ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ ᠬᠤᠲᠠ ᠵᠢᠨ 2019 ᠤᠨ᠎ᠤ ᠬᠠᠡᠭᠰᠢ ᠵᠢᠨ ᠬᠤᠭᠤᠴᠠᠭ᠋ᠠᠨ᠎ᠳᠤ᠎ᠬᠢ ᠠᠮᠤᠷ ᠲᠦᠪᠰᠢᠨ᠎ᠢ ᠪᠠᠲᠤᠯᠠᠬᠤ ᠠᠵᠢᠯᠯᠠᠭ᠎ᠠ ᠠ᠋ᠮᠬᠢ ᠲᠢᠭᠯᠢᠮ᠎ᠲᠠᠢ ᠶᠠᠪᠤᠭᠲᠠᠪᠠ
ᠨᠡᠶᠢᠲᠡᠯᠡᠭᠰᠡᠨ ᠴᠠᠭ᠄ 2019-04-11

               
      ᠬᠠᠩᠰᠢ ᠵᠢᠨ ᠬᠤᠭᠤᠴᠠᠭ᠋ᠠᠨ᠎ᠳᠤ ᠤᠯᠠᠭ᠋ᠠᠨᠴᠠᠪ ᠬᠤᠲᠠ ᠵᠢᠨ ᠡᠯ᠎ᠡ ᠤᠷᠤᠰᠢᠭᠤᠯᠭ᠎ᠠ ᠵᠢᠨ ᠤᠢ᠌ᠯᠡᠴᠢᠯᠡᠭᠡᠨ᠎ᠤ ᠨᠢᠭᠡᠴᠢ᠎ᠨᠢ ᠠ᠋ᠲᠤᠷ ᠪᠦᠷᠢ 211 ᠠᠵᠢᠯᠲᠠᠨ᠂ 15 ᠴᠠᠭᠲᠠᠭ᠋ᠠᠨ ᠲᠡᠷᠭᠡ᠂ 21 ᠨᠡᠷᠡᠰ ᠵᠠᠮ ᠬᠠᠷᠢᠯᠴᠠᠭ᠋ᠠᠨ᠎ᠤ ᠴᠠᠭᠲᠠᠭ᠎ᠠ ᠵᠢ ᠬᠦᠳᠡᠯᠭᠡᠨ ᠲᠠᠬᠢᠯᠭ᠎ᠠ᠎ᠳᠤ ᠣᠷᠣᠯᠴᠠᠭᠰᠠᠨ 70620 ᠬᠦᠮᠦᠨ᠎ᠤ ᠠᠮᠤᠷ ᠲᠦᠪᠰᠢᠨ ᠪᠠ 17368 ᠮᠠᠰᠢᠨ ᠲᠡᠷᠭᠡᠨ᠎ᠤ ᠵᠠᠮ ᠨᠡᠪᠲᠡᠷᠡᠯᠭᠡ ᠵᠢ ᠪᠠᠲᠤᠯᠠᠵᠠᠢ᠃ ᠠ᠋ᠬᠦᠨ᠎ᠳᠤ 4 ᠳ᠋ᠤᠭᠡᠷ ᠰᠠᠷ᠎ᠠ ᠵᠢᠨ 5᠎ᠤ ᠠ᠋ᠳᠤᠷ ᠪᠤᠯ ᠤᠷᠬᠢᠯ᠎ᠤᠨ ᠬᠤᠭᠤᠴᠠᠭ᠎ᠠ ᠶᠤᠮ᠃ ᠲᠤᠬᠠᠢ ᠵᠢᠨ ᠠ᠋ᠲᠤᠷ᠎ᠤᠨ ᠪᠤᠡᠭᠬᠤᠨ᠎ᠤ ᠳᠠᠬᠢᠯᠭ᠎ᠠ ᠲᠠᠬᠢᠭᠰᠠᠨ ᠬᠦᠮᠦᠨ᠎ᠤ ᠲᠤᠭ᠎ᠠ 52303᠂ ᠲᠡᠷᠭᠡ ᠣᠨᠣᠭ᠋ᠠᠨ᠎ᠤ ᠲᠣᠭ᠎ᠠ 12182᠎ᠳᠤ ᠬᠦᠷᠴᠦ᠂ ᠬᠠᠡᠭᠰᠢᠨ᠎ᠤ ᠠᠮᠠᠷᠠᠯᠲᠠ ᠵᠢᠨ 《ᠠᠶᠤᠯ᠎ᠠᠴᠠ ᠰᠡᠷᠬᠡᠢ᠌ᠯᠡᠵᠤ᠂ ᠠᠮᠤᠷ ᠲᠦᠪᠰᠢᠨ᠎ᠢ ᠪᠠᠲᠤᠯᠠᠨ᠂ ᠠᠷᠠᠳ᠎ᠲᠤ ᠤᠢ᠌ᠯᠡᠴᠢᠯᠡᠨ᠂ ᠰᠢᠨ᠎ᠡ ᠬᠡᠪ ᠰᠤᠷᠲᠠᠯ᠎ᠢ ᠪᠤᠢ ᠪᠤᠯᠭ᠋ᠠᠨ᠂ ᠤᠬᠠᠮᠰᠠᠷ᠎ᠪᠠᠨ ᠲᠡᠭᠡᠭᠰᠢᠯᠡᠬᠦᠯᠬᠦ》 ᠠᠵᠢᠯ᠎ᠤᠨ ᠬᠠᠷᠠᠯᠲᠠ᠎ᠪᠠᠨ ᠪᠠᠶᠡᠯᠡᠬᠦᠯᠦᠨ ᠠᠮᠤᠷ ᠲᠦᠪᠰᠢᠨ᠎ᠢ ᠪᠠᠲᠤᠯᠠᠪᠠ᠃
      ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠤᠯᠠᠭ᠋ᠠᠨᠴᠠᠪ ᠬᠤᠲᠠ ᠵᠢᠨ ᠡᠯ᠎ᠡ ᠤᠷᠤᠰᠢᠭᠤᠯᠭ᠎ᠠ ᠵᠢᠨ ᠤᠢ᠌ᠯᠡᠴᠢᠯᠡᠭᠡᠨ᠎ᠤ ᠨᠢᠭᠡᠴᠢ᠎ᠨᠢ 24 ᠴᠠᠭ᠎ᠤᠨ ᠵᠢᠵᠢᠬᠦᠷ ᠲᠤᠬᠢᠷᠠᠭᠤᠯᠤᠨ᠂ ᠵᠢᠵᠢᠭᠦᠷ᠎ᠤᠨ ᠪᠠᠢ᠌ᠳᠠᠯ ᠵᠶ᠋ᠠᠨ ᠠ᠋ᠲᠤᠷ ᠪᠦᠷᠢ ᠮᠡᠳᠡᠬᠦᠯᠬᠦ ᠲᠣᠭᠳᠠᠭ᠋ᠠᠯ ᠶᠤᠰᠤᠭ᠋ᠠᠷ ᠵᠠᠮ ᠨᠡᠪᠲᠡᠷᠡᠯᠭᠡ ᠰᠠᠭ᠋ᠠᠳ ᠦᠭᠡᠢ᠂ ᠤᠢ ᠰᠢᠭᠤᠢ ᠵᠢᠨ ᠠᠶᠤᠯ ᠦᠭᠡᠢ᠂ ᠪᠠᠴᠢᠮ ᠪᠠᠢ᠌ᠲᠠᠯ᠎ᠢ ᠠᠷᠭ᠋ᠠᠴᠠᠬᠤ᠂ ᠠᠮᠤᠷ ᠲᠦᠪᠰᠢᠨ᠎ᠤ ᠬᠠᠮᠢᠶᠠᠷᠤᠯᠲᠠ ᠪᠠ ᠤᠢ᠌ᠯᠡᠴᠢᠯᠡᠭᠡᠨ᠎ᠤᠨ ᠪᠠᠲᠤᠯᠠᠭ᠎ᠠ ᠵᠡᠷᠭᠡ ᠲᠠᠯ᠎ᠠ ᠵᠢᠨ ᠠᠵᠢᠯ ᠵᠶ᠋ᠠᠨ ᠠ᠋ᠮᠬᠢ ᠵᠢᠷᠤᠮ᠎ᠲᠠᠢ ᠶᠠᠪᠤᠭᠲᠠᠭᠤᠯᠪᠠ᠃ ᠦᠨᠤ ᠵᠢᠯ᠎