ᠯᠢ ᠺᠸ ᠴᠢᠶᠠᠩ 1 ᠳ᠋ᠤᠭᠡᠷ ᠰᠠᠷ᠎ᠠ ᠵᠢᠨ 25᠎ᠤ ᠠ᠋ᠳᠤᠷ᠎ᠤᠨ ᠶᠠᠷᠢᠯᠴᠠᠬᠤ ᠬᠤᠷᠠᠯ ᠳᠡᠭᠡᠷ᠎ᠡ᠄ 《ᠳᠤᠮᠳᠠᠳᠤ ᠤᠯᠤᠰ᠎ᠤᠨ᠎ᠬᠢᠨ ᠭᠠᠳᠠᠭ᠋ᠠᠳᠤ ᠨᠡᠭᠡᠭᠡᠯᠳᠡ᠎ᠪᠠᠨ ᠤᠯᠠᠮ ᠵᠶ᠋ᠡᠷ ᠦᠷᠭᠡᠳᠭᠡᠵᠤ᠂ ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ ᠵᠢ ᠤᠯᠠᠮ ᠠᠭᠤᠵᠢᠮ ᠳᠠᠯᠪᠢᠨ᠂ ᠭᠠᠳᠠᠭ᠋ᠠᠳᠤ ᠵᠢᠨ ᠬᠦᠮᠤᠰ᠎ᠲᠤ ᠠ᠋ᠷᠭᠡ ᠳᠡᠭᠰᠢ᠎ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠬᠠᠩᠭ᠋ᠠᠵᠤ᠂ ᠭᠠᠳᠠᠭ᠋ᠠᠳᠤ᠎ᠲᠠᠢ ᠳᠡᠷᠢᠬᠦᠨ᠎ᠤ ᠮᠡᠷᠭᠡᠵᠢᠯ ᠪᠤᠯᠤᠨ ᠬᠠᠮᠢᠶᠠᠷᠤᠯᠳᠠ ᠵᠢᠨ ᠳᠤᠷᠰᠢᠯᠭ᠎ᠠ᠎ᠪᠠᠨ ᠰᠤᠯᠢᠯᠴᠠᠬᠤ ᠪᠤᠯᠤᠨ᠎ᠠ᠃ ᠳᠤᠮᠳᠠᠳᠤ ᠤᠯᠤᠰ᠎ᠤᠨ᠎ᠬᠢᠨ ᠳᠤᠮᠳᠠᠳᠤ ᠤᠯᠤᠰ᠎ᠲᠤ ᠢᠷᠡᠵᠤ ᠠᠵᠢᠯᠯᠠᠵᠤ ᠠᠮᠢᠳᠤᠷᠠᠵᠤ ᠪᠠᠢ᠌ᠭ᠎ᠠ ᠭᠠᠳᠠᠭ᠋ᠠᠳᠤ ᠵᠢᠨ ᠬᠦᠮᠤᠰ᠎ᠲᠤ ᠤᠯᠠᠮ ᠰᠠᠢ᠌ᠨ ᠨᠦᠬᠦᠴᠡᠯ ᠬᠠᠩᠭ᠋ᠠᠨ ᠳᠦᠬᠦᠮ ᠦᠵᠡᠬᠦᠯᠤᠨ᠎ᠠ》 ᠭᠡᠵᠤ ᠭᠡᠯᠡᠪᠡ᠃
ᠯᠢ ᠺᠸ ᠴᠢᠶᠠᠩ ᠳᠤᠰ ᠤᠷᠤᠢ ᠠᠷᠠᠳ᠎ᠤᠨ ᠶᠠᠭᠡ ᠬᠤᠷᠠᠯ᠎ᠤᠨ ᠳᠢᠩᠬᠢᠮ᠎ᠳᠤ ᠳᠤᠮᠳᠠᠳᠤ ᠤᠯᠤᠰ᠎ᠲᠤ ᠠᠵᠢᠯᠯᠠᠵᠤ ᠠᠮᠢᠳᠤᠷᠠᠵᠤ ᠪᠠᠢ᠌ᠭ᠎ᠠ ᠨᠢᠭᠡ ᠪᠦᠯᠦᠭ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠲᠠᠢ ᠴᠠᠭ᠋ᠠᠨ ᠰᠠᠷ᠎ᠠ ᠵᠢ ᠤᠬᠳᠤᠬᠤ ᠶᠠᠷᠢᠯᠴᠠᠬᠤ ᠬᠤᠷᠠᠯ ᠬᠢᠵᠤ᠂ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠤᠷᠳᠤ ᠬᠤᠭᠤᠴᠠᠭ᠎ᠠ᠎ᠪᠠᠷ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠵᠢᠨ ᠦᠢ᠍ᠯᠡᠰ᠎ᠢ ᠳᠡᠮᠵᠢᠭᠰᠡᠨ ᠪᠠ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠳᠤ ᠬᠤᠪᠤᠷ ᠨᠠᠨᠳᠢᠨ ᠰᠠᠨᠠᠯ ᠵᠦᠪᠯᠡᠯᠭᠡ ᠦᠭᠬᠦᠭᠰᠡᠨ᠎ᠳᠤ ᠳᠠᠯᠠᠷᠬᠠᠵᠤ ᠪᠠᠢ᠌ᠬᠤ᠎ᠪᠠᠨ ᠢᠯᠡᠳᠭᠡᠪᠡ᠃
