4 ᠳ᠋ᠤᠭᠡᠷ ᠰᠠᠷ᠎ᠠ ᠵᠢᠨ 2᠎ᠤᠨ ᠠ᠋ᠲᠤᠷ ᠪᠠᠶᠠᠨᠨᠠᠭᠤᠷ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠪᠦᠬᠥ ᠬᠤᠲᠠ ᠵᠢᠨ ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠲᠤ ᠵᠠᠬ᠎ᠠ ᠵᠢᠨ ᠠᠮᠢᠲᠤᠷᠠᠯ᠎ᠤᠨ ᠪᠠᠲᠤᠯᠠᠭ᠎ᠠ ᠵᠢᠨ ᠲᠦᠷᠢᠮ ᠪᠤᠯᠤᠨ ᠶᠠᠲᠠᠭᠤ ᠵᠢ ᠲᠡᠳᠬᠥᠬᠥ ᠨᠡᠭᠡᠭᠡᠨ ᠬᠦᠭᠵᠢᠬᠥᠯᠬᠥ ᠲᠦᠷᠤ ᠵᠢᠨ ᠪᠤᠲᠤᠯᠭ᠎ᠠ ᠵᠢ ᠪᠦᠲᠤᠮᠵᠢᠲᠠᠢ ᠵᠣᠯᠭ᠋ᠠᠭᠤᠯᠬᠤ ᠪᠤᠯᠪᠠᠰᠤᠷᠠᠯ ᠬᠢᠪᠡ᠃ ᠬᠤᠷᠠᠯ᠎ᠢ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠭᠡᠰᠢᠬᠥᠨ᠂ ᠲᠡᠳ᠋ ᠲᠤᠪᠴᠢᠶᠠᠨ ᠲᠠᠷᠤᠭ᠎ᠠ ᠵᠠᠩ ᠽᠦᠸᠸ ᠯᠢᠶᠠᠩ ᠠ᠋ᠷᠬᠢᠯᠡᠵᠤ᠂ ᠡᠯ᠎ᠡ ᠬᠤᠰᠢᠭᠤ ᠰᠢᠶᠠᠨ ᠲᠤᠭᠤᠷᠢᠭ᠎ᠤᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠬᠤᠪᠢᠶᠠᠷᠢᠯᠠᠨ ᠬᠠᠷᠢᠭᠤᠴᠠᠵᠤ ᠪᠠᠢ᠌ᠬᠤ ᠤᠲᠤᠷᠢᠲᠤᠯᠭ᠎ᠠ᠂ ᠨᠠᠭ᠋ᠠᠲᠤ ᠵᠠᠬ᠎ᠠ ᠵᠢᠨ ᠠᠮᠢᠲᠤᠷᠠᠯ᠎ᠤᠨ ᠪᠠᠲᠤᠯᠠᠭ᠎ᠠ ᠵᠢᠨ ᠠᠯᠪᠠᠨ ᠭᠡᠷ᠎ᠤᠨ ᠠ᠋ᠷᠬᠢᠯᠡᠭᠴᠢ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠶᠠᠪᠤᠲᠠᠯ᠎ᠤᠨ ᠲᠤᠰᠠᠯᠠᠭᠴᠢ ᠵᠡᠷᠭᠡ 100 ᠭᠠᠷᠤᠢ ᠬᠦᠮᠤᠨ ᠠ᠋ᠨᠡ ᠤᠲᠠᠭ᠋ᠠᠨ᠎ᠤ ᠪᠤᠯᠪᠠᠰᠤᠷᠠᠯ᠎ᠳᠤ ᠤᠷᠤᠯᠴᠠᠭᠰᠠᠨ ᠪᠠᠢ᠌ᠨ᠎ᠠ᠃
