ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠦᠬᠡᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠬᠤᠷᠠᠯ ᠬᠤᠷᠠᠯᠲᠤᠪᠠ
ᠨᠡᠶᠢᠲᠡᠯᠡᠭᠰᠡᠨ ᠴᠠᠭ᠄ 2019-04-11

             


      ᠤᠢ᠌ᠷ᠎ᠠ᠎ᠳᠤ ᠬᠦᠬᠡᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠬᠤᠷᠠᠯ ᠬᠢᠵᠤ᠂ 2018 ᠤᠨ᠎ᠤ ᠠᠵᠢᠯ ᠵᠶ᠋ᠠᠨ ᠳ᠋ᠦᠩᠨᠡᠵᠤ᠂ 2019 ᠤᠡ᠎ᠤ ᠠ᠋ᠬᠥᠷᠭᠡ᠎ᠪᠠᠨ ᠪᠠᠢ᠌ᠷᠢᠯᠠᠭᠤᠯᠪᠠ᠃ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠤᠲᠤᠷᠢᠳᠬᠤ ᠪᠠᠭ᠎ᠤᠨ ᠪᠦᠷᠢᠯᠲᠤᠬᠥᠨ᠂ ᠪᠠᠢ᠌ᠴᠠᠭ᠋ᠠᠨ ᠰᠤᠲᠤᠯᠤᠭᠴᠢ᠂ ᠲᠡᠳ᠋ ᠪᠠᠢ᠌ᠴᠠᠭ᠋ᠠᠨ ᠰᠤᠲᠤᠯᠤᠭᠴᠢ᠂ ᠡᠯ᠎ᠡ ᠬᠤᠰᠢᠭᠤ ᠰᠢᠶᠠᠨ ᠲᠤᠭᠤᠷᠢᠭ᠎ᠤᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠲᠤᠪᠴᠢᠶᠠᠨ ᠲᠠᠷᠤᠭ᠎ᠠ᠂ ᠠᠯᠪᠠᠨ ᠭᠡᠷ᠎ᠤᠨ ᠠ᠋ᠷᠬᠢᠯᠡᠭᠴᠢ᠂ ᠬᠤᠲᠠ ᠵᠢᠨ ᠲᠦᠷᠪᠡᠲᠤᠭᠡᠷ ᠲᠤᠭᠤᠷᠢᠭ᠎ᠤᠨ ᠨᠡᠢ᠌ᠭᠡᠮ ᠲᠤᠭᠤᠷᠢᠭ᠎ᠤᠨ ᠠ᠋ᠷᠬᠢᠯᠡᠭᠴᠢ᠂ ᠲᠤᠪᠴᠢᠶᠠᠨ᠎ᠤ ᠬᠠᠷᠢᠶ᠎ᠠ ᠡᠯ᠎ᠡ ᠨᠢᠭᠡᠴᠢ ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ᠂ ᠪᠠᠢ᠌ᠭᠤᠯᠭ᠎ᠠ ᠵᠢᠨ ᠪᠦᠬᠥ ᠺᠡᠳ᠋ᠷ ᠠᠵᠢᠯᠲᠠᠨ ᠨᠡᠷ ᠬᠤᠷᠠᠯ᠎ᠳᠤ ᠤᠷᠤᠯᠴᠠᠭᠰᠠᠨ ᠪᠠᠢ᠌ᠨ᠎ᠠ᠃
      ᠬᠤᠷᠠᠯ᠎ᠠᠴᠠ 2019 ᠤᠨ᠎ᠳᠤ 8 ᠲᠠᠯ᠎ᠠ ᠵᠢᠨ ᠠᠵᠢᠯ᠎ᠢ ᠰᠠᠢ᠌ᠲᠤᠷ ᠬᠢᠬᠥ ᠲᠤᠬᠠᠢ ᠴᠢᠬᠤᠯᠠᠴᠢᠯᠠᠨ ᠲᠤᠲᠤᠷᠬᠠᠢ᠌ᠯᠠᠪᠠ᠃ ᠨᠢᠭᠡ᠎ᠳᠤ᠂ ᠶᠠᠲᠠᠭᠤ᠎ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠪᠦᠬᠦᠨ᠎ᠢ ᠪᠠᠲᠤᠯᠠᠬᠤ ᠠᠵᠢᠯ᠎ᠳᠤ ᠪᠦᠬᠦ ᠬᠦᠴᠤ᠎ᠪᠠᠷ ᠲᠠᠯᠪᠢᠨ᠂ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠪᠦᠬᠥ ᠲᠠᠯ᠎ᠠ᠎ᠪᠠᠷ ᠲᠡᠰ ᠲᠡᠪᠰᠢᠬᠥᠯᠤᠨ᠎ᠡ; ᠬᠤᠶᠠᠷ᠎ᠲᠤ᠂ ᠨᠠᠰᠤᠲᠠᠳ᠎ᠢ ᠠᠰᠠᠷᠠᠬᠤ ᠤᠢ᠌ᠯᠡᠴᠢᠯᠡᠭᠡᠨ᠎ᠤ ᠰᠢᠰᠲᠸᠮ᠎ᠢ ᠪᠦᠷᠢᠨᠰᠢᠭᠦᠯᠣᠨ ᠲᠡᠬᠥᠯᠲᠡᠷᠵᠢᠬᠥᠯᠤᠨ᠎ᠡ; ᠭᠤᠷᠪᠠ᠎ᠳᠤ᠂ ᠬᠡᠤᠬᠡᠳ᠎ᠤᠨ ᠠᠰᠠᠷᠠᠮᠵᠢ ᠵᠢᠨ ᠪᠠᠲᠤᠯᠭ᠋ᠠᠨ᠎ᠤ ᠬᠢᠷᠢ ᠲᠦᠪᠰᠢᠨ᠎ᠢ ᠪᠦᠬᠥ ᠲᠠᠯ᠎ᠠ᠎ᠪᠠᠷ ᠲᠡᠭᠡᠭᠰᠢᠯᠡᠬᠥᠯᠤᠨ᠎ᠠ; ᠲᠦᠷᠪᠡ᠎ᠳᠤ᠂ ᠦᠨᠲᠤᠰᠤᠨ ᠱᠠᠲᠤᠨ᠎ᠤ ᠵᠠᠰᠠᠭ᠎ᠤᠨ ᠠ᠋ᠷᠬᠡ ᠵᠢᠨ ᠪᠠᠢ᠌ᠭᠤᠯᠤᠯᠲᠠ ᠪᠤᠯᠤᠨ ᠬᠤᠲᠠ ᠪᠠᠯᠭ᠋ᠠᠰᠤᠨ᠎ᠤ ᠨᠡᠢ᠌ᠭᠡᠮ ᠲᠤᠭᠤᠷᠢᠭ᠎ᠤᠨ ᠵᠠᠰᠠᠨ ᠴᠡᠭᠴᠡᠯᠲᠠ ᠵᠢ ᠦᠷᠬᠥᠯᠵᠢᠯᠡᠨ ᠴᠢᠩᠭ᠋ᠠᠳᠬᠠᠵᠤ ᠰᠢᠨᠡᠴᠢᠯᠡᠨ᠎ᠡ; ᠲᠠᠪᠤ᠎ᠳᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠠ᠋ᠮᠬᠢ ᠴᠡᠭᠴᠡᠲᠠᠢ ᠠ᠋ᠷᠡᠬᠥᠯ ᠬᠦᠭᠵᠢᠯᠲᠠ ᠵᠢ ᠦᠷᠬᠥᠯᠵᠢᠯᠡᠨ ᠤᠲᠤᠷᠢᠲᠤᠨ ᠲᠠᠭ᠋ᠠᠭᠤᠯᠤᠨ᠎ᠠ; ᠵᠢᠷᠭᠤᠭ᠎ᠠ᠎ᠳᠤ᠂ ᠭᠠᠵᠠᠷ ᠣᠷᠣᠨ᠎ᠤ ᠵᠠᠭ᠋ᠠᠭ ᠱᠤᠭᠤᠮ ᠭᠠᠵᠠᠷ᠎ᠤᠨ ᠨᠡᠷᠡᠰ᠎ᠢ ᠲᠤᠭᠲᠠᠭ᠋ᠠᠬᠤ ᠠᠵᠢᠯ᠎ᠤᠨ ᠬᠠᠮᠢᠶᠠᠷᠣᠯᠲᠠ᠎ᠪᠠᠨ ᠴᠢᠩᠭ᠋ᠠᠳᠬᠠᠨ᠎ᠠ; ᠲᠤᠯᠤᠭ᠎ᠠ᠎ᠳᠤ᠂ ᠨᠡᠢ᠌ᠭᠡᠮ᠎ᠤᠨ ᠬᠡᠷᠡᠭ ᠶᠠᠪᠤᠲᠠᠯ᠎ᠤᠨ ᠬᠠᠮᠢᠶᠠᠷᠤᠯᠲᠠ ᠪᠤᠯᠤᠨ ᠵᠡᠮᠲᠡᠭᠴᠤᠳ᠎ᠤᠨ ᠠᠰᠠᠷᠠᠮᠵᠢ ᠵᠢᠨ ᠠᠵᠢᠯ᠎ᠢ ᠲᠡᠭᠦᠯᠳᠡᠷᠵᠢᠭᠦᠯᠤᠨ᠎ᠡ; ᠨᠠᠢ᠍ᠮᠨ᠎ᠳᠤ᠂ ᠪᠤᠶᠡᠨ᠎ᠤ ᠤᠢ᠌ᠯᠡᠰ᠂ ᠨᠡᠢ᠌ᠭᠡᠮ᠎ᠤᠨ ᠠᠵᠢᠯ ᠪᠤᠯᠤᠨ ᠰᠠᠢ᠌ᠨ ᠲᠤᠷ᠎ᠠ ᠵᠢᠨ ᠤᠢ᠌ᠯᠡᠴᠢᠯᠡᠭᠡᠨ᠎ᠤ ᠠᠵᠢᠯ᠎ᠢ ᠦᠷᠬᠥᠯᠵᠢᠯᠡᠨ ᠬᠦᠭᠵᠢᠬᠥᠯᠤᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
2019 ᠤᠨ᠎ᠤ ᠬᠦᠬᠡᠬᠤᠲᠠ ᠵᠢᠨ ᠲᠦᠷᠪᠡᠲᠤᠭᠡᠷ ᠬᠤᠭᠤᠴᠠᠭ᠋ᠠᠨ᠎ᠤ ᠠᠮᠢ ᠠᠬᠤᠢ᠌ᠴᠢ᠎ᠪᠠᠷ ᠭᠠᠵᠠᠷ ᠰᠢᠷᠤᠢ ᠵᠢ ᠠᠷᠪᠢᠯᠠᠨ᠂ ᠨᠦᠭᠴᠢᠭᠰᠡᠳ᠎ᠢ ᠦᠨ᠎ᠡ ᠲᠦᠯᠤᠪᠤᠷᠢ ᠦᠭᠡᠢ ᠨᠢᠭᠡᠲᠤᠯᠲᠠᠢ ᠤᠷᠤᠰᠢᠭᠤᠯᠬᠤ ᠠᠵᠢᠯᠯᠠᠭ᠎ᠠ ᠪᠢ ᠬᠤᠩ ᠹᠸᠩ ᠤᠩᠭᠤᠨ ᠎ᠤ ᠭᠠᠵᠠᠷ ᠶᠠᠪᠤᠭᠲᠠᠪᠠ
ᠪᠠᠶᠠᠨᠨᠠᠭᠤᠷ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠪᠦᠬᠥ ᠬᠤᠲᠠ ᠵᠢᠨ 60 ᠨᠠᠰᠤᠨ᠎ᠠᠴᠠ ᠲᠡᠭᠡᠭᠰᠢᠬᠢ ᠨᠠᠰᠤᠲᠠᠢ᠌ᠴᠤᠳ᠎ᠢ ᠭᠡᠨᠡᠳᠲᠡ ᠵᠢᠨ ᠠ᠋ᠨᠳᠡᠯ ᠭᠡᠨᠡᠲᠡᠯ᠎ᠤᠨ ᠲᠠᠭ᠋ᠠᠳᠬᠠᠯ᠎ᠳᠤ ᠤᠷᠤᠭᠤᠯᠤᠯ᠎ᠠ
ᠬᠦᠬᠡᠬᠤᠲᠠ 2019 ᠤᠨ᠎ᠤ ᠨᠢᠭᠡᠲᠤᠭᠡᠷ ᠤᠯᠠᠷᠢᠯ᠎ᠳᠤ ᠬᠦᠴᠢᠷᠲᠡᠯᠲᠠᠢ ᠤᠯᠠᠨ ᠲᠦᠮᠠᠨ᠎ᠢ ᠲᠤᠰᠠᠯᠠᠭᠰᠠᠨ ᠪᠠᠲᠤᠯᠠᠭ᠋ᠠᠨ᠎ᠤ ᠪᠠᠢ᠌ᠲᠠᠯ
ᠤᠯᠠᠭ᠋ᠠᠨᠴᠠᠪ ᠬᠤᠲᠠ ᠵᠢᠨ 2019 ᠤᠨ᠎ᠤ ᠬᠠᠡᠭᠰᠢ ᠵᠢᠨ ᠬᠤᠭᠤᠴᠠᠭ᠋ᠠᠨ᠎ᠳᠤ᠎ᠬᠢ ᠠᠮᠤᠷ ᠲᠦᠪᠰᠢᠨ᠎ᠢ ᠪᠠᠲᠤᠯᠠᠬᠤ ᠠᠵᠢᠯᠯᠠᠭ᠎ᠠ ᠠ᠋ᠮᠬᠢ ᠲᠢᠭᠯᠢᠮ᠎ᠲᠠᠢ ᠶᠠᠪᠤᠭᠲᠠᠪᠠ
ᠤᠯᠠᠭ᠋ᠠᠨᠬᠠᠳᠠ ᠬᠤᠳᠠ ᠵᠢᠨ ᠤᠷᠤᠰᠢᠭᠤᠯᠭ᠎ᠠ ᠵᠢᠨ ᠦᠭᠡᠷᠡᠴᠢᠯᠡᠯᠡᠳᠡ ᠵᠢᠨ ᠠᠵᠢᠯ ᠠᠩᠬ᠎ᠠ ᠠᠯᠬᠤᠮ ᠦᠷ᠎ᠡ ᠪᠦᠳᠦᠮᠵᠢ ᠤᠯᠪᠠ
 
            