ᠯᠢ ᠺᠸ ᠴᠢᠶᠠᠩ᠄ 《ᠪᠢ ᠠ᠋ᠨᠳᠡ ᠢᠷᠡᠬᠦ᠎ᠠᠴᠠ ᠠ᠋ᠮᠤᠨ᠎ᠠ ᠠ᠋ᠨᠡ ᠬᠦ᠌ ᠬᠤᠪᠤᠷ ᠨᠠᠨᠳᠢᠨ ᠰᠠᠨᠠᠯ ᠵᠦᠪᠯᠡᠯᠭᠡ ᠵᠢ ᠳᠤᠰᠬᠠᠬᠰᠠᠨ ᠳᠤᠪᠴᠢ ᠮᠡᠳᠡᠭᠡ ᠵᠢ ᠦᠵᠡᠭᠰᠡᠨ ᠶᠤᠮ᠂ ᠳᠠᠨᠠᠷ᠎ᠤᠨ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠠᠵᠢᠯ᠎ᠳᠤ ᠰᠠᠨᠠᠭ᠎ᠠ ᠳᠠᠯᠪᠢᠵᠤ ᠪᠠᠢ᠌ᠭ᠎ᠠ᠎ᠳᠤ ᠳᠠᠯᠠᠷᠬᠠᠵᠤ ᠪᠠᠢ᠌ᠨ᠎ᠠ᠃ ᠪᠢ ᠳᠤᠮᠳᠠᠳᠤ ᠤᠯᠤᠰ᠎ᠤᠨ ᠵᠠᠰᠠᠭ᠎ᠤᠨ ᠤᠷᠳᠤᠨᠢ ᠳᠦᠯᠦᠭᠡᠯᠡᠨ ᠳᠤᠮᠳᠠᠳᠤ ᠤᠯᠤᠰ᠎ᠲᠤ ᠠᠵᠢᠯᠯᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ ᠲᠠ ᠪᠦᠬᠦᠨ᠎ᠳᠤ ᠴᠠᠭ᠋ᠠᠨ ᠰᠠᠷ᠎ᠠ ᠵᠢᠨ ᠮᠡᠨᠳᠤᠴᠢᠯᠠᠯ ᠳᠡᠪᠰᠢᠬᠦᠯᠦᠶ᠎ᠡ》 ᠭᠡᠪᠡ᠃
ᠨᠤᠫᠸᠯᠤᠨ ᠠᠵᠤ ᠠᠬᠤᠢ ᠵᠢᠨ ᠤᠬᠠᠭ᠋ᠠᠨ᠎ᠤ ᠱᠠᠩᠨᠠᠯ ᠬᠦᠷᠳᠡᠭᠰᠡᠨ ᠨᠢᠦ᠋ ᠶᠤᠷᠺ ᠶᠡᠭᠡ ᠰᠤᠷᠭ᠋ᠠᠭᠤᠯᠢ ᠵᠢᠨ ᠫᠸᠷᠦᠹᠸᠰᠰᠤᠷ ᠪᠤᠷᠦ᠋᠂ ᠷᠤᠮᠦᠸᠸ᠂ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠵᠢᠨ ᠠᠮᠵᠢᠯᠳᠠ ᠤᠯᠤᠭᠰᠠᠨ ᠵᠠᠩᠬᠢᠯᠠᠭ᠎ᠠ ᠵᠢᠨ ᠳᠤᠷᠰᠢᠯᠭ᠎ᠠ᠎ᠨᠢ ᠭᠤᠷᠪᠠᠨ ᠳᠠᠯ᠎ᠠ ᠵᠢ ᠬᠠᠷᠢᠯᠴᠠᠨ ᠠᠬᠢᠭᠤᠯᠤᠭᠰᠠᠨ ᠶᠠᠪᠤᠳᠠᠯ ᠪᠤᠯᠤᠨ᠎ᠠ᠄ ᠳᠡᠷᠤᠢ ᠨᠡᠮᠡᠭᠳᠡᠯ᠎ᠤᠨ ᠬᠤᠷᠳᠤᠴᠠ᠂ ᠳᠤᠭᠳᠠᠭᠤᠨ ᠪᠤᠯᠤᠨ ᠪᠠᠭᠳᠠᠭ᠋ᠠᠮᠵᠢᠳᠠᠢ ᠪᠠᠢ᠌ᠬᠤ ᠵᠢ ᠬᠠᠷᠢᠯᠴᠠᠨ ᠠᠬᠢᠭᠤᠯᠤᠭᠰᠠᠨ ᠶᠠᠪᠤᠳᠠᠯ ᠪᠤᠯᠤᠨ᠎ᠠ ᠭᠡᠵᠤ ᠭᠡᠯᠡᠪᠡ᠃ ᠳᠡᠷᠡ᠂ ᠪᠠᠭᠳᠠᠭ᠋ᠠᠮᠵᠢ᠎ᠳᠤ ᠴᠢᠨᠠᠷᠲᠠᠢ ᠨᠡᠮᠡᠭᠳᠡᠯ᠎ᠢ ᠠᠬᠢᠭᠤᠯᠬᠤ᠎ᠳᠤ᠎ᠪᠠᠨ ᠵᠠᠰᠠᠭ᠎ᠤᠨ ᠤᠷᠳᠤᠨ᠎ᠨᠢ ᠤᠨᠴᠠᠭ᠋ᠠᠢ ᠵᠤᠷᠢᠭᠵᠢᠭᠤᠯᠤᠯ᠎ᠤᠨ ᠳᠤᠭᠳᠠᠴᠠ᠎ᠪᠠᠷ ᠳᠠᠮᠵᠢᠭᠤᠯᠤᠨ ᠰᠤᠷᠭ᠋ᠠᠭᠤᠯᠢ᠂ ᠢᠯᠠᠩᠭᠤᠶ᠎ᠠ ᠶᠡᠭᠡ ᠰᠤᠷᠭ᠋ᠠᠭᠤᠯᠢ ᠵᠢᠨ ᠠ᠋ᠬᠦᠳᠡ ᠵᠢ ᠰᠤᠷᠤᠭᠴᠢᠳ᠎ᠲᠤ ᠨᠡᠭᠡᠭᠡᠨ ᠦᠭᠴᠤ᠂ ᠴᠢᠨᠡᠭᠡᠯᠢᠭ ᠠ᠋ᠷᠦᠭᠡ ᠵᠢᠨ ᠭᠡᠤᠭᠡᠳ᠂ ᠶᠠᠳᠠᠭᠤ ᠬᠦᠴᠢᠷᠳᠡᠯ᠎ᠲᠠᠢ ᠠ᠋ᠷᠦᠭᠡ ᠵᠢᠨ ᠭᠡᠤᠭᠡᠳ᠎ᠲᠤ ᠴᠦᠮ ᠠᠳᠠᠯᠢᠬᠠᠨ ᠦᠭᠡᠳᠡᠯᠡᠨ ᠬᠦᠭᠵᠢᠬᠦ ᠵᠠᠮ ᠳᠠᠯᠪᠢᠵᠤ ᠦᠭᠪᠡᠯ ᠵᠤᠬᠢᠨ᠎ᠠ ᠭᠡᠵᠤ ᠰᠠᠨᠠᠭᠤᠯᠪᠠ᠃
