ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠬᠦᠴᠢᠷᠳᠡᠯ᠎ᠲᠠᠢ ᠭᠡᠷ ᠪᠦᠯᠢ ᠵᠢᠨ ᠡᠪᠤᠯ᠎ᠤᠨ ᠤᠯᠠᠷᠢᠯ᠎ᠤᠨ ᠳᠤᠯᠠᠭ᠋ᠠᠴᠠᠯ᠎ᠤᠨ ᠨᠦᠬᠦᠪᠤᠷᠢ ᠵᠢ ᠦᠭᠴᠤ ᠨᠠᠢ᠌ᠳᠠᠪᠤᠷᠢᠵᠢᠭᠤᠯᠪᠠ
ᠨᠡᠶᠢᠲᠡᠯᠡᠭᠰᠡᠨ ᠴᠠᠭ᠄ 2018-11-28

                           
      ᠤᠢ᠌ᠷ᠎ᠡ᠎ᠳᠤ᠂ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠪᠦᠬᠦ ᠬᠤᠳᠠ ᠵᠢᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢᠨ 2018 ᠤᠨ᠎ᠤ ᠡᠪᠤᠯ᠎ᠤᠨ ᠤᠯᠠᠷᠢᠯ᠎ᠤᠨ ᠳᠤᠯᠠᠭ᠋ᠠᠴᠠᠯ᠎ᠤᠨ ᠨᠦᠬᠦᠪᠤᠷᠢ ᠵᠢ ᠦᠭᠬᠦ᠎ᠪᠠᠷ ᠪᠤᠯᠵᠠᠢ᠃
      ᠪᠦᠬᠦ ᠬᠤᠳᠠ ᠵᠢᠨ ᠳᠦᠷᠪᠡᠨ ᠳᠤᠭᠤᠷᠢᠭ᠎ᠤᠨ ᠪᠠᠢ᠌ᠰᠢᠩ᠎ᠳᠤ ᠰᠠᠭᠤᠭ᠎ᠠ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠠᠯᠪᠤᠷᠢ ᠵᠢᠨ ᠠ᠋ᠷᠦᠭᠡ ᠳᠤᠳᠤᠮ 1.5 ᠳᠤᠨ ᠨᠡᠬᠦᠷᠡᠰᠤ ᠨᠤᠭᠳᠠᠭᠤᠯᠤᠨ᠂ ᠳᠤᠨ ᠪᠦᠷᠢ ᠵᠢ 380 ᠳᠦᠬᠦᠷᠢᠭ ᠵᠶ᠋ᠡᠷ ᠪᠠᠷᠢᠮᠵᠢᠶᠠᠯᠠᠵᠤ᠂ ᠠ᠋ᠷᠦᠭᠡ ᠪᠦᠷᠢ᠎ᠳᠤ ᠬᠤᠳᠠ ᠵᠢᠨ ᠠ᠋ᠳ᠋᠎ᠤᠨ ᠵᠠᠰᠠᠭ᠎ᠠᠴᠠ 570 ᠳᠦᠬᠦᠷᠢᠭ᠎ᠤᠨ ᠨᠦᠬᠦᠪᠤᠷᠢ ᠦᠭᠴᠤ; ᠠᠰᠠᠷ᠎ᠲᠤ ᠰᠠᠭᠤᠭ᠎ᠠ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠳᠤᠳᠤᠮ 60 ᠳᠡᠭᠰᠢ ᠳᠦᠷᠪᠡᠯᠵᠢᠨ ᠮᠸᠲᠷ ᠵᠶ᠋ᠡᠷ ᠪᠠᠷᠢᠮᠵᠢᠶᠠᠯᠠᠨ ᠳᠤᠯᠠᠭ᠋ᠠᠴᠠᠯ᠎ᠤᠨ ᠨᠦᠬᠦᠪᠤᠷᠢ ᠦᠭᠬᠦ᠎ᠪᠠᠷ ᠪᠤᠯᠵᠤ᠂ ᠠ᠋ᠷᠦᠭᠡ ᠪᠦᠷᠢ᠎ᠳᠤ ᠬᠠᠮᠤᠭ ᠶᠡᠭᠡ᠎ᠳᠤ᠎ᠪᠠᠨ 1324.8 ᠳᠦᠬᠦᠷᠢᠭ᠎ᠤᠨ ᠨᠦᠬᠦᠪᠤᠷᠢ ᠦᠭᠬᠦ᠎ᠪᠠᠷ ᠪᠤᠯᠵᠠᠢ᠃
