠳᠠᠷᠤᠭ᠎ᠠ ᠮᠸᠩ ᠢᠦᠢ ᠪᠤᠯᠪᠠᠰᠤᠷᠠᠯ ᠠ᠋ᠬᠢᠯᠡᠬᠦ᠎ᠳᠤ ᠤᠷᠤᠯᠴᠠᠭᠰᠠᠨ ᠪᠦᠭᠡᠳ ᠦᠭᠡ ᠶᠠᠷᠢᠵᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠳᠤ ᠭᠤᠷᠪᠠᠨ ᠵᠦᠢ᠍ᠯ᠎ᠤᠨ ᠪᠤᠳᠠᠳᠠᠢ ᠱᠠᠭ᠋ᠠᠷᠳᠠᠯᠭ᠎ᠠ ᠳᠤᠷᠠᠳᠴᠠᠢ᠃ ᠨᠢᠭᠡ᠎ᠳᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ᠎ᠬᠢᠨ ᠨᠠᠮ᠎ᠤᠨ ᠪᠠᠢ᠌ᠭᠤᠯᠤᠯᠳᠠ ᠵᠢᠨ ᠠᠵᠢᠯ ᠵᠶ᠋ᠠᠨ ᠰᠠᠢ᠌ᠳᠤᠷ ᠠᠳᠬᠤᠬᠤ ᠭᠡᠷᠡᠭᠳᠡᠢ᠃ ᠪᠡᠬᠢᠯᠡᠯᠳᠡ ᠵᠢᠨ ᠰᠠᠭᠤᠷᠢᠨ᠎ᠤ ᠪᠦᠳᠦᠭᠡᠨ ᠪᠠᠢ᠌ᠭᠤᠯᠤᠯᠳᠠ᠎ᠪᠠᠨ ᠴᠢᠩᠭ᠋ᠠᠳᠬᠠᠵᠤ᠂ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠪᠦᠷᠬᠦᠴᠡ ᠪᠤᠯᠤᠨ ᠨᠠᠮ᠎ᠤᠨ ᠠᠵᠢᠯ᠎ᠤᠨ ᠪᠦᠷᠬᠦᠴᠡ᠎ᠪᠠᠨ ᠦᠷᠭᠡᠳᠭᠡᠨ᠂ ᠤᠯᠤᠰ ᠳᠦᠷᠦ ᠵᠢᠨ ᠴᠢᠳᠠᠪᠤᠷᠢ᠎ᠪᠠᠨ ᠨᠡᠮᠡᠭᠳᠡᠬᠦᠯᠵᠤ᠂ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠤᠯᠤᠰ ᠳᠦᠷᠦ ᠵᠢᠨ ᠭᠤᠤᠯᠯᠠᠭᠴᠢ ᠦᠢ᠍ᠯᠡᠳᠤᠯ ᠪᠤᠯᠤᠨ ᠤᠯᠤᠰ ᠳᠦᠷᠦ᠎ᠪᠠᠷ ᠵᠢᠯᠤᠭᠤᠳᠤᠨ ᠳᠠᠭ᠋ᠠᠭᠤᠯᠬᠤ ᠦᠢ᠍ᠯᠡᠳᠤᠯ ᠵᠶ᠋ᠡᠨ ᠤᠯᠠᠮ ᠵᠶ᠋ᠡᠷ ᠪᠠᠳᠠᠷᠠᠭᠤᠯᠵᠤ᠂ ᠡᠯ᠎ᠡ ᠵᠦᠢ᠍ᠯ᠎ᠤᠨ ᠠᠵᠢᠯ ᠦᠢ᠍ᠯᠡᠰ ᠵᠶ᠋ᠡᠨ ᠳᠠᠰᠤᠷᠠᠯᠳᠠ ᠦᠭᠡᠢ ᠬᠦᠭᠵᠢᠬᠦᠯᠵᠤ᠂ 《ᠠᠭᠤᠰᠤᠯᠴᠠᠭᠰᠠᠨ ᠨᠠᠮ᠎ᠤᠨ ᠵᠤᠬᠢᠶᠠᠨ ᠪᠠᠢ᠌ᠭᠤᠯᠤᠯᠳᠠ》᠎ᠪᠠᠷ ᠠᠴᠢᠶᠠᠯᠠᠪᠤᠷᠢ ᠪᠤᠯᠭ᠋ᠠᠨ᠂ 《ᠬᠤᠶᠠᠷ᠎ᠢ ᠪᠦᠷᠬᠦᠬᠦᠯᠬᠦ》᠂ 《ᠬᠤᠶᠠᠷ ᠦᠢ᠍ᠯᠡᠳᠤᠯ᠎ᠢ ᠪᠠᠳᠠᠷᠠᠭᠤᠯᠬᠤ》 ᠵᠢ ᠠ᠋ᠷᠴᠢᠮᠵᠢᠬᠦᠯᠵᠤ᠂ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠪᠤᠳᠠᠳᠠᠢ ᠠᠳᠬᠤᠵᠤ ᠦᠨᠠᠨᠬᠦ ᠦᠷ᠎ᠡ ᠪᠦᠳᠦᠮᠵᠢ ᠤᠯᠬᠤ ᠭᠡᠷᠡᠭᠳᠡᠢ᠃ ᠬᠤᠶᠠᠷ᠎ᠲᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ᠎ᠬᠢᠨ ᠬᠠᠮᠢᠶᠠᠷᠤᠯᠳᠠ᠎ᠪᠠᠨ ᠰᠠᠢ᠌ᠵᠢᠷᠠᠭᠤᠯᠵᠤ ᠰᠢᠨᠡᠳᠬᠡᠬᠦ ᠭᠡᠷᠡᠭᠳᠡᠢ᠃ ᠨᠡᠢ᠌ᠭᠡᠮ᠎ᠤᠨ ᠠᠰᠠᠷᠠᠮᠵᠢ ᠵᠢᠨ ᠦᠢ᠍ᠯᠡᠰ᠎ᠤᠨ ᠬᠦᠭᠵᠢᠯᠳᠡ ᠪᠤᠯᠤᠨ ᠦᠢ᠍ᠯᠡᠴᠢᠯᠡᠭᠡ᠂ ᠠ᠋ᠶ᠎ᠡ ᠵᠤᠬᠢᠴᠠᠩᠭᠤᠢ ᠨᠡᠢ᠌ᠭᠡᠮ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠡᠷᠭᠡ ᠠᠵᠢᠯᠯᠠᠭ᠎ᠠ᠎ᠳᠤ ᠢᠳᠡᠪᠬᠢᠳᠡᠢ ᠤᠷᠤᠯᠴᠠᠨ᠂ ᠠᠵᠢᠯ ᠳᠦᠷᠦᠯ᠎ᠤᠨ ᠳᠤᠬᠠᠢ᠌ᠯᠠᠭᠰᠠᠨ ᠠᠵᠢᠯ᠎ᠤᠨ ᠬᠢᠷᠢ ᠳᠦᠪᠰᠢᠨ ᠪᠤᠯᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠬᠦᠯᠵᠤ᠂ ᠳᠠᠰᠤᠷᠠᠯᠳᠠ ᠦᠭᠡᠢ᠎ᠪᠠᠷ ᠨᠡᠢ᠌ᠭᠡᠮ᠎ᠤᠨ ᠬᠠᠮᠢᠶᠠᠷᠤᠯᠳᠠ ᠵᠢᠨ ᠰᠢᠨᠡᠴᠢᠯᠡᠯᠲᠡ ᠬᠢᠵᠤ᠂ ᠨᠡᠢ᠌ᠭᠡᠮ᠎ᠤᠨ ᠬᠠᠮᠢᠶᠠᠷᠤᠯᠳᠠ ᠵᠢᠨ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠳᠦᠪᠰᠢᠨ ᠵᠶ᠋ᠠᠨ ᠳᠡᠭᠡᠭᠰᠢᠯᠡᠬᠦᠯᠬᠦ ᠭᠡᠷᠡᠭᠳᠡᠢ᠃ ᠭᠤᠷᠪᠠ᠎ᠳᠤ᠂ ᠰᠡᠳᠬᠢᠯ ᠰᠠᠨᠠᠭ᠎ᠠ᠎ᠪᠠᠨ ᠳᠦᠪᠯᠡᠷᠡᠬᠦᠯᠦᠨ ᠪᠤᠯᠪᠠᠰᠤᠷᠠᠯ᠎ᠳᠤ ᠤᠷᠤᠯᠴᠠᠵᠤ᠂ ᠪᠤᠯᠪᠠᠰᠤᠷᠠᠯ᠎ᠤᠨ ᠪᠤᠳᠠᠳᠤ ᠦᠷ᠎ᠡ ᠪᠦᠳᠦᠮᠵᠢ ᠵᠢ ᠦᠨᠡᠨᠬᠦ ᠳᠡᠭᠡᠭᠰᠢᠯᠡᠬᠦᠯᠬᠦ ᠭᠡᠷᠡᠭᠳᠡᠢ᠃ ᠡᠯ᠎ᠡ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠨᠢ ᠪᠤᠳᠠᠳᠠᠢ᠎ᠲᠠᠢ ᠤᠶᠠᠯᠳᠤᠭᠤᠯᠤᠨ ᠰᠤᠷᠤᠯᠴᠠᠬᠤ᠂ ᠰᠤᠷᠤᠯᠴᠠᠯᠭ᠎ᠠ᠎ᠪᠠᠷ ᠳᠠᠮᠵᠢᠨ ᠠᠰᠠᠭᠤᠳᠠᠯ᠎ᠢ ᠰᠢᠢ᠍ᠳᠪᠤᠷᠯᠡᠬᠦ᠂ ᠰᠤᠷᠤᠯᠴᠠᠬᠤ᠎ᠪᠠᠷ ᠳᠠᠮᠵᠢᠨ ᠠᠷᠭ᠎ᠠ ᠭᠡᠮᠵᠢᠶ᠎ᠡ ᠡᠵᠡᠮᠰᠢᠬᠦ ᠵᠤᠷᠢᠯᠳᠠᠳᠤ ᠬᠦᠷᠬᠦ ᠭᠡᠷᠡᠭᠳᠡᠢ ᠭᠡᠪᠡ᠃