ᠯᠢ ᠺᠸ ᠴᠢᠶᠠᠩ ᠠ᠋ᠨᠡ ᠬᠦ᠌ ᠰᠠᠨᠠᠭᠤᠯᠭ᠎ᠠ ᠵᠢ ᠮᠠᠭᠳᠠᠨ ᠰᠠᠢ᠌ᠰᠢᠶᠠᠵᠤ ᠪᠠᠢ᠌ᠭ᠎ᠠ᠎ᠪᠠᠨ ᠢᠯᠡᠳᠭᠡᠪᠡ᠃ ᠳᠡᠷᠡ᠄ 《ᠪᠠᠭᠳᠠᠭ᠋ᠠᠮᠵᠢ᠎ᠳᠤ ᠴᠢᠨᠠᠷᠲᠠᠢ ᠨᠡᠮᠡᠭᠳᠡᠯ᠎ᠳᠤ ᠶᠠᠭᠤᠨ᠎ᠤ ᠤᠷᠢᠳ ᠠᠵᠢᠯ ᠤᠯᠭᠤᠯᠳᠠ ᠵᠢ ᠨᠡᠮᠡᠭᠳᠡᠬᠦᠯᠵᠤ᠂ ᠠᠵᠢᠯ ᠤᠯᠬᠤ ᠴᠢᠳᠠᠪᠤᠷᠢ᠎ᠲᠠᠢ ᠬᠦᠮᠦᠨ ᠪᠦᠬᠦᠨ᠎ᠳᠤ ᠠᠵᠢᠯ ᠤᠯᠬᠤ ᠠᠵᠠ ᠳᠤᠬᠢᠶᠠᠯ ᠤᠯᠭᠤᠨ᠎ᠠ᠃ ᠠᠵᠢᠯ ᠤᠯᠬᠤ ᠴᠢᠳᠠᠪᠤᠷᠢ ᠵᠢ ᠳᠡᠭᠡᠭᠰᠢᠯᠡᠬᠦᠯᠬᠦ᠎ᠳᠤ ᠰᠤᠷᠭ᠋ᠠᠨ ᠬᠦᠮᠦᠵᠢᠯ ᠪᠤᠯᠤᠨ ᠠᠵᠢᠯ ᠮᠡᠷᠭᠡᠵᠢᠯ᠎ᠤᠨ ᠪᠤᠯᠪᠠᠰᠤᠷᠠᠯ ᠱᠠᠭ᠋ᠠᠷᠳᠠᠭᠳᠠᠨ᠎ᠠ᠂ ᠬᠦᠮᠦᠨ ᠪᠦᠬᠦᠨ᠎ᠳᠤ ᠠ᠋ᠷᠭᠡ ᠳᠡᠭᠰᠢ ᠰᠤᠷᠭ᠋ᠠᠨ ᠬᠦᠮᠦᠵᠢᠯ ᠬᠦᠷᠳᠡᠭᠡᠵᠤ᠂ ᠠᠳᠠᠯᠢ ᠪᠤᠰᠤ ᠳᠠᠪᠬᠤᠷᠭ᠎ᠠ ᠵᠢᠨ ᠭᠡᠷ ᠪᠦᠯᠢ ᠵᠢᠨ ᠭᠡᠤᠭᠡᠳ᠎ᠤᠳ᠎ᠲᠤ ᠠᠳᠠᠯᠢᠬᠠᠨ ᠰᠤᠷᠭ᠋ᠠᠨ ᠬᠦᠮᠦᠵᠢᠯ ᠬᠦᠷᠳᠡᠬᠦ ᠠᠵᠤ ᠳᠤᠬᠢᠶᠠᠯ ᠤᠯᠭᠤᠨ᠎ᠠ᠂ ᠢᠩᠬᠢᠪᠡᠯ ᠰᠠᠶᠢ ᠨᠡᠢ᠌ᠭᠡᠮ᠎ᠤᠨ ᠪᠦᠳᠦᠭᠡᠭᠰᠡᠨ ᠠᠵᠢᠯ ᠤᠯᠬᠤ ᠤᠷᠴᠢᠨ ᠳᠤᠭᠤᠷᠢᠨ᠎ᠲᠠᠢ ᠠᠪᠴᠠᠯᠳᠤᠭᠤᠯᠵᠤ᠂ ᠴᠢᠨᠠᠭᠰᠢᠯᠠᠨ ᠳᠤᠭᠳᠠᠭᠤᠨ ᠪᠦᠭᠡᠳ ᠪᠠᠭᠳᠠᠭ᠋ᠠᠮᠵᠢᠳᠠᠢ ᠨᠡᠮᠡᠭᠳᠡᠯ᠎ᠢ ᠪᠡᠶᠡᠯᠡᠬᠦᠯᠵᠤ ᠴᠢᠳᠠᠨ᠎ᠠ ᠭᠡᠵᠤ ᠭᠡᠯᠡᠪᠡ᠃
ᠭ᠋ᠸᠷᠮᠡᠨ ᠤᠯᠤᠰ᠎ᠤᠨ ᠢᠨᠵᠸᠨ᠋ᠸᠷᠢᠩ᠎ᠤᠨ ᠬᠦᠷᠢᠶᠡᠯᠡᠩ᠎ᠤᠨ ᠠᠺᠠᠳ᠋ᠸᠮᠢᠴᠢ᠂ ᠤᠺᠰᠹᠤᠷᠳ᠋ ᠶᠡᠭᠡ ᠰᠤᠷᠭ᠋ᠠᠭᠤᠯᠢ ᠵᠢᠨ ᠫᠸᠷᠦᠹᠸᠰᠰᠤᠷ ᠫᠸᠲᠸ᠂ ᠰᠠᠱᠸᠨᠮᠸᠢᠡᠯ ᠪᠤᠯ 《ᠠᠵᠤ ᠦᠢ᠍ᠯᠡᠳᠪᠤᠷᠢ 4.0》 ᠵᠢᠨ ᠳᠤᠰᠬᠠᠢ ᠮᠡᠷᠭᠡᠵᠢᠯᠳᠡᠨ ᠪᠤᠯᠤᠨ᠎ᠠ᠃ ᠳᠡᠷᠡ᠂ ᠤᠶᠤᠨᠴᠢ ᠦᠢ᠍ᠯᠡᠳᠬᠦ ᠪᠠ ᠠ᠋ᠷᠬᠢᠯᠳᠡᠳᠤ ᠠᠵᠤ ᠠᠬᠤᠢ ᠵᠡᠷᠭᠡ ᠳᠡᠯ᠎ᠡ᠎ᠪᠠᠷ ᠰᠠᠨᠠᠭᠤᠯᠭ᠎ᠠ ᠳᠤᠷᠠᠳᠪᠠ᠃
ᠯᠢ ᠺᠸ ᠴᠢᠶᠠᠩ᠄ 《ᠳᠠᠨ᠎ᠤ ᠰᠠᠨᠠᠭᠤᠯᠭ᠎ᠠ᠎ᠳᠤ ᠳᠠᠯᠠᠷᠬᠠᠵᠤ ᠪᠠᠢ᠌ᠨ᠎ᠠ》᠃ 《ᠳᠤᠮᠳᠠᠳᠤ ᠤᠯᠤᠰ᠎ᠤᠨ᠎ᠬᠢᠨ 〈ᠠᠵᠤ ᠦᠢ᠍ᠯᠡᠳᠪᠤᠷᠢ 4.0〉 ᠵᠢ ᠰᠤᠷᠤᠯᠴᠠᠬᠤ ᠵᠢ ᠪᠠᠷᠢᠮᠳᠠᠯᠠᠭᠰᠠᠭ᠋ᠠᠷ ᠢᠷᠡᠪᠡ᠂ ᠪᠢᠳᠡ ᠤᠳᠤ ᠶᠠᠭ ᠰᠠᠢ᠌ᠬᠠᠨ ᠠᠵᠤ ᠦᠢ᠍ᠯᠡᠳᠪᠤᠷᠢ ᠵᠢᠨ ᠢᠨᠲᠸᠷ ᠰᠦᠯᠵᠢᠶ᠎ᠡ ᠪᠠᠢ᠌ᠭᠤᠯᠬᠤ ᠵᠢ ᠠᠬᠢᠭᠤᠯᠵᠤ ᠪᠤᠢ᠂ ᠠ᠋ᠨᠡ᠎ᠨᠢ ᠳᠤᠮᠳᠠᠳᠤ ᠤᠯᠤᠰ᠎ᠤᠨ ᠦᠢ᠍ᠯᠡᠳᠬᠦ ᠳᠦᠪᠰᠢᠨ᠎ᠢ ᠳᠡᠭᠡᠭᠰᠢᠯᠡᠬᠦᠯᠬᠦ ᠵᠠᠩᠬᠢᠯᠠᠭ᠎ᠠ ᠪᠤᠯᠬᠤ ᠮᠦᠷᠳᠡᠭᠡᠨ ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠡ ᠵᠢ ᠳᠠᠢ᠌ᠴᠢᠯᠠᠬᠤ ᠴᠢᠬᠤᠯᠠ ᠳᠠᠪᠴᠠᠩ ᠪᠤᠯᠬᠤ ᠶᠤᠮ᠃ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠰᠠᠨᠠᠯ ᠵᠦᠪᠯᠡᠯᠭᠡ ᠠᠷᠭ᠎ᠠ ᠤᠬᠠᠭ᠋ᠠᠨ ᠭᠠᠷᠭ᠋ᠠᠬᠤ ᠵᠢ ᠬᠦᠰᠡᠵᠤ ᠪᠠᠢ᠌ᠨ᠎ᠠ》 ᠭᠡᠵᠤ ᠭᠡᠯᠡᠪᠡ᠃
ᠰᠠᠱᠸᠨᠮᠸᠢᠡᠯ ᠳᠤᠮᠳᠠᠳᠤ ᠤᠯᠤᠰ᠎ᠤᠨ ᠤᠯᠠᠨ ᠤᠯᠤᠰ᠎ᠤᠨ ᠰᠢᠨ᠎ᠠ ᠵᠢ ᠠ᠋ᠬᠦᠳᠬᠦ ᠳᠦᠪ᠎ᠤᠨ ᠳᠡᠷᠢᠬᠦᠯᠡᠭᠴᠢ ᠵᠢᠨ ᠳᠤᠰᠢᠶᠠᠯ᠎ᠢ ᠬᠠᠷᠢᠭᠤᠴᠠᠵᠤ ᠪᠠᠢ᠌ᠭ᠎ᠠ ᠪᠦᠭᠡᠳ ᠳᠤᠬᠠᠢ ᠵᠢᠨ ᠭᠠᠵᠠᠷ᠎ᠤᠨ ᠨᠢᠭᠡᠨ ᠰᠤᠷᠭ᠋ᠠᠭᠤᠯᠢ ᠵᠢᠨ ᠳᠡᠳ᠋ ᠵᠠᠬᠢᠷᠤᠯ᠎ᠤᠨ ᠳᠤᠰᠢᠶᠠᠯ᠎ᠢ ᠬᠠᠷᠢᠭᠤᠴᠠᠵᠤ ᠪᠠᠢ᠌ᠳᠠᠭ᠃ ᠳᠡᠷᠡ ᠶᠡᠷᠦᠩᠭᠡᠢ ᠰᠠᠢ᠌ᠳ ᠯᠢ ᠺᠸ ᠴᠢᠶᠠᠩ᠎ᠳᠤ 《ᠶᠡᠭᠡ ᠦᠢ᠍ᠯᠡᠰ᠎ᠢ ᠪᠦᠳᠦᠭᠡᠬᠦ᠎ᠳᠤ ᠤᠯᠠᠨ᠎ᠤ ᠬᠦᠴᠦᠨ᠎ᠢ ᠨᠢᠬᠳᠠᠷᠠᠭᠤᠯᠬᠤ ᠭᠡᠷᠡᠭᠳᠡᠢ》᠃ ᠠᠷᠠᠳ᠎ᠠᠴᠠ ᠠ᠋ᠷᠬᠢᠯᠡᠭᠰᠡᠨ ᠶᠡᠭᠡ ᠰᠤᠷᠭ᠋ᠠᠭᠤᠯᠢ᠂ ᠳᠤᠮᠳᠠᠳᠤ ᠭᠠᠳᠠᠭ᠋ᠠᠳᠤ ᠬᠤᠷᠰᠢᠨ ᠠ᠋ᠷᠬᠢᠯᠡᠭᠰᠡᠨ ᠰᠤᠷᠭ᠋ᠠᠭᠤᠯᠢ ᠵᠢᠨ᠎ᠬᠢᠨ ᠪᠤᠰᠤᠳ ᠠᠯᠪᠠᠨ᠎ᠠᠴᠠ ᠠ᠋ᠷᠬᠢᠯᠡᠭᠰᠡᠨ ᠪᠠᠢ᠌ᠭᠤᠯᠤᠮᠵᠢ᠎ᠲᠠᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠭ᠋ᠠᠨ᠎ᠤ ᠪᠡᠯᠡ ᠮᠦᠩᠬᠦᠨ᠎ᠤ ᠦᠷᠢᠰᠦᠯᠳᠦᠭᠡᠨ᠎ᠳᠤ ᠠ᠋ᠷᠭᠡ ᠳᠡᠭᠰᠢ᠎ᠪᠠᠷ ᠤᠷᠤᠯᠴᠠᠬᠤ ᠵᠢ ᠵᠦᠪᠰᠢᠶᠡᠷᠡᠬᠦ ᠵᠢ ᠬᠦᠰᠡᠵᠤ ᠪᠠᠢ᠌ᠨ᠎ᠠ ᠭᠡᠵᠤ ᠰᠠᠨᠠᠭᠤᠯᠪᠠ᠃
ᠯᠢ ᠺᠸ ᠴᠢᠶᠠᠩ᠄ 《ᠳᠤᠮᠳᠠᠳᠤ ᠤᠯᠤᠰ᠎ᠲᠤ ᠳᠠᠩᠰᠠᠯᠠᠭᠤᠯᠤᠭᠰᠠᠨ ᠠᠯᠪᠠᠨ᠎ᠠᠴᠠ ᠠ᠋ᠷᠭᠢᠯᠡᠭᠰᠡᠨ ᠶᠡᠭᠡ ᠰᠤᠷᠭ᠋ᠠᠭᠤᠯᠢ ᠴᠤ᠌ ᠪᠤᠯᠤᠭ᠂ ᠠᠷᠠᠳ᠎ᠠᠴᠠ ᠠ᠋ᠷᠬᠢᠯᠡᠭᠰᠡᠨ ᠶᠡᠭᠡ ᠰᠤᠷᠭ᠋ᠠᠭᠤᠯᠢ ᠴᠤ᠌ ᠪᠤᠯᠤᠭ᠂ ᠳᠤᠮᠳᠠᠳᠤ ᠭᠠᠳᠠᠭ᠋ᠠᠳᠤ ᠬᠤᠷᠰᠢᠨ ᠠ᠋ᠷᠬᠢᠯᠡᠭᠰᠡᠨ ᠶᠡᠭᠡ ᠰᠤᠷᠭ᠋ᠠᠭᠤᠯᠢ ᠴᠤ᠌ ᠪᠤᠯᠤᠭ᠂ ᠵᠦᠪᠭᠡᠨ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠦᠷᠦᠯ ᠵᠦᠢ᠍ᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ ᠮᠦᠩᠬᠦ ᠵᠡᠷᠭᠡ᠎ᠨᠢ WTO ᠵᠢᠨ ᠳᠦᠷᠢᠮ᠎ᠳᠤ ᠨᠡᠢ᠌ᠴᠡᠳᠡᠭ ᠶᠤᠮ ᠪᠤᠯ ᠪᠦᠬᠦᠳᠡ᠎ᠳᠤ ᠠ᠋ᠷᠭᠡ ᠳᠡᠭᠰᠢ᠎ᠪᠠᠷ ᠦᠷᠢᠰᠦᠯᠳᠦᠬᠦ ᠠᠵᠠ ᠵᠠᠪᠰᠢᠶᠠᠨ ᠤᠯᠭᠤᠨ᠎ᠠ᠃ ᠦᠷᠢᠰᠦᠯᠳᠦᠭᠡᠨ᠎ᠤ ᠳᠤᠮᠳᠠ ᠨᠡᠩ ᠠᠷᠪᠢᠨ ᠳᠤᠮᠳᠠᠳᠤ ᠭᠠᠳᠠᠭ᠋ᠠᠳᠤ ᠬᠤᠷᠰᠢᠨ ᠠ᠋ᠷᠬᠢᠯᠡᠭᠰᠡᠨ ᠰᠤᠷᠭ᠋ᠠᠭᠤᠯᠢ ᠪᠤᠯᠤᠨ ᠪᠠᠢ᠌ᠭᠤᠯᠤᠮᠵᠢ ᠴᠤᠯᠭᠤᠷᠠᠨ ᠭᠠᠷᠬᠤ ᠵᠢ ᠪᠢ ᠬᠦᠰᠡᠵᠤ ᠪᠠᠢ᠌ᠨ᠎ᠠ᠃ ᠠ᠋ᠨᠡ᠎ᠨᠢ ᠨᠡᠢ᠌ᠭᠡᠮ ᠨᠡᠢ᠌ᠳᠡ᠎ᠳᠤ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ᠎ᠪᠠᠨ ᠤᠯᠠᠮ ᠵᠶ᠋ᠡᠷ ᠦᠷᠭᠡᠳᠭᠡᠬᠦ ᠵᠤᠷᠢᠭ ᠰᠠᠨᠠᠭ᠎ᠠ ᠵᠢ ᠳᠡᠮᠵᠢᠭᠤᠯᠬᠤ ᠪᠤᠯᠤᠨ᠎ᠠ》 ᠭᠡᠵᠤ ᠬᠠᠷᠢᠭᠤ ᠭᠡᠯᠡᠪᠡ᠃
ᠨᠤᠫᠸᠯᠤᠨ ᠹᠢᠽᠢᠺ᠎ᠤᠨ ᠤᠬᠠᠭ᠋ᠠᠨ᠎ᠤ ᠱᠠᠩᠨᠠᠯ ᠬᠦᠷᠳᠡᠭᠰᠡᠨ ᠮᠠᠨᠴᠸᠰᠲᠸᠷ ᠶᠡᠭᠡ ᠰᠤᠷᠭ᠋ᠠᠭᠤᠯᠢ ᠵᠢᠨ ᠫᠸᠷᠦᠹᠸᠰᠰᠤᠷ ᠺᠠᠩᠰᠲ᠋ᠠᠨᠳᠢᠩ᠂ ᠨᠤᠸᠱ᠌ᠤᠯᠤᠹ᠂ ᠳᠤᠮᠳᠠᠳᠤ ᠵᠢᠨ ᠦᠢ᠍ᠯᠡᠳᠬᠦ ᠦᠢ᠍ᠯᠡᠰ᠎ᠨᠢ ᠭᠡᠪᠴᠢᠶᠠᠵᠢᠯ᠎ᠤᠨ ᠳᠠᠯ᠎ᠠ᠎ᠪᠠᠷ ᠴᠤ᠌ ᠪᠤᠯᠤᠭ᠂ ᠪᠤᠳᠤᠯᠢᠶᠠᠨᠳᠤ ᠳᠠᠯ᠎ᠠ᠎ᠪᠠᠷ ᠴᠤ᠌ ᠪᠤᠯᠤᠭ ᠪᠦᠷ ᠯᠤᠳᠤ ᠶᠡᠭᠡ ᠠᠮᠵᠢᠯᠳᠠ ᠤᠯᠵᠠᠢ᠃ ᠭᠡᠬᠦ᠎ᠳᠤ ᠰᠠᠭᠤᠷᠢ ᠰᠤᠳᠤᠯᠤᠯ᠎ᠤᠨ ᠪᠡᠯᠡ ᠤᠷᠤᠭᠤᠯᠤᠯᠳᠠ ᠵᠢ ᠤᠮᠳᠤᠭ᠋ᠠᠢ᠌ᠯᠠᠭᠰᠠᠨ ᠪᠠᠢ᠌ᠵᠤ᠂ ᠳᠤᠮᠳᠠᠳᠤ ᠤᠯᠤᠰ᠎ᠤᠨ ᠠᠩᠬᠠᠨ᠎ᠤ ᠠ᠋ᠬᠦᠳᠤᠨ ᠪᠦᠳᠦᠭᠡᠯᠳᠡ ᠵᠢᠨ ᠴᠢᠨᠠᠷᠲᠠᠢ ᠦᠷ᠎ᠡ ᠪᠦᠳᠦᠮᠵᠢ ᠵᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ ᠭᠡᠵᠤ ᠰᠠᠨᠠᠭᠤᠯᠪᠠ᠃
ᠯᠢ ᠺᠸ ᠴᠢᠶᠠᠩ᠂ ᠵᠠᠬ᠎ᠠ ᠳᠡᠯᠭᠡᠬᠦᠷ᠎ᠤᠨ ᠬᠦᠷᠢᠶ᠎ᠡ ᠭᠡᠪᠴᠢᠶ᠎ᠠ ᠳᠦᠢ᠍ᠯ᠎ᠤᠨ ᠶᠡᠭᠡ ᠪᠤᠯᠤᠭᠰᠠᠨ ᠵᠶ᠋ᠡᠷ ᠠᠵᠤ ᠠᠬᠤᠢ ᠵᠢᠨ ᠨᠡᠮᠡᠭᠳᠡᠯ ᠨᠡᠯᠢᠶᠡᠳ ᠳᠦᠷᠭᠡᠰᠴᠤ᠂ ᠳᠤᠮᠳᠠᠳᠤ ᠤᠯᠤᠰ᠎ᠤᠨ ᠭᠡᠷᠡᠭᠯᠡᠭᠡᠨ᠎ᠤ ᠮᠡᠷᠭᠡᠵᠢᠯ᠎ᠤᠨ ᠬᠦᠭᠵᠢᠯᠳᠡ ᠬᠠᠷᠢᠴᠠᠩᠭᠤᠢ ᠳᠦᠷᠭᠡᠨ ᠪᠤᠯᠪᠠ᠃ ᠭᠡᠬᠦ᠎ᠳᠤ ᠰᠠᠭᠤᠷᠢ ᠰᠤᠳᠤᠯᠭ᠋ᠠᠨ᠎ᠢ ᠴᠢᠩᠭ᠋ᠠᠳᠬᠠᠬᠤ ᠴᠢᠬᠤᠯᠠᠲᠠᠢ ᠪᠠᠢ᠌ᠭᠰᠠᠭ᠋ᠠᠷ ᠭᠡᠵᠤ ᠭᠡᠯᠡᠪᠡ᠃ ᠯᠢ ᠺᠸ ᠴᠢᠶᠠᠩ᠄ 《ᠰᠠᠭᠤᠷᠢ ᠰᠤᠳᠤᠯᠭ᠋ᠠᠨ ᠪᠤᠯ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠳᠡ ᠵᠢ ᠠᠬᠢᠭᠤᠯᠬᠤ ᠦᠨᠳᠦᠰᠤ ᠪᠤᠯᠤᠨ᠎ᠠ》᠃ 《ᠳᠤᠮᠳᠠᠳᠤ ᠤᠯᠤᠰ ᠰᠠᠭᠤᠷᠢ ᠰᠤᠳᠤᠯᠭ᠋ᠠᠨ᠎ᠢ ᠴᠢᠩᠭ᠋ᠠᠳᠬᠠᠵᠤ᠂ ᠦᠭᠡᠷᠡᠴᠢᠯᠡᠯᠳᠡ ᠨᠡᠭᠡᠭᠡᠯᠳᠡ ᠵᠢᠨ ᠶᠠᠪᠤᠴᠠ᠎ᠳᠤ ᠭᠠᠳᠠᠭ᠋ᠠᠳᠤ ᠵᠢᠨ ᠰᠢᠨᠵᠢᠯᠠᠬᠦ ᠤᠬᠠᠭ᠋ᠠᠳᠠᠳᠲᠠᠢ ᠬᠠᠮᠳᠤᠷᠠᠯᠴᠠᠭ᠎ᠠ᠎ᠪᠠᠨ ᠨᠢᠬᠳᠠᠷᠠᠭᠤᠯᠵᠤ᠂ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ ᠤᠯᠠᠮ ᠰᠠᠢ᠌ᠨ ᠵᠶ᠋ᠡᠷ ᠬᠠᠮᠠᠭ᠋ᠠᠯᠠᠨ᠎ᠠ》 ᠭᠡᠵᠤ ᠭᠡᠯᠡᠪᠡ᠃
ᠭᠠᠳᠠᠭ᠋ᠠᠳᠤ ᠵᠢᠨ ᠠ᠋ᠷᠳᠡᠮᠳᠡᠨ ᠮᠡᠷᠭᠡᠵᠢᠯᠳᠡᠨ᠎ᠤ ᠰᠠᠨᠠᠯ ᠰᠠᠨᠠᠭᠤᠯᠤᠮᠵᠢ ᠳᠠᠭᠤᠰᠤᠭᠰᠠᠨ᠎ᠤ ᠳᠠᠷᠠᠭ᠎ᠠ ᠯᠢ ᠺᠸ ᠴᠢᠶᠠᠩ᠂ ᠨᠢᠳᠤᠨᠤᠨ᠎ᠤ ᠳᠤᠮᠳᠠᠳᠤ ᠤᠯᠤᠰ᠎ᠤᠨ ᠠᠵᠤ ᠠᠬᠤᠢ ᠵᠢᠨ GDP ᠵᠢᠨ ᠨᠡᠮᠡᠭᠳᠡᠯ 6.6%᠎ᠳᠤ ᠬᠦᠷᠪᠡ᠂ ᠠ᠋ᠨᠡ᠎ᠨᠢ ᠦᠨᠳᠦᠷ ᠰᠠᠭᠤᠷᠢ ᠳᠤᠭ᠋ᠠᠨ᠎ᠤ ᠰᠠᠭᠤᠷᠢᠨ ᠳᠡᠭᠡᠷᠡᠬᠢ ᠨᠡᠮᠡᠭᠳᠡᠯ ᠪᠤᠯᠬᠤ ᠪᠦᠭᠡᠳ ᠳᠤᠮᠳᠠᠳᠤ ᠤᠯᠤᠰ᠎ᠤᠨ ᠠᠷᠠᠳ ᠳᠦᠮᠡᠨ᠎ᠤ ᠴᠦᠬᠦᠷᠡᠯ ᠦᠭᠡᠢ ᠴᠢᠷᠮᠠᠢ᠌ᠭᠰᠠᠨᠤ ᠦᠷ᠎ᠡ ᠳ᠋ᠦᠩ ᠪᠤᠯᠤᠨ᠎ᠠ᠂ ᠮᠦᠨᠴᠤ ᠳᠤᠮᠳᠠᠳᠤ᠎ᠳᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯ᠎ᠤᠨ ᠴᠢᠬᠤᠯᠠ ᠬᠤᠪᠢ ᠨᠡᠮᠡᠷᠢ ᠦᠵᠡᠬᠦᠯᠦᠭᠰᠡᠨ᠎ᠲᠠᠢ ᠬᠤᠯᠪᠤᠭ᠎ᠠ᠎ᠲᠠᠢ ᠭᠡᠵᠤ ᠭᠡᠯᠡᠪᠡ᠃
ᠯᠢ ᠺᠸ ᠴᠢᠶᠠᠩ᠄ 《ᠤᠳᠤᠬᠠᠨ᠎ᠳᠤ ᠳᠡᠯᠡᠭᠡᠢ ᠵᠢᠨ ᠪᠠᠢ᠌ᠳᠠᠯ ᠪᠤᠳᠤᠯᠢᠶᠠᠨᠳᠠᠢ ᠪᠦᠭᠡᠳ ᠬᠤᠪᠢᠷᠠᠯᠳᠠ ᠶᠡᠭᠡ᠎ᠲᠠᠢ ᠪᠡᠢ᠌ᠨᠠ᠂ ᠳᠤᠮᠳᠠᠳᠤ ᠤᠯᠤᠰ ᠴᠤ᠌ ᠤᠷᠳᠤ ᠬᠤᠭᠤᠴᠠᠭ᠎ᠠ᠎ᠪᠠᠷ ᠤᠷᠤᠰᠢᠵᠤ ᠪᠠᠢ᠌ᠭᠰᠠᠨ ᠵᠦᠷᠢᠴᠡᠯ ᠵᠶ᠋ᠡᠨ ᠠᠯᠬᠤᠮ ᠠᠯᠬᠤᠮ ᠵᠶ᠋ᠡᠷ ᠰᠢᠢ᠍ᠳᠪᠤᠷᠢᠯᠡᠵᠤ ᠪᠠᠢ᠌ᠭ᠎ᠠ ᠳᠤᠯᠠ ᠠᠵᠤ ᠠᠬᠤᠢ ᠵᠢᠨ ᠨᠡᠮᠡᠭᠳᠡᠯ᠎ᠨᠢ ᠤᠬᠤᠷ ᠬᠤᠭᠤᠴᠠᠭ᠋ᠠᠨ᠎ᠳᠤ ᠳᠤᠯᠬᠢᠰᠦᠯᠲᠠᠢ ᠪᠠᠢ᠌ᠬᠤ᠎ᠨᠢ ᠳᠠᠮᠵᠢᠭ ᠦᠭᠡᠢ》᠃ 《ᠭᠡᠬᠦ᠎ᠳᠤ ᠪᠢᠳᠠ ᠢᠳᠡᠭᠡᠯ ᠳᠦᠬᠦᠷᠡᠩ ᠪᠠᠢ᠌ᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠢ ᠵᠤᠬᠢᠬᠤ ᠭᠡᠮᠵᠢᠶᠡᠨ᠎ᠳᠤ ᠪᠠᠢ᠌ᠯᠭ᠋ᠠᠬᠤ ᠵᠢ ᠪᠠᠳᠤᠯᠠᠨ᠂ ᠤᠷᠳᠤ ᠬᠤᠭᠤᠴᠠᠭ᠎ᠠ᠎ᠪᠠᠷ ᠳᠤᠮᠳᠠ ᠳᠡᠭᠡᠳᠤ ᠬᠤᠷᠳᠤᠴᠠ᠎ᠪᠠᠷ ᠨᠡᠮᠡᠭᠳᠡᠬᠦᠯᠬᠦ ᠵᠢ ᠪᠡᠶᠡᠯᠡᠬᠦᠯᠬᠦ ᠴᠢᠳᠠᠪᠤᠷᠢ᠎ᠲᠠᠢ》 ᠭᠡᠵᠤ ᠭᠡᠯᠡᠪᠡ᠃
ᠯᠢ ᠺᠸ ᠴᠢᠶᠠᠩ᠂ ᠳᠤᠮᠳᠠᠳᠤ ᠤᠯᠤᠰ᠎ᠤᠨ ᠠᠵᠤ ᠠᠬᠤᠢ ᠵᠢᠨ ᠬᠦᠭᠵᠢᠯᠳᠡ ᠦᠨᠳᠦᠰᠤᠨ᠎ᠳᠤ᠎ᠪᠠᠨ ᠤᠷᠳᠤ ᠬᠤᠭᠤᠴᠠᠭ᠎ᠠ᠎ᠪᠠᠷ ᠰᠠᠢ᠌ᠨ ᠪᠤᠯᠬᠤ ᠪᠤᠯᠤᠨ᠎ᠠ᠃ ᠤᠴᠢᠷ᠎ᠨᠢ ᠳᠤᠮᠳᠠᠳᠤ ᠤᠯᠤᠰ 9 ᠳ᠋ᠦᠩᠰᠢᠭᠤᠷ ᠬᠦᠳᠡᠯᠮᠦᠷᠢᠴᠢᠨ ᠪᠠ ᠶᠡᠭᠡ ᠳᠡᠭᠡᠳᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠬᠦᠷᠳᠡᠭᠰᠡᠨ ᠪᠤᠶᠤ ᠳᠤᠰᠬᠠᠢ ᠮᠡᠷᠭᠡᠵᠢᠯᠳᠡᠨ᠎ᠢ ᠪᠠᠭᠳᠠᠭ᠋ᠠᠭᠰᠠᠨ 14 ᠳ᠋ᠦᠩᠰᠢᠭᠤᠷ ᠰᠢᠬᠠᠮ ᠬᠦᠮᠦᠨ ᠠᠮᠠ᠎ᠲᠠᠢ᠂ ᠤᠯᠤᠰ᠎ᠤᠨ ᠳᠤᠳᠤᠭ᠋ᠠᠳᠤ ᠵᠢᠨ ᠶᠡᠬᠡ ᠵᠠᠬ᠎ᠠ ᠳᠡᠯᠭᠡᠬᠦᠷ ᠪᠤᠯᠤᠨ ᠬᠦᠮᠦᠨ᠎ᠤ ᠬᠦᠴᠦᠨ ᠵᠶ᠋ᠡᠷ ᠠ᠋ᠯᠪᠡᠭ ᠪᠠᠶᠠᠯᠢᠭ ᠶᠤᠮ᠃ ᠠ᠋ᠨᠡ᠎ᠨᠢ ᠳᠤᠮᠳᠠᠳᠤ ᠤᠯᠤᠰ᠎ᠤᠨ ᠬᠦᠭᠵᠢᠯᠳᠡ ᠵᠢᠨ ᠬᠠᠮᠤᠭ ᠶᠡᠭᠡ ᠳᠡᠯᠳᠡ ᠬᠦᠴᠤᠨ ᠪᠤᠯᠤᠨ᠎ᠠ ᠭᠡᠪᠡ᠃
ᠯᠢ ᠺᠸ ᠴᠢᠶᠠᠩ᠂ ᠳᠤᠮᠳᠠᠳᠤ ᠤᠯᠤᠰ ᠦᠭᠡᠷᠡᠴᠢᠯᠡᠯᠳᠡ ᠨᠡᠭᠡᠭᠡᠯᠳᠡ᠎ᠪᠠᠨ ᠤᠯᠠᠮ ᠵᠶ᠋ᠡᠷ ᠦᠷᠭᠡᠳᠭᠡᠨ᠂ ᠵᠠᠬ᠎ᠠ ᠳᠡᠯᠭᠡᠬᠦᠷ᠎ᠲᠤ ᠤᠷᠤᠬᠤ ᠵᠢ ᠵᠦᠪᠰᠢᠶᠡᠷᠡᠬᠦ᠎ᠪᠠᠨ ᠠᠭᠤᠵᠢᠮ ᠳᠠᠯᠪᠢᠵᠤ᠂ ᠠᠳᠠᠯᠢ ᠳᠡᠭᠰᠢ᠎ᠪᠠᠷ ᠬᠠᠨᠳᠤᠨ᠂ ᠠ᠋ᠷᠭᠡ ᠳᠡᠭᠰᠢ᠎ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠬᠠᠩᠭ᠋ᠠᠵᠤ᠂ ᠭᠠᠳᠠᠭ᠋ᠠᠳᠤ ᠵᠢᠨ ᠳᠡᠷᠢᠬᠦᠨ᠎ᠤ ᠮᠡᠷᠭᠡᠵᠢᠯ ᠪᠤᠯᠤᠨ ᠬᠠᠮᠢᠶᠠᠷᠤᠯᠳᠠ ᠵᠢᠨ ᠳᠤᠷᠰᠢᠯᠭ᠎ᠠ᠎ᠪᠠᠷ ᠳᠤᠯᠢ ᠪᠤᠯᠭ᠋ᠠᠬᠤ ᠪᠤᠯᠤᠨ᠎ᠠ ᠭᠡᠵᠤ ᠭᠡᠯᠡᠪᠡ᠃
