1 ᠳ᠋ᠤᠭᠡᠷ ᠰᠠᠷ᠎ᠠ ᠵᠢᠨ 20᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠯᠢᠦ ᠠ᠋ᠾᠸ ᠪᠡᠭᠡᠵᠢᠩ᠎ᠤᠨ 2019 ᠤᠨ᠎ᠤ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠᠵᠢᠯ᠎ᠢ ᠪᠠᠢ᠌ᠴᠠᠭ᠋ᠠᠵᠠᠢ᠃
ᠯᠢᠦ ᠠ᠋ᠾᠸ ᠤᠷᠢᠳ ᠬᠤᠵᠢᠳ ᠪᠡᠭᠡᠵᠢᠩ᠎ᠤᠨ ᠭᠠᠯᠳᠤ ᠳᠡᠷᠭᠡᠨ ᠦᠷᠳᠡᠭᠡ᠂ ᠰᠸ ᠬᠤᠢ ᠵᠠᠮ ᠬᠠᠷᠢᠯᠴᠠᠭ᠋ᠠᠨ᠎ᠤ ᠬᠦᠢ᠍ᠰᠤ᠂ ᠨᠡᠢ᠌ᠰᠯᠡᠯ᠎ᠤᠨ ᠨᠢᠰᠭᠡᠯ᠎ᠤᠨ ᠪᠠᠭᠤᠳᠠᠯ ᠵᠡᠷᠭᠡ ᠭᠠᠵᠠᠷ ᠵᠶ᠋ᠡᠷ ᠬᠦᠷᠴᠤ᠂ ᠴᠠᠭ᠋ᠠᠨ ᠰᠠᠷ᠎ᠠ ᠵᠢᠨ ᠵᠦᠭᠡᠭᠡᠪᠤᠷᠢ ᠵᠢᠨ ᠠᠵᠢᠯ᠎ᠤᠨ ᠵᠤᠬᠢᠶᠠᠨ ᠪᠠᠢ᠌ᠭᠤᠯᠤᠯᠳᠠ᠂ ᠠᠮᠤᠷ ᠳᠦᠪᠰᠢᠨ᠎ᠤ ᠪᠠᠳᠤᠯᠠᠭ᠎ᠠ᠂ ᠵᠦᠭᠡᠭᠡᠪᠤᠷᠢ ᠵᠢᠨ ᠠᠪᠴᠠᠯᠳᠤᠭ᠎ᠠ᠂ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡ ᠵᠡᠷᠭᠡ ᠵᠢᠨ ᠪᠠᠢ᠌ᠳᠠᠯ᠎ᠢ ᠪᠠᠢ᠌ᠴᠠᠭ᠋ᠠᠵᠤ᠂ ᠳᠡᠷᠭᠡ ᠬᠦᠯᠢᠶᠡᠵᠤ ᠪᠠᠢ᠌ᠭᠰᠠᠨ ᠬᠦᠮᠦᠰ᠎ᠲᠠᠢ ᠳᠤᠳᠤᠨᠤ᠎ᠪᠠᠷ ᠵᠤᠭᠤᠭᠳᠠᠨ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠦᠢ᠍ᠯᠡᠴᠢᠯᠡᠭᠡ ᠵᠢᠨ ᠪᠠᠢ᠌ᠳᠠᠯ᠎ᠢ ᠤᠢ᠌ᠯᠠᠭ᠋ᠠᠬᠤ ᠵᠢᠨ ᠬᠠᠮᠳᠤ ᠰᠠᠢ᠌ᠨ ᠳᠤᠷ᠎ᠠ ᠵᠢᠨ ᠦᠢ᠍ᠯᠡᠴᠢᠯᠡᠭᠴᠢ᠂ ᠳᠤᠳᠤᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠵᠡᠪᠰᠡᠭᠳᠤ ᠴᠠᠭᠳᠠᠭ᠎ᠠ ᠵᠢᠨ ᠳᠠᠷᠤᠭ᠎ᠠ ᠪᠠᠢ᠌ᠯᠳᠤᠭᠴᠢ ᠪᠤᠯᠤᠨ ᠵᠠᠮ ᠬᠠᠷᠢᠯᠴᠠᠭ᠋ᠠᠨ᠎ᠤ ᠠᠵᠢᠯ ᠳᠦᠷᠦᠯ᠎ᠤᠨ ᠺᠠᠳ᠋ᠷ ᠠᠵᠢᠯᠳᠠᠨ᠎ᠢ ᠪᠤᠯᠭᠤᠭ᠋ᠠᠨ ᠳᠤᠬᠤᠨᠢᠭᠤᠯᠪᠠ᠃ ᠯᠢᠦ ᠠ᠋ᠾᠸ᠂ 2019 ᠤᠨ᠎ᠤ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠨᠠᠭ᠋ᠠᠰᠢ ᠴᠠᠭ᠋ᠠᠰᠢ ᠠᠶᠠᠯᠠᠬᠤ ᠬᠦᠮᠦᠨ᠎ᠤ ᠳᠤᠭ᠎ᠠ ᠦᠷᠬᠦᠯᠵᠢᠯᠡᠨ ᠨᠡᠮᠡᠭᠳᠡᠬᠦ ᠵᠢᠨ ᠬᠠᠮᠳᠤ ᠴᠠᠭ᠋ᠠᠨ ᠰᠠᠷ᠎ᠠ ᠵᠢᠨ ᠵᠦᠭᠡᠭᠡᠪᠤᠷᠢ ᠵᠢᠨ ᠬᠤᠭᠤᠴᠠᠭ᠋ᠠᠨ᠎ᠤ ᠴᠠᠭ ᠠᠭᠤᠷ ᠴᠤ᠌ ᠳᠤᠭᠳᠠᠪᠤᠷᠢ ᠦᠭᠡᠢ ᠪᠠᠢ᠌ᠵᠤ᠂ ᠬᠦᠢ᠍ᠳᠡᠷᠡᠬᠦ᠂ ᠴᠠᠰᠤ ᠪᠤᠷᠤᠭ᠋ᠠᠨ ᠤᠷᠤᠬᠤ᠂ ᠬᠦᠯᠳᠡᠬᠦ᠂ ᠮᠡᠨᠡᠨᠳᠠᠬᠤ ᠵᠡᠷᠭᠡ ᠪᠠᠢ᠌ᠳᠠᠯ ᠢᠯᠡᠷᠡᠵᠤ ᠪᠠᠢ᠌ᠨ᠎ᠠ᠃ ᠡᠯ᠎ᠡ ᠭᠠᠵᠠᠷ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠵᠤᠬᠢᠶᠠᠨ ᠪᠠᠢ᠌ᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠨᠢᠭ᠍ᠳᠡ ᠬᠠᠮᠳᠤᠷᠠᠯᠴᠠᠵᠤ᠂ ᠭᠠᠷᠴᠤ ᠮᠡᠳᠡᠬᠦ ᠬᠦᠴᠢᠷᠳᠡᠯ᠎ᠢ ᠰᠢᠢ᠍ᠳᠪᠤᠷᠢᠯᠡᠬᠦ ᠬᠦᠮᠦᠨ᠎ᠤ ᠬᠦᠴᠦ᠂ ᠪᠤᠳᠠᠰ᠎ᠤᠨ ᠬᠦᠴᠦ ᠪᠤᠯᠤᠨ ᠵᠠᠷᠤᠳᠠᠯ ᠮᠦᠩᠬᠦ ᠵᠢ ᠪᠠᠳᠤᠯᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠ᠋ᠬᠦᠷᠭᠡ᠎ᠪᠠᠨ ᠠᠮᠵᠢᠯᠳᠠ᠎ᠲᠠᠢ ᠪᠡᠶᠡᠯᠡᠬᠦᠯᠬᠦ ᠭᠡᠷᠡᠭᠳᠡᠢ ᠭᠡᠵᠤ ᠱᠠᠭ᠋ᠠᠷᠳᠠᠪᠠ᠃
ᠯᠢᠦ ᠠ᠋ᠾᠸ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠᠮᠤᠷ ᠳᠦᠪᠰᠢᠨ᠎ᠢ ᠳᠡᠷᠢᠬᠦᠨ ᠪᠠᠢ᠌ᠷᠢᠨ᠎ᠳᠤ ᠳᠠᠯᠪᠢᠵᠤ᠂ ᠠᠮᠤᠷ ᠳᠦᠪᠰᠢᠨ᠎ᠢ ᠪᠠᠳᠤᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠠᠮᠤᠷ ᠳᠦᠪᠰᠢᠨ᠎ᠤ ᠳᠠᠯᠳᠠ ᠭᠡᠮ᠎ᠢ ᠠᠷᠢᠯᠭ᠋ᠠᠵᠤ᠂ ᠠᠮᠤᠷ ᠳᠦᠪᠰᠢᠨ᠎ᠤ ᠬᠢᠨᠠᠨ ᠬᠠᠮᠢᠶᠠᠷᠤᠯᠳᠠ ᠪᠤᠯᠤᠨ ᠪᠠᠴᠢᠮ ᠪᠠᠢ᠌ᠳᠠᠯ᠎ᠢ ᠡᠵᠡᠮᠳᠡᠨ ᠠᠷᠭ᠋ᠠᠴᠠᠬᠤ ᠴᠢᠳᠠᠪᠤᠷᠢ᠎ᠪᠠᠨ ᠳᠡᠭᠡᠭᠰᠢᠯᠡᠬᠦᠯᠬᠦ ᠭᠡᠷᠡᠭᠳᠡᠢ᠃ ᠵᠠᠮ ᠬᠠᠷᠢᠯᠴᠠᠭ᠋ᠠᠨ᠎ᠤ ᠰᠠᠭᠤᠷᠢ ᠳᠦᠬᠦᠭᠡᠷᠦᠮᠵᠢ ᠵᠢᠨ ᠪᠡᠯᠡ ᠤᠷᠤᠭᠤᠯᠤᠯᠳᠠ ᠪᠤᠯᠤᠨ ᠪᠦᠳᠦᠭᠡᠨ ᠪᠠᠢ᠌ᠭᠤᠯᠤᠯᠳᠠ ᠵᠢᠨ ᠠ᠋ᠷᠴᠢᠮ ᠵᠶ᠋ᠡᠨ ᠴᠢᠩᠭ᠋ᠠᠷᠠᠭᠤᠯᠵᠤ᠂ ᠳᠠᠯᠳᠠ ᠬᠦᠴᠦᠨ᠎ᠢ ᠠᠭᠤᠳᠠᠯᠤᠨ᠂ ᠵᠦᠭᠡᠭᠡᠪᠤᠷᠢ ᠵᠢᠨ ᠦᠷ᠎ᠡ ᠪᠦᠳᠦᠮᠵᠢ ᠵᠢ ᠳᠡᠭᠡᠭᠰᠢᠯᠡᠬᠦᠯᠤᠨ᠂ ᠠᠳᠠᠯᠢ ᠪᠤᠰᠤ ᠵᠦᠭᠡᠭᠡᠪᠤᠷᠢ ᠵᠢᠨ ᠭᠡᠯᠪᠡᠷᠢ ᠵᠢᠨ ᠬᠤᠭᠤᠷᠤᠨᠳᠤᠬᠢ ᠪᠠ ᠬᠤᠳᠠ ᠵᠢᠨ ᠵᠠᠮ ᠬᠠᠷᠢᠯᠴᠠᠭ᠎ᠠ ᠪᠤᠯᠤᠨ ᠬᠤᠳᠠ ᠵᠢᠨ ᠬᠠᠪᠢ ᠵᠢᠨ ᠵᠠᠮ ᠬᠠᠷᠢᠯᠴᠠᠭ᠎ᠠ᠂ ᠬᠤᠳᠠ ᠬᠦᠳᠡᠭᠡ ᠵᠢᠨ ᠵᠠᠮ ᠬᠠᠷᠢᠯᠴᠠᠭ᠎ᠠ ᠵᠢ ᠵᠣᠬᠢᠰᠲᠠᠢ ᠵᠣᠯᠭ᠋ᠠᠭᠤᠯᠬᠤ ᠵᠢ ᠴᠢᠩᠭ᠋ᠠᠳᠬᠠᠬᠤ ᠭᠡᠷᠡᠭᠳᠡᠢ᠃ 《ᠠᠶᠠᠨ ᠵᠠᠮ᠎ᠳᠤ ᠬᠠᠢ᠌ᠷ᠎ᠡ ᠬᠠᠯᠠᠮᠵᠢ ᠬᠦᠷᠭᠡᠬᠦ》 ᠠᠵᠢᠯᠯᠠᠭ᠎ᠠ ᠵᠢ ᠦᠷᠬᠦᠯᠵᠢᠯᠡᠨ ᠦᠷᠨᠢᠬᠦᠯᠵᠤ᠂ ᠠᠷᠠᠳ᠎ᠲᠤ ᠳᠦᠭᠦᠮ ᠦᠵᠡᠭᠦᠯᠵᠤ ᠦᠢ᠍ᠯᠡᠴᠢᠯᠡᠬᠦ ᠠᠷᠭ᠎ᠠ ᠭᠡᠮᠵᠢᠶ᠎ᠡ ᠵᠢ ᠤᠯᠠᠮ ᠵᠶ᠋ᠡᠷ ᠨᠠᠷᠢᠯᠢᠬ᠍ᠵᠢᠭᠤᠯᠤᠨ᠂ ᠪᠢᠯᠸᠲ ᠬᠤᠳᠠᠯᠳᠤᠨ ᠠᠪᠬᠤ᠂ ᠳᠡᠷᠭᠡ ᠬᠦᠯᠢᠶᠡᠬᠦ᠂ ᠳᠡᠷᠭᠡ ᠰᠤᠯᠢᠬᠤ ᠤᠷᠴᠢᠨ ᠠᠬᠤᠢ ᠵᠢ ᠰᠢᠯᠢᠳᠡᠭᠵᠢᠬᠦᠯᠵᠤ᠂ ᠨᠠᠰᠤᠲᠠᠢ᠌ᠴᠤᠳ᠂ ᠨᠢᠯᠬᠠᠰ᠂ ᠡᠪᠡᠳᠴᠢᠨ᠎ᠲᠠᠢ᠂ ᠵᠡᠮᠳᠡᠭ ᠬᠦᠮᠦᠨ᠂ ᠵᠢᠷᠮᠦᠰᠦᠨ ᠪᠦᠰᠡᠬᠦᠢ ᠵᠡᠷᠭᠡ ᠭᠤᠤᠯᠳᠠᠯᠭ᠎ᠠ᠎ᠲᠠᠢ ᠠᠶᠠᠨᠴᠢᠨ᠎ᠳᠤ ᠰᠠᠢ᠌ᠳᠤᠷ ᠦᠢ᠍ᠯᠡᠴᠢᠯᠡᠬᠦ ᠭᠡᠷᠡᠭᠳᠡᠢ᠃ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ᠎ᠪᠠᠨ ᠤᠯᠠᠮ ᠵᠶ᠋ᠡᠷ ᠴᠢᠩᠭ᠋ᠠᠳᠬᠠᠨ᠂ ᠬᠠᠤᠯᠢ ᠳᠦᠷᠢᠮ᠎ᠢ ᠵᠦᠷᠢᠴᠡᠭᠰᠡᠨ᠂ ᠢᠳᠡᠭᠡᠯ ᠠᠯᠳᠠᠭᠰᠠᠨ ᠠᠵᠢᠯᠯᠠᠭ᠎ᠠ᠎ᠳᠤ ᠴᠢᠩᠭ᠎ᠠ ᠴᠤᠬᠢᠯᠳ᠋ᠨ ᠦᠭᠴᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠᠵᠢᠯ᠎ᠤᠨ ᠠ᠋ᠮᠬᠢ ᠳᠢᠭᠯᠢᠮ᠎ᠢ ᠬᠠᠮᠠᠭ᠋ᠠᠯᠠᠬᠤ ᠭᠡᠷᠡᠭᠳᠡᠢ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠵᠦᠭᠡᠭᠡᠪᠤᠷᠢ ᠵᠢᠨ ᠠᠵᠢᠯ᠎ᠤᠨ ᠠ᠋ᠮᠤᠨ᠎ᠠ ᠹᠷᠤᠨᠲ᠎ᠲᠤ ᠠᠵᠢᠯᠯᠠᠵᠤ ᠪᠠᠢ᠌ᠭ᠎ᠠ ᠺᠠᠳ᠋ᠷ ᠠᠵᠢᠯᠳᠠᠨ᠎ᠢ ᠬᠠᠷᠠᠭ᠋ᠠᠯᠵᠠᠨ ᠬᠠᠯᠠᠮᠵᠢᠯᠠᠬᠤ ᠪᠠ ᠳᠡᠳᠡᠨ᠎ᠳᠤ ᠦᠢ᠍ᠯᠡᠴᠢᠯᠡᠬᠦ᠎ᠪᠠᠨ ᠴᠢᠩᠭ᠋ᠠᠳᠬᠠᠵᠤ᠂ ᠳᠡᠳᠡᠨ᠎ᠤ ᠠᠵᠢᠯ ᠠᠮᠢᠳᠤᠷᠠᠯ᠎ᠳᠤ ᠰᠠᠢ᠌ᠨ ᠨᠦᠬᠦᠴᠡᠯ ᠪᠦᠷᠢᠯᠳᠦᠬᠦᠯᠵᠤ ᠦᠭᠬᠦ ᠭᠡᠷᠡᠭᠳᠡᠢ ᠭᠡᠵᠤ ᠴᠢᠬᠤᠯᠠᠴᠢᠯᠠᠪᠠ᠃