ᠪᠦᠬᠦ ᠤᠯᠤᠰ᠎ᠤᠨ ᠬᠦᠳᠡᠭᠡ ᠳᠤᠰᠬᠤᠨ᠎ᠤ ᠠᠮᠢᠳᠤᠷᠠᠯ᠎ᠤᠨ ᠪᠤᠵᠠᠷ ᠤᠰᠤᠨ᠎ᠤ ᠵᠠᠰᠠᠯᠳᠠ ᠵᠢ ᠠᠬᠢᠭᠤᠯᠬᠤ ᠠᠵᠢᠯ᠎ᠤᠨ ᠪᠠᠢ᠌ᠷᠢ ᠵᠢᠨ ᠬᠤᠷᠠᠯ 1 ᠳ᠋ᠤᠭᠡᠷ ᠰᠠᠷ᠎ᠠ ᠵᠢᠨ 24᠎ᠤ ᠠ᠋ᠳᠤᠷ ᠠᠨᠾᠦᠢ᠍ᠢ ᠮᠤᠵᠢ ᠵᠢᠨ ᠴᠤᠤ ᠬᠤ᠌ ᠬᠤᠳᠠ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ᠃
ᠬᠤ᠌ ᠴᠦᠨ ᠬᠤᠸᠠ᠂ ᠬᠦᠳᠡᠭᠡ ᠳᠤᠰᠬᠤᠨ᠎ᠤ ᠠᠮᠢᠳᠤᠷᠠᠯ᠎ᠤᠨ ᠪᠤᠵᠠᠷ ᠤᠰᠤ ᠵᠢ ᠵᠠᠰᠠᠬᠤ ᠶᠠᠪᠤᠳᠠᠯ ᠪᠤᠯ ᠤᠳᠤᠬᠠᠨ᠎ᠤ ᠬᠦᠳᠡᠭᠡ ᠳᠤᠰᠬᠤᠨ᠎ᠤ ᠰᠠᠭᠤᠭ᠋ᠠᠯᠢ ᠠᠷᠠᠳ᠎ᠤᠨ ᠤᠷᠤᠰᠢᠨ ᠰᠠᠭᠤᠬᠤ ᠤᠷᠴᠢᠨ ᠳᠤᠭᠤᠷᠢᠨ᠎ᠢ ᠵᠠᠰᠠᠨ ᠴᠡᠭᠴᠡᠯᠡᠬᠦ ᠬᠠᠮᠤᠭ ᠳᠤᠪᠤᠢ᠌ᠮ᠎ᠠ ᠠᠰᠠᠭᠤᠳᠠᠯ ᠪᠤᠯᠬᠤ ᠳᠤᠯᠠ ᠠ᠋ᠷᠭᠡᠪᠰᠢ ᠶᠡᠭᠡ ᠬᠦᠴᠦ ᠤᠷᠤᠭᠤᠯᠵᠤ ᠪᠠᠢ᠌ᠭ᠋ᠠᠳ ᠵᠠᠰᠠᠯᠳᠠ ᠵᠢᠨ ᠠ᠋ᠬᠦᠷᠭᠡ᠎ᠪᠠᠨ ᠳᠤᠭᠳᠠᠭᠰᠠᠨ ᠬᠤᠭᠤᠴᠠᠭ᠋ᠠᠨ᠎ᠳᠤ᠎ᠪᠠᠨ ᠴᠢᠨᠠᠷᠯᠢᠭ ᠵᠶ᠋ᠡᠷ ᠪᠠᠶᠠᠯᠠᠬᠦᠯᠬᠦ ᠭᠡᠷᠡᠭᠳᠡᠢ᠃ ᠬᠦᠳᠡᠭᠡ ᠳᠤᠰᠬᠤᠨ᠎ᠤ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠪᠤᠳᠠᠳᠤ ᠪᠠᠢ᠌ᠳᠠᠯ᠎ᠳᠤ ᠵᠤᠬᠢᠴᠠᠬᠤᠢ᠌ᠴᠠ ᠵᠠᠰᠠᠯᠳᠠ ᠵᠢᠨ ᠵᠠᠮ ᠵᠶ᠋ᠡᠷ ᠵᠠᠮᠨᠠᠵᠤ᠂ ᠬᠦᠳᠡᠭᠡ ᠳᠤᠰᠬᠤᠨ᠎ᠤ ᠤᠨᠴᠠᠯᠢᠭ᠎ᠢ ᠦᠨᠳᠦᠰᠦᠯᠡᠨ ᠵᠠᠰᠠᠯᠳᠠ ᠵᠢᠨ ᠭᠡᠪ ᠵᠠᠬ᠍ᠪᠤᠷ ᠪᠤᠯᠤᠨ ᠠᠷᠭ᠎ᠠ ᠭᠡᠮᠵᠢᠶ᠎ᠡ᠎ᠪᠠᠨ ᠳᠤᠭᠳᠠᠭ᠋ᠠᠨ᠂ ᠳᠤᠭᠤᠷᠢᠭ ᠲᠣᠭᠣᠷᠢᠭ ᠵᠶ᠋ᠠᠷ ᠳᠦᠷᠦᠯ ᠬᠤᠪᠢᠶᠠᠨ ᠠᠬᠢᠭᠤᠯᠬᠤ ᠭᠡᠷᠡᠭᠳᠡᠢ᠃ ᠬᠦᠳᠡᠭᠡ ᠳᠤᠰᠬᠤᠨ᠎ᠤ ᠠᠮᠢᠳᠤᠷᠠᠯ᠎ᠤᠨ ᠪᠤᠵᠠᠷ ᠤᠰᠤ ᠵᠢ ᠵᠠᠰᠠᠬᠤ ᠪᠠ ᠵᠤᠷᠯᠤᠩ᠎ᠤᠨ ᠦᠭᠡᠷᠡᠴᠢᠯᠡᠯᠳᠡ ᠵᠢ ᠨᠢᠭᠡᠳᠤᠯᠳᠠᠢ ᠳᠤᠬᠢᠷᠠᠭᠤᠯᠤᠨ᠂ ᠵᠠᠰᠠᠯᠳᠠ ᠵᠢᠨ ᠠᠷᠭ᠎ᠠ ᠭᠡᠮᠵᠢᠶ᠎ᠡ ᠵᠢ ᠠᠪᠴᠠᠯᠳᠤᠭᠤᠯᠬᠤ᠂ ᠰᠠᠯᠠᠭ᠎ᠠ ᠮᠦᠴᠢᠷ ᠬᠠᠮᠵᠢᠯᠴᠠᠬᠤ ᠪᠠ ᠰᠢᠶᠠᠨ᠎ᠤ ᠱᠠᠳᠤ ᠨᠡᠢ᠌ᠳᠭᠡᠨ ᠭᠡᠷᠡᠭᠵᠢᠬᠦᠯᠬᠦ ᠵᠢ ᠴᠢᠩᠭ᠋ᠠᠳᠬᠠᠵᠤ᠂ ᠬᠠᠷᠢᠯᠴᠠᠨ ᠠᠬᠢᠭᠤᠯᠬᠤ ᠭᠡᠷᠡᠭᠳᠡᠢ᠃ ᠪᠤᠬᠢᠷᠳᠤᠯ᠎ᠤᠨ ᠠ᠋ᠬᠢ ᠰᠤᠷᠪᠤᠯᠵᠢ ᠪᠡ ᠬᠤᠭ ᠨᠤᠪᠰᠢ ᠵᠢ ᠵᠠᠰᠠᠬᠤ᠂ ᠠᠮᠢ ᠠᠬᠤᠢ ᠵᠢᠨ ᠰᠡᠷᠭᠦᠯᠲᠡ ᠵᠢ ᠪᠦᠬᠦ ᠳᠠᠯ᠎ᠠ᠎ᠪᠠᠷ ᠠᠬᠢᠭᠤᠯᠤᠨ᠂ ᠤᠯᠠᠨ ᠵᠦᠢ᠍ᠯ᠎ᠤᠨ ᠠᠷᠭ᠎ᠠ᠎ᠪᠠᠷ ᠬᠦᠳᠡᠭᠡ ᠳᠤᠰᠬᠤᠨ᠎ᠤ ᠦᠮᠦᠭᠡᠢ ᠪᠤᠵᠠᠷ ᠤᠰᠤ ᠵᠢ ᠵᠠᠰᠠᠬᠤ ᠭᠡᠷᠡᠭᠳᠡᠢ᠃ ᠵᠠᠰᠠᠭ᠎ᠤᠨ ᠤᠷᠳᠤᠨ᠎ᠤ ᠵᠢᠯᠤᠭᠤᠳᠬᠤ ᠦᠢ᠍ᠯᠡᠳᠤᠯ᠎ᠢ ᠬᠦᠢ᠍ᠴᠡᠳ ᠪᠠᠳᠠᠷᠠᠭᠤᠯᠤᠨ᠂ ᠡᠯ᠎ᠡ ᠳᠠᠯ᠎ᠠ ᠵᠢᠨ ᠬᠦᠴᠦᠨ᠎ᠢ ᠳᠠᠢ᠌ᠴᠢᠯᠠᠨ ᠵᠠᠰᠠᠯᠳᠠ ᠪᠠ ᠪᠦᠳᠦᠭᠡᠨ ᠪᠠᠢ᠌ᠭᠤᠯᠤᠯᠳᠠ᠎ᠳᠤ ᠤᠷᠤᠯᠴᠠᠭᠤᠯᠵᠤ᠂ ᠪᠠᠢ᠌ᠩᠭᠤ ᠵᠢᠨ ᠪᠦᠳᠦᠮᠵᠢᠳᠤ ᠬᠢᠨᠠᠯᠳᠠ ᠬᠠᠮᠢᠶᠠᠷᠤᠯᠳᠠ ᠵᠢᠨ ᠳᠤᠭᠳᠠᠴᠠ ᠪᠠᠢ᠌ᠭᠤᠯᠤᠨ᠂ ᠬᠦᠳᠡᠭᠡ ᠳᠤᠰᠬᠤᠨ᠎ᠤ ᠠᠮᠢᠳᠤᠷᠠᠯ᠎ᠤᠨ ᠪᠤᠵᠠᠷ ᠤᠰᠤᠨ᠎ᠤ ᠵᠠᠰᠠᠯᠳᠠ ᠵᠢ ᠠᠬᠢᠭᠤᠯᠬᠤ ᠬᠦᠴᠦᠨ᠎ᠢ ᠪᠤᠢ ᠪᠤᠯᠭ᠋ᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ ᠠ᠋ᠮᠤᠨ᠎ᠠ᠂ ᠬᠤ᠌ ᠴᠦᠨ ᠬᠤᠸᠠ ᠴᠤᠤ ᠬᠤ᠌ ᠬᠤᠳᠠ ᠵᠢᠨ ᠵᠸᠨ ᠭᠤᠤ ᠪᠠᠯᠭ᠋ᠠᠰᠤ ᠵᠢᠨ ᠸᠠᠩ ᠴᠢᠶᠤᠤ ᠵᠢᠢ ᠳᠤᠰᠬᠤᠨ᠂ ᠲᠦᠩ ᠶᠠᠩ ᠪᠠᠯᠭ᠋ᠠᠰᠤ ᠵᠢᠨ ᠰᠢᠶᠤᠤ ᠳᠢᠶᠠᠨ ᠪᠦ᠋ ᠳᠤᠰᠬᠤᠨ᠂ ᠬᠤᠸᠠᠩ ᠯᠤ᠌ ᠪᠠᠯᠭ᠋ᠠᠰᠤ ᠵᠢᠨ ᠴᠠᠩ ᠹᠠᠩ ᠳᠤᠰᠬᠤᠨ ᠵᠶ᠋ᠡᠷ ᠬᠦᠷᠴᠤ ᠬᠦᠳᠡᠭᠡ ᠳᠤᠰᠬᠤᠨ᠎ᠤ ᠠᠮᠢᠳᠤᠷᠠᠯ᠎ᠤᠨ ᠪᠤᠵᠠᠷ ᠤᠰᠤᠨ᠎ᠤ ᠵᠠᠰᠠᠯᠳᠠ ᠵᠢᠨ ᠪᠠᠢ᠌ᠳᠠᠯ᠎ᠢ ᠤᠢ᠌ᠯᠠᠭ᠋ᠠᠵᠠᠢ᠃