      ᠨᠦᠬᠦᠪᠤᠷᠢ ᠦᠭᠬᠦ ᠠᠵᠢᠯ᠎ᠢ ᠰᠠᠢ᠌ᠳᠤᠷ ᠬᠢᠬᠦ ᠵᠢᠨ ᠳᠤᠯᠠᠳᠠ᠂ ᠡᠯ᠎ᠡ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ ᠵᠢᠨ ᠨᠡᠷ᠎ᠡ ᠵᠢ ᠬᠠᠩᠭ᠋ᠠᠨ᠂ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠡᠢ᠌ᠭᠡᠮ᠎ᠤᠨ ᠳᠤᠰᠠᠯᠠᠮᠵᠢ ᠵᠢᠨ ᠠᠯᠪᠠᠨ ᠭᠡᠷ᠂ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠵᠦᠪᠯᠡᠯ᠎ᠤᠨ ᠢᠯᠴᠢ ᠬᠠᠩᠭ᠋ᠠᠬᠤ ᠠᠯᠪᠠᠨ ᠭᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠬᠤᠳᠠ ᠵᠢᠨ ᠠ᠋ᠳ᠋᠎ᠤᠨ ᠵᠠᠰᠠᠭ᠎ᠠᠴᠠ ᠪᠠᠢ᠌ᠰᠢᠩ᠎ᠳᠤ ᠰᠠᠭᠤᠭ᠎ᠠ ᠠ᠋ᠷᠦᠭᠡ ᠵᠢᠨ ᠳᠤᠯᠠᠭ᠋ᠠᠴᠠᠯ᠎ᠤᠨ ᠨᠦᠬᠦᠪᠤᠷᠢ ᠵᠢ ᠡᠯ᠎ᠡ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠤ ᠪᠠᠭᠤᠯᠭ᠋ᠠᠨ ᠦᠭᠴᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠠ᠋ᠷᠦᠭᠡ᠎ᠳᠤ ᠨᠠᠢ᠌ᠳᠠᠪᠤᠷᠢᠵᠢᠭᠤᠯᠵᠤ᠂ ᠠᠰᠠᠷ᠎ᠲᠤ ᠰᠠᠭᠤᠭ᠎ᠠ ᠠ᠋ᠷᠦᠭᠡ ᠵᠢᠨ ᠳᠤᠯᠠᠭ᠋ᠠᠴᠠᠯ᠎ᠤᠨ ᠨᠦᠬᠦᠪᠤᠷᠢ ᠵᠢ ᠢᠯᠴᠢ ᠬᠠᠩᠭ᠋ᠠᠬᠤ ᠨᠢᠭᠡᠴᠢ᠎ᠳᠤ ᠰᠢᠭᠤᠳ ᠪᠠᠭᠤᠯᠭ᠋ᠠᠨ ᠦᠭᠬᠦ᠎ᠪᠠᠷ ᠳᠤᠭᠳᠠᠵᠠᠢ᠃
     2018 ᠤᠨ᠎ᠠᠴᠠ 2019 ᠤᠨ᠎ᠤ ᠡᠪᠤᠯ᠎ᠤᠨ ᠤᠯᠠᠷᠢᠯ᠎ᠤᠨ ᠳᠤᠯᠠᠭ᠋ᠠᠴᠠᠯ᠎ᠤᠨ ᠨᠦᠬᠦᠪᠤᠷᠢ ᠬᠦᠷᠳᠡᠬᠦ ᠬᠦᠬᠡᠬᠤᠳᠠ ᠵᠢᠨ ᠳᠦᠷᠪᠡᠨ ᠳᠤᠭᠤᠷᠢᠭ᠎ᠤᠨ ᠪᠠᠢ᠌ᠰᠢᠩ᠎ᠳᠤ ᠰᠠᠭᠤᠵᠤ ᠪᠠᠢ᠌ᠭ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ 1685᠂ ᠠᠰᠠᠷ᠎ᠲᠤ ᠰᠠᠭᠤᠵᠤ ᠪᠠᠢ᠌ᠭ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠵᠢᠨ ᠠ᠋ᠷᠦᠭᠡ 5615 ᠪᠣᠢ᠃ ᠣᠳᠣ ᠨᠢᠭᠡᠨᠲᠡ ᠪᠠᠢ᠌ᠰᠢᠩ᠎ᠳᠤ ᠰᠠᠭᠤᠵᠤ ᠪᠠᠢ᠌ᠭ᠎ᠠ ᠠ᠋ᠷᠦᠭᠡ ᠵᠢᠨ ᠨᠡᠢ᠌ᠳᠡ 96.05 ᠳᠦᠮᠡᠨ ᠳᠦᠬᠦᠷᠢᠭ᠎ᠤᠨ ᠨᠦᠬᠦᠪᠤᠷᠢ ᠵᠢ ᠬᠢᠨᠠᠨ ᠬᠠᠷᠭᠤᠭᠤᠯᠤᠭ᠋ᠠᠳ ᠦᠭᠴᠤ ᠨᠠᠢ᠌ᠳᠠᠪᠤᠷᠢᠵᠢᠭᠤᠯᠬᠤ ᠱᠠᠳᠤᠨ᠎ᠳᠤ ᠤᠷᠤᠵᠤ᠂ ᠠᠰᠠᠷ᠎ᠲᠤ ᠰᠠᠭᠤᠵᠤ ᠪᠠᠢ᠌ᠭ᠎ᠠ ᠠ᠋ᠷᠦᠭᠡ ᠵᠢ ᠪᠦᠷᠢᠳᠭᠡᠵᠤ ᠳᠠᠭᠤᠰᠤᠨ᠂ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠵᠦᠪᠯᠡᠯ ᠬᠢᠭᠡᠳ ᠢᠯᠴᠢ ᠬᠠᠩᠭ᠋ᠠᠬᠤ ᠺᠤᠮᠫᠠᠨᠢ᠎ᠪᠠᠷ ᠵᠦᠪᠰᠢᠶᠡᠷᠡᠨ ᠬᠢᠨᠠᠭᠤᠯᠤᠭ᠋ᠠᠳ 743.9 ᠳᠦᠮᠡᠨ ᠳᠦᠬᠦᠷᠢᠭ᠎ᠢ ᠦᠭᠬᠦ᠎ᠪᠠᠷ ᠪᠡᠯᠡᠳᠬᠡᠵᠤ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ ᠪᠤᠯᠤᠨ ᠱᠠᠨ ᠰᠢ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ ᠬᠦᠭᠡᠬᠤᠳᠠ᠎ᠳᠤ ᠬᠤᠷᠠᠯᠳᠤᠪᠠ
ᠠᠷᠠᠳ᠎ᠤᠨ ᠶᠠᠪᠤᠳᠠᠯ᠎ᠤᠨ ᠳᠢᠩᠬᠢᠮ ᠪᠦᠯᠬᠦᠮ ᠳᠤᠮᠢᠯᠠᠨ ᠳᠤᠯᠤᠳᠤᠭ᠋ᠠᠷ ᠬᠤᠭᠤᠴᠠᠭ᠋ᠠᠨ᠎ᠤ ᠪᠡᠭᠡᠵᠢᠩ᠎ᠤᠨ ᠤᠯᠠᠨ ᠤᠯᠤᠰ᠎ᠤᠨ ᠨᠡᠰᠤᠳᠠᠢ᠌ᠴᠤᠳ᠎ᠤᠨ ᠠᠵᠤ ᠦᠢ᠍ᠯᠡᠰ᠎ᠤᠨ ᠦᠵᠡᠰᠬᠦᠯᠡᠩ᠎ᠳᠤ ᠤᠷᠤᠯᠴᠠᠪᠠ
ᠳᠦᠩᠯᠢᠶᠤᠤ ᠬᠤᠳᠠ ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠬᠦᠯᠵᠤ ᠪᠠᠢ᠌ᠨ᠎ᠠ
ᠤᠯᠠᠭ᠋ᠠᠨᠴᠠᠪ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢ ᠵᠢᠯᠤᠭᠤᠳᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳᠤ ᠤᠷᠤᠯᠴᠠᠭᠤᠯᠵᠤ ᠪᠠᠢ᠌ᠨ᠎ᠠ
ᠦᠪᠦᠷ ᠮᠤᠩᠭᠤᠯ ᠪᠤᠯᠤᠨ ᠬᠠᠷᠠᠮᠦᠢ᠍ᠷᠡᠨ ᠮᠤᠵᠢ ᠵᠢᠨ ᠵᠠᠰᠠᠭ ᠵᠠᠬᠢᠷᠭ᠋ᠠᠨ᠎ᠤ ᠤᠷᠤᠨ᠎ᠤ ᠵᠠᠭ᠋ᠠᠭ ᠱᠤᠭᠤᠮ᠎ᠤᠨ ᠳᠦᠷᠪᠡᠳᠦᠭᠡᠷ ᠠ᠋ᠭᠡᠯᠵᠢ ᠵᠢᠨ ᠬᠠᠮᠳᠤᠷᠠᠭᠰᠠᠨ ᠪᠠᠢ᠌ᠴᠠᠭ᠋ᠠᠯᠳᠠ ᠵᠢᠨ ᠠᠵᠢᠯ᠎ᠤᠨ ᠳ᠋ᠦᠩᠨᠡᠯᠳᠡ ᠵᠢᠨ ᠬᠤᠷᠠᠯ ᠬᠠᠷᠠᠮᠦᠢ᠍ᠷᠡᠨ᠎ᠤ ᠠ᠋ᠾᠸᠢ ᠠ᠋ᠾᠸ ᠬᠤᠳᠠ᠎ᠳᠤ ᠬᠤᠷᠠᠯᠳᠤᠪᠠ
 
            