ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠰᠦᠨ ᠴᠦᠨ ᠯᠠᠨ᠄ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠤᠨ ᠪᠠᠢ᠌ᠭᠤᠯᠤᠯᠳᠠ ᠵᠢ ᠳᠦᠷᠭᠡᠳᠭᠡᠬᠦ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2019-01-30

         
     1 ᠳ᠋ᠤᠭᠡᠷ ᠰᠠᠷ᠎ᠠ ᠵᠢᠨ 26᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠰᠦᠨ ᠴᠦᠨ ᠯᠠᠨ ᠳᠢᠶᠠᠨᠵᠢᠨ᠎ᠳᠤ ᠬᠤᠷᠠᠯᠳᠤᠭᠰᠠᠨ ᠪᠦᠬᠦ ᠤᠯᠤᠰ᠎ᠤᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠤᠨ ᠪᠠᠢ᠌ᠭᠤᠯᠤᠯᠳᠠ ᠵᠢ ᠠᠬᠢᠭᠤᠯᠬᠤ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
      ᠰᠦᠨ ᠴᠦᠨ ᠯᠠᠨ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠤᠨ ᠪᠠᠢ᠌ᠭᠤᠯᠤᠯᠳᠠ ᠵᠢ ᠳᠡᠬᠦᠯᠳᠡᠷᠵᠢᠬᠦᠯᠬᠦ᠎ᠨᠢ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠠᠵᠢᠯ᠎ᠢ ᠰᠠᠢ᠌ᠳᠤᠷ ᠬᠢᠬᠦ ᠵᠢᠨ ᠰᠠᠭᠤᠷᠢ ᠪᠤᠯᠤᠨ᠎ᠠ᠃ ᠠ᠋ᠨᠡ ᠬᠦ᠌ ᠠᠵᠢᠯ᠎ᠢ ᠶᠡᠷᠦᠩᠭᠡᠢ ᠱᠦᠵᠢ ᠰᠢ ᠵᠢᠨ ᠫᠢᠩ ᠳᠦᠢ᠍ᠯ ᠵᠶ᠋ᠡᠷ ᠴᠢᠬᠤᠯᠠᠴᠢᠯᠠᠨ ᠤᠯᠠᠨᠳᠠ ᠴᠤᠬᠤᠯᠠᠪᠤᠷᠢᠯᠠᠵᠤ᠂ ᠳᠤᠳᠤᠷᠬᠠᠢ ᠱᠠᠭ᠋ᠠᠷᠳᠠᠯᠭ᠎ᠠ ᠳᠤᠷᠠᠳᠤᠭᠰᠠᠨ ᠶᠤᠮ᠃ ᠡᠯ᠎ᠡ ᠭᠠᠵᠠᠷ᠎ᠤᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠨᠢ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠤᠨ ᠪᠠᠢ᠌ᠭᠤᠯᠤᠯᠳᠠ ᠵᠢ ᠴᠢᠬᠤᠯᠠ ᠤᠯᠤᠰ ᠳᠦᠷᠦ ᠵᠢᠨ ᠠ᠋ᠬᠦᠷᠭᠡ ᠪᠤᠯᠭ᠋ᠠᠨ᠂ ᠳᠢᠶᠠᠨᠵᠢᠨ ᠠ᠋ᠾᠸᠪᠸᠢ ᠵᠡᠷᠭᠡ ᠭᠠᠵᠠᠷ ᠤᠷᠤᠨ᠎ᠤ ᠠᠷᠭ᠎ᠠ ᠳᠤᠷᠰᠢᠯᠭ᠎ᠠ᠎ᠪᠠᠷ ᠳᠤᠯᠢ ᠪᠤᠯᠭ᠋ᠠᠵᠤ᠂ ᠠᠵᠢᠯ᠎ᠤᠨ ᠳᠦᠰᠦᠯ ᠵᠶ᠋ᠡᠨ ᠨᠠᠷᠢᠯᠢᠭᠵᠢᠭᠤᠯᠤᠨ᠂ ᠪᠦᠳᠦᠮᠵᠢᠳᠡᠢ ᠠᠷᠭ᠎ᠠ ᠭᠡᠮᠵᠢᠶ᠎ᠡ ᠠᠪᠴᠤ᠂ ᠪᠠᠢ᠌ᠭᠤᠯᠤᠮᠵᠢ᠎ᠲᠠᠢ᠂ ᠤᠷᠤᠨ ᠳᠤᠭ᠎ᠠ᠎ᠲᠠᠢ᠂ ᠠᠵᠢᠯᠳᠠᠨ᠎ᠲᠠᠢ᠂ ᠵᠠᠷᠤᠳᠠᠯ ᠮᠦᠩᠬᠦ᠎ᠲᠠᠢ᠂ ᠪᠠᠳᠤᠯᠠᠭ᠎ᠠ᠎ᠲᠠᠢ ᠪᠤᠯᠭ᠋ᠠᠬᠤ ᠵᠢ ᠦᠨᠡᠨ ᠬᠦ᠌ ᠪᠡᠶᠡᠯᠡᠬᠦᠯᠬᠦ ᠭᠡᠷᠡᠭᠳᠡᠢ᠃ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠢ ᠠ᠋ᠨᠡ ᠵᠢᠯ᠎ᠤᠨ 5 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠠ ᠪᠦᠬᠦ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠲᠤ ᠨᠠᠢ᠌ᠳᠠᠪᠤᠷᠢᠵᠢᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠰᠦᠨ ᠴᠦᠨ ᠯᠠᠨ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠰᠢᠰᠲᠸᠮ᠎ᠢ ᠪᠠᠢ᠌ᠭᠤᠯᠬᠤ ᠵᠢᠨ ᠵᠤᠷᠢᠯᠳᠡ᠎ᠨᠢ ᠳᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠵᠤ᠂ ᠦᠢ᠍ᠯᠡᠴᠢᠯᠡᠭᠡ ᠪᠠᠳᠤᠯᠠᠭ᠎ᠠ ᠵᠢᠨ ᠬᠠᠮᠤᠭ ᠰᠡᠬᠦᠯᠴᠢ ᠵᠢᠨ ᠠᠰᠠᠭᠤᠳᠠᠯ᠎ᠢ ᠰᠢᠢ᠍ᠳᠪᠤᠷᠢᠯᠡᠬᠦ᠎ᠳᠤ ᠪᠠᠢ᠌ᠭ᠎ᠠ ᠶᠤᠮ᠃ ᠡᠯ᠎ᠡ ᠱᠠᠳᠤᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡ ᠪᠠᠳᠤᠯᠠᠭ᠎ᠠ ᠵᠢᠨ ᠪᠠᠢ᠌ᠭᠤᠯᠤᠮᠵᠢ᠎ᠨᠢ ᠬᠠᠮᠢᠶᠠᠷᠤᠯᠳᠠ ᠵᠢᠨ ᠳᠦᠷᠢᠮ᠂ ᠠᠵᠢᠯ᠎ᠤᠨ ᠶᠠᠪᠤᠴᠠ᠂ ᠠᠵᠢᠯᠯᠠᠭ᠋ᠠᠨ᠎ᠤ ᠳᠤᠭᠳᠠᠴᠠ᠎ᠪᠠᠨ ᠳᠡᠬᠦᠯᠳᠡᠷᠵᠢᠬᠦᠯᠵᠤ᠂ ᠨᠢᠭᠡᠳᠤᠯᠳᠠᠢ ᠮᠡᠳᠡᠭᠡ ᠵᠠᠩᠬᠢ ᠵᠢᠨ ᠳᠠᠪᠴᠠᠩ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠬᠦᠢ᠍ᠴᠡᠳᠭᠡᠬᠦ ᠳᠠᠪᠴᠠᠩ ᠪᠠᠢ᠌ᠭᠤᠯᠤᠨ᠂ ᠦᠢ᠍ᠯᠡᠴᠢᠯᠡᠭᠡ ᠪᠠᠳᠤᠯᠠᠭ᠎ᠠ ᠵᠢᠨ ᠴᠢᠳᠠᠪᠤᠷᠢ᠎ᠪᠠᠨ ᠴᠢᠷᠮᠠᠢ᠌ᠨ ᠳᠡᠭᠡᠭᠰᠢᠯᠡᠬᠦᠯᠵᠤ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠤᠨ ᠬᠦᠷᠳᠡᠮᠵᠢ ᠵᠢᠨ ᠳᠦᠷᠦᠭᠳᠡᠯ ᠪᠤᠯᠤᠨ ᠰᠡᠳᠬᠢᠯ ᠬᠠᠨᠤᠮᠵᠢᠳᠠᠢ ᠪᠠᠢ᠌ᠬᠤ ᠭᠡᠮᠵᠢᠶ᠎ᠡ ᠵᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃ ᠠᠵᠢᠯ᠎ᠤᠨ ᠠᠷᠭ᠎ᠠ ᠪᠠᠷᠢᠯ᠎ᠤᠨ ᠰᠢᠨᠡᠴᠢᠯᠡᠯᠲᠡ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠢ ᠬᠦᠨᠳᠦᠳᠭᠡᠨ ᠬᠠᠷᠠᠭ᠋ᠠᠯᠵᠠᠵᠤ᠂ ᠬᠤᠯᠪᠤᠭᠳᠠᠯ ᠪᠦᠬᠦᠢ ᠳᠦᠷᠦ ᠵᠢᠨ ᠪᠤᠳᠤᠯᠭ᠎ᠠ ᠵᠢ ᠰᠠᠢ᠌ᠳᠤᠷ ᠨᠠᠢ᠌ᠳᠠᠪᠤᠷᠢᠵᠢᠭᠤᠯᠤᠨ᠂ ᠬᠦᠴᠢᠷᠳᠡᠯ᠎ᠢ᠎ᠨᠢ ᠬᠠᠮᠵᠢᠨ ᠰᠢᠢ᠍ᠳᠪᠤᠷᠢᠯᠡᠬᠦ᠂ ᠵᠦᠷᠢᠴᠡᠯ ᠮᠦᠷᠬᠦᠯᠳᠦᠭᠡᠨ᠎ᠢ ᠨᠠᠮᠳᠠᠭᠤᠯᠬᠤ᠂ ᠬᠦᠮᠦᠵᠢᠯ ᠪᠤᠯᠪᠠᠰᠤᠷᠠᠯ ᠬᠦᠷᠳᠡᠭᠡᠬᠦ᠂ ᠠᠵᠢᠯ ᠤᠯᠵᠤ ᠠᠳᠠᠯ ᠦᠢ᠍ᠯᠡᠰ ᠪᠤᠰᠬᠠᠬᠤ ᠵᠢ ᠳᠡᠮᠵᠢᠬᠦ ᠵᠡᠷᠭᠡ ᠠᠵᠢᠯ᠎ᠢ ᠰᠠᠢ᠌ᠳᠤᠷ ᠬᠢᠬᠦ ᠭᠡᠷᠡᠭᠳᠡᠢ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠪᠤᠯᠭᠤᠭ᠋ᠠᠨ ᠳᠤᠬᠤᠨᠢᠭᠤᠯᠬᠤ ᠠᠵᠢᠯ᠎ᠢ ᠦᠷᠭᠡᠨ ᠵᠶ᠋ᠡᠷ ᠦᠷᠨᠢᠬᠦᠯᠵᠤ᠂ ᠦᠷᠭᠡᠨ ᠤᠯᠠᠨ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠎ᠲᠤ ᠨᠡᠮ ᠵᠠᠰᠠᠭ᠎ᠤᠨ ᠬᠠᠢ᠌ᠷ᠎ᠠ ᠬᠠᠯᠠᠮᠵᠢ ᠵᠢ ᠬᠦᠷᠭᠡᠬᠦ ᠭᠡᠷᠡᠭᠳᠡᠢ ᠭᠡᠵᠤ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ᠄ ᠠᠮᠢᠳᠤᠷᠠᠯ᠎ᠤᠨ ᠪᠤᠵᠠᠷ ᠤᠰᠤᠨ᠎ᠤ ᠵᠠᠰᠠᠯᠳᠠ ᠵᠢ ᠴᠢᠩᠭ᠋ᠠᠳᠬᠠᠬᠤ ᠪᠠ ᠬᠦᠳᠡᠭᠡ ᠳᠤᠰᠬᠤᠨ᠎ᠤ ᠵᠤᠷᠯᠤᠩ᠎ᠤᠨ ᠦᠭᠡᠷᠡᠴᠢᠯᠡᠯᠳᠡ ᠵᠢ ᠠᠬᠢᠭᠤᠯᠬᠤ ᠵᠢ ᠳᠦᠷᠭᠡᠳᠭᠡᠬᠦ ᠭᠡᠷᠡᠭᠳᠡᠢ ᠭᠡᠪᠡ
ᠯᠢᠦ ᠠ᠋ᠾᠸ ᠪᠡᠭᠡᠵᠢᠩ᠎ᠤᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠᠵᠢᠯ᠎ᠢ ᠪᠠᠢ᠌ᠴᠠᠭ᠋ᠠᠪᠠ
ᠠᠯᠠᠱᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ᠂ ᠠᠢ᠌ᠮᠠᠭ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ ᠬᠠᠮᠲᠤᠷᠠᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠴᠠᠭ᠋ᠠᠯᠲᠠ ᠬᠢᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠠᠷᠢᠶ᠎ᠠ ᠨᠢᠭᠡᠴᠢ ᠵᠢᠨ ᠵᠶ᠋ᠠᠨ ᠠᠮᠤᠷ ᠲᠦᠪᠰᠢᠨ᠎ᠤ ᠠᠵᠢᠯ᠎ᠢ ᠪᠠᠢ᠌ᠴᠠᠭ᠋ᠠᠵᠠᠢ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠳᠤᠭᠤᠢ᠌ᠯᠠᠩ ᠶᠠᠳᠠᠭᠤ ᠵᠢ ᠳᠡᠳᠬᠦᠬᠦ ᠳᠤᠰᠬᠤᠨ᠎ᠳᠤ᠎ᠪᠠᠨ ᠭᠦᠨᠵᠡᠭᠡᠢ᠌ᠷᠠᠨ ᠰᠠᠨᠠᠯ ᠬᠤᠷᠢᠶᠠᠪᠠ
 
            