4 ᠳ᠋ᠤᠭᠡᠷ ᠰᠠᠷ᠎ᠠ ᠵᠢᠨ 2᠎ᠤᠨ ᠡᠲᠤᠷ ᠬᠦᠬᠡᠬᠤᠲᠠ ᠵᠢᠨ ᠲᠦᠷᠪᠡᠲᠤᠭᠡᠷ ᠬᠤᠭᠤᠴᠠᠭ᠋ᠠᠨ᠎ᠤ ᠠᠮᠢ ᠠᠬᠤᠢ᠌ᠴᠢ ᠪᠠᠷ ᠭᠠᠵᠠᠷ ᠰᠢᠷᠤᠢ ᠵᠢ ᠠᠷᠪᠢᠯᠠᠨ᠂ ᠨᠦᠭᠴᠢᠭᠰᠡᠳᠢ ᠦᠨ᠎ᠡ ᠲᠦᠯᠤᠪᠤᠷᠢ ᠦᠭᠡᠢ ᠨᠢᠭᠡᠲᠤᠯᠲᠠᠢ ᠤᠷᠤᠰᠢᠭᠤᠯᠬᠤ ᠠᠵᠢᠯᠯᠠᠭ᠎ᠠ ᠪᠢ ᠬᠤᠩ ᠹᠸᠩ ᠤᠩᠭᠤᠨ᠎ᠤ ᠭᠠᠵᠠᠷ ᠶᠠᠪᠤᠭᠲᠠᠪᠠ᠃ ᠲᠤᠰ ᠠᠵᠢᠯᠯᠠᠭ᠎ᠠ ᠵᠢ ᠬᠦᠬᠡᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ᠂ ᠬᠤᠲᠠ ᠵᠢᠨ ᠤᠷᠤᠰᠢᠭᠤᠯᠭ᠎ᠠ ᠵᠢᠨ ᠬᠠᠮᠢᠶᠠᠷᠤᠯᠲᠠ ᠵᠢᠨ ᠭᠠᠵᠠᠷ ᠭᠤᠤᠯᠯᠠᠨ ᠡᠷᠬᠢᠯᠠᠵᠤ᠂ ᠪᠢ ᠬᠤᠩ ᠹᠸᠩ ᠤᠩᠭᠤᠨ ᠤ ᠭᠠᠵᠠᠷ᠎ᠠᠴᠠ ᠲᠠᠭ᠋ᠠᠭ᠋ᠠᠴᠢᠯᠠᠨ ᠡᠷᠬᠢᠯᠠᠵᠦ᠂ ᠭᠠᠵᠠᠷ ᠰᠢᠷᠤᠢ ᠵᠢ ᠠᠷᠪᠢᠯᠠᠬᠤ ᠬᠡᠯᠪᠡᠷᠢ᠎ᠪᠠᠷ ᠨᠡᠢ᠌ᠲᠡ 54 ᠨᠡᠷᠡᠰ ᠨᠦᠭᠴᠢᠭᠰᠡᠳ᠎ᠤᠨ ᠬᠡᠬᠥᠷ ᠢ ᠦᠨ᠎ᠡ ᠲᠦᠯᠤᠪᠤᠷᠢ ᠦᠭᠡᠢ ᠤᠷᠤᠰᠢᠭᠤᠯᠤᠭᠰᠠᠨ ᠪᠠᠢ᠌ᠨ᠎ᠠ᠃ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠲᠠᠯ᠎ᠤᠨ ᠲᠢᠩᠬᠢᠮ᠎ᠤᠨ ᠲᠡᠳ᠋ ᠲᠠᠷᠤᠭ᠎ᠠ ᠹᠸᠩ ᠬᠤ᠌ ᠾᠧ ᠠᠷᠠᠳ᠎ᠤᠨ ᠶᠠᠪᠤᠲᠠᠯ᠎ᠤᠨ ᠲᠢᠩᠬᠢᠮ᠎ᠤᠨ ᠨᠡᠢ᠌ᠭᠡᠮ᠎ᠤᠨ ᠬᠡᠷᠡᠭ ᠶᠠᠪᠤᠲᠠᠯ᠎ᠤᠨ ᠭᠠᠵᠠᠷ᠎ᠤᠨ ᠲᠠᠷᠤᠭ᠎ᠠ ᠭᠤᠤ ᠹᠦ᠋᠂ ᠬᠤᠲᠠ ᠵᠢᠨ ᠵᠠᠰᠠᠭ᠎ᠤᠨ ᠤᠷᠲᠤᠨ᠎ᠤ ᠠᠯᠪᠠᠨ ᠭᠡᠷ᠎ᠤᠨ ᠡᠷᠬᠢᠯᠡᠭᠴᠢ ᠵᠤᠤ ᠮᠢᠩ᠂ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ᠂ ᠬᠤᠲᠠ ᠵᠢᠨ ᠲᠦᠷᠪᠡᠨ ᠲᠤᠭᠤᠷᠢᠭ᠎ᠤᠨ ᠠᠷᠠᠳ᠎ᠤᠨ ᠶᠠᠪᠤᠲᠠᠯ᠎ᠤᠨ ᠲᠤᠪᠴᠢᠶ᠎ᠠ᠂ ᠬᠤᠲᠠ ᠵᠢᠨ ᠡᠯ᠎ᠡ ᠤᠷᠤᠰᠢᠭᠤᠯᠭ᠎ᠠ ᠵᠢᠨ ᠤᠢ᠌ᠯᠡᠴᠢᠯᠡᠭᠡᠨ᠎ᠤ ᠪᠠᠢ᠌ᠭᠤᠯᠭ᠎ᠠ ᠵᠢᠨ ᠬᠠᠮᠢᠶ᠎ᠠ ᠪᠦᠬᠥᠢ ᠬᠦᠮᠤᠰ ᠵᠢᠴᠢ ᠨᠦᠭᠴᠢᠭᠰᠡᠳ ᠤᠨ ᠭᠡᠷ ᠪᠦᠯᠢ ᠵᠢᠨ᠎ᠬᠢᠨ ᠤᠷᠤᠯᠴᠠᠭᠰᠠᠨ ᠪᠠᠢ᠌ᠨ᠎ᠠ᠃