ᠪᠤᠯᠪᠠᠰᠤᠷᠠᠯ᠎ᠤᠨ ᠠᠩᠬᠢ᠎ᠨᠢ ᠳᠦᠪᠯᠡᠷᠡᠬᠦᠯᠦᠨ ᠰᠤᠷᠤᠯᠴᠠᠬᠤ ᠪᠠ ᠳᠤᠬᠠᠢ ᠵᠢᠨ ᠭᠠᠵᠠᠷ ᠵᠶ᠋ᠡᠷ ᠳᠤᠭᠤᠷᠢᠨ ᠰᠤᠷᠤᠯᠴᠠᠬᠤ ᠵᠢ ᠤᠶᠠᠯᠳᠤᠭᠤᠯᠵᠠᠢ᠃ ᠪᠤᠯᠪᠠᠰᠤᠷᠠᠯ᠎ᠤᠨ ᠬᠤᠭᠤᠴᠠᠭ᠋ᠠᠨ᠎ᠳᠤ ᠳᠤᠮᠳᠠᠳᠤ ᠤᠯᠤᠰ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ ᠪᠠᠢ᠌ᠩᠭᠤ ᠵᠢᠨ ᠭᠡᠷᠡᠭ ᠠ᠋ᠷᠬᠢᠯᠡᠭᠴᠢ᠂ ᠦᠪᠦᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ ᠨᠡᠢ᠌ᠭᠡᠮ ᠳᠤᠭᠤᠷᠢᠭ᠎ᠤᠨ ᠠᠵᠢᠯ᠎ᠤᠨ ᠵᠦᠪᠯᠡᠯ᠎ᠤᠨ ᠳᠡᠳ᠋ ᠠ᠋ᠷᠬᠢᠯᠡᠭᠴᠢ᠂ ᠪᠦᠬᠦ ᠤᠯᠤᠰ᠎ᠤᠨ ᠠᠩᠬᠠᠳᠠᠭᠴᠢ ᠪᠦᠯᠦᠭ ᠳᠤᠰᠬᠠᠢ᠌ᠵᠢᠭᠰᠠᠨ ᠨᠡᠢ᠌ᠭᠡᠮ᠎ᠤᠨ ᠠᠵᠢᠯ᠎ᠤᠨ ᠳᠠᠭ᠋ᠠᠭᠤᠯᠤᠭᠴᠢ᠂ ᠬᠤᠳᠠ ᠵᠢᠨ ᠠᠨ ᠳ᠋ᠢᠩ ᠠ᠋ᠮᠨᠡᠯᠭᠡ ᠵᠢᠨ ᠬᠤᠷᠢᠶᠠᠨ᠎ᠤ ᠨᠠᠮ᠎ᠤᠨ ᠬᠤᠷᠶᠠᠨᠤ ᠱᠦᠵᠢ ᠸᠠᠩ ᠳ᠋ᠢᠶᠠᠨ ᠯᠤ᠌ ᠵᠢ ᠤᠷᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠠᠵᠢᠯ᠎ᠢ ᠪᠦᠬᠦ ᠳᠠᠯ᠎ᠠ᠎ᠪᠠᠷ ᠴᠢᠩᠭ᠋ᠠᠳᠬᠠᠬᠤ ᠳᠤᠬᠠᠢ ᠳᠠᠢ᠌ᠯᠤᠮᠵᠢ ᠬᠢᠯᠭᠡᠵᠤ᠂ ᠦᠨᠳᠦᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠴᠢᠳᠠᠪᠤᠷᠢ ᠵᠢᠨ ᠪᠠᠢ᠌ᠷᠢ ᠳᠤᠭᠳᠠᠭ᠋ᠠᠯᠳᠠ᠂ ᠮᠠᠨ᠎ᠤ ᠤᠯᠤᠰ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠦᠭᠵᠢᠯᠳᠡ ᠵᠢᠨ ᠳᠡᠤᠭᠡ᠂ ᠠᠭᠤᠰᠤᠯᠴᠠᠭᠰᠠᠨ ᠬᠦᠭᠵᠢᠯᠳᠡ ᠵᠡᠷᠭᠡ ᠳᠡᠯ᠎ᠡ᠎ᠪᠠᠷ ᠳᠠᠢ᠌ᠯᠪᠤᠷᠢᠯᠡᠯᠳᠡ ᠬᠢᠯᠭᠡᠪᠡ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠨ ᠳᠦᠪᠯᠡᠷᠡᠨ ᠰᠤᠷᠤᠯᠴᠠᠭᠰᠠᠨ᠎ᠤ ᠳᠠᠷᠠᠭ᠎ᠠ ᠶᠤᠸᠠᠨ ᠪᠤᠤ ᠱᠠᠨ᠎ᠤ ᠰᠢ ᠶᠢᠤ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ᠎ᠳᠤ ᠬᠦᠷᠴᠤ ᠳᠤᠭᠤᠷᠢᠨ ᠰᠤᠷᠤᠯᠴᠠᠵᠠᠢ᠃