ᠯᠢ ᠺᠸ ᠴᠢᠶᠠᠩ᠂ ᠪᠢᠳᠡ ᠡᠯ᠎ᠡ ᠤᠯᠤᠰ᠎ᠤᠨ ᠦᠷᠢᠰᠦᠯᠳᠦᠬᠦ ᠴᠢᠳᠠᠪᠤᠷᠢ᠎ᠲᠠᠢ ᠳᠠᠸᠠᠷ ᠪᠤᠯᠤᠨ ᠮᠡᠷᠭᠡᠵᠢᠯ ᠳᠤᠮᠳᠠᠳᠤ ᠤᠯᠤᠰ᠎ᠤᠨ ᠵᠠᠬ᠎ᠠ ᠳᠡᠯᠭᠡᠬᠦᠷ᠎ᠲᠤ ᠤᠷᠤᠵᠤ ᠢᠷᠡᠬᠦ ᠵᠢ ᠪᠠᠶᠠᠷᠯᠠᠨ ᠤᠬᠳᠤᠵᠤ᠂ ᠤᠯᠤᠰ᠎ᠤᠨ ᠳᠤᠳᠤᠭ᠋ᠠᠳᠤ ᠵᠢᠨ ᠭᠡᠷᠡᠭᠯᠡᠭᠴᠢᠳ᠎ᠲᠤ ᠨᠡᠩ ᠠᠷᠪᠢᠨ ᠴᠢᠯᠦᠭᠡᠲᠠᠢ ᠰᠤᠩᠭᠤᠨ ᠭᠡᠷᠡᠭᠯᠡᠬᠦ ᠵᠠᠪᠰᠢᠶᠠᠨ ᠬᠠᠩᠭ᠋ᠠᠬᠤ ᠵᠢᠨ ᠬᠠᠮᠳᠤ ᠳᠡᠯᠡᠭᠡᠢ ᠵᠢᠨ ᠡᠯ᠎ᠡ ᠤᠯᠤᠰ᠎ᠲᠤ ᠨᠡᠩ ᠶᠡᠭᠡ ᠵᠠᠬ᠎ᠠ ᠳᠡᠯᠭᠡᠬᠦᠷ ᠬᠠᠩᠭ᠋ᠠᠨ᠎ᠠ᠃ ᠪᠢᠳᠡ ᠮᠡᠳᠡᠯᠭᠡ ᠵᠢᠨ ᠦᠮᠴᠢᠯᠠᠯ᠎ᠤᠨ ᠠ᠋ᠷᠭᠡ ᠵᠢ ᠬᠠᠮᠠᠭ᠋ᠠᠯᠠᠵᠤ᠂ ᠰᠢᠨ᠎ᠠ ᠵᠢ ᠠ᠋ᠬᠦᠳᠦᠭᠰᠡᠨ ᠦᠷ᠎ᠡ ᠪᠦᠳᠦᠭᠡᠯ᠎ᠢ ᠬᠤᠪᠢᠷᠠᠭᠤᠯᠤᠨ ᠠᠰᠢᠭᠯᠠᠵᠤ᠂ ᠰᠢᠨ᠎ᠠ ᠵᠢ ᠠ᠋ᠬᠦᠳᠤᠨ ᠬᠦᠭᠵᠢᠬᠦ ᠪᠤᠯᠤᠨ ᠨᠡᠢ᠌ᠭᠡᠮ᠎ᠤᠨ ᠳᠠᠪᠰᠢᠯᠳᠠ ᠵᠢ ᠠᠬᠢᠭᠤᠯᠤᠨ᠎ᠠ ᠭᠡᠵᠤ ᠭᠡᠯᠡᠪᠡ᠃
ᠯᠢ ᠺᠸ ᠴᠢᠶᠠᠩ ᠬᠠᠮᠤᠭ ᠰᠡᠬᠦᠯ᠎ᠳᠤ᠂ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠳᠤᠮᠳᠠᠳᠤ ᠤᠯᠤᠰ᠎ᠲᠤ ᠢᠷᠡᠵᠤ ᠠᠵᠢᠯᠯᠠᠬᠤ ᠵᠢ ᠪᠠᠶᠠᠷᠯᠠᠨ ᠤᠭᠳᠤᠨ᠎ᠠ᠃ ᠳᠤᠮᠳᠠᠳᠤ ᠤᠯᠤᠰ᠎ᠤᠨ᠎ᠬᠢᠨ ᠭᠠᠳᠠᠭ᠋ᠠᠳᠤ ᠵᠢᠨ ᠴᠢᠳᠠᠪᠤᠷᠢᠳᠠᠨ᠎ᠤ ᠬᠠᠮᠢᠶᠠᠷᠤᠯᠳᠠ ᠦᠢ᠍ᠯᠡᠴᠢᠯᠡᠭᠡ ᠪᠠᠳᠤᠯᠠᠪᠤᠷᠢ ᠵᠢᠨ ᠳᠠᠯ᠎ᠠ᠎ᠪᠠᠷ᠎ᠬᠢ ᠡᠯ᠎ᠡ ᠵᠦᠢ᠍ᠯ᠎ᠤᠨ ᠳᠦᠷᠦ ᠵᠢᠨ ᠪᠤᠳᠤᠯᠭ᠎ᠠ᠎ᠪᠠᠨ ᠤᠯᠠᠮ ᠵᠶ᠋ᠡᠷ ᠳᠡᠬᠦᠯᠳᠡᠷᠵᠢᠬᠦᠯᠵᠤ᠂ ᠳᠤᠮᠳᠠᠳᠤ ᠤᠯᠤᠰ᠎ᠲᠤ ᠢᠷᠡᠵᠤ ᠠᠵᠢᠯᠯᠠᠵᠤ ᠠᠮᠢᠳᠤᠷᠠᠵᠤ ᠪᠠᠢ᠌ᠭ᠎ᠠ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠳᠤ ᠨᠡᠩ ᠳᠦᠬᠦᠮ ᠦᠵᠡᠬᠦᠯᠦᠨ᠎ᠡ᠃ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠤ ᠦᠷᠬᠦᠯᠵᠢᠯᠡᠨ ᠰᠠᠨᠠᠯ ᠵᠦᠪᠯᠡᠯᠭᠡ ᠦᠭᠴᠤ᠂ ᠳᠤᠮᠳᠠᠳᠤ ᠤᠯᠤᠰ ᠬᠢᠭᠡᠳ ᠳᠡᠯᠡᠭᠡᠢ ᠵᠢᠨ ᠬᠦᠭᠵᠢᠯᠳᠡ ᠵᠢ ᠠᠬᠢᠭᠤᠯᠬᠤ ᠵᠢ ᠬᠦᠰᠡᠵᠤ ᠪᠠᠢ᠌ᠨ᠎ᠠ ᠭᠡᠵᠤ ᠭᠡᠯᠡᠪᠡ᠃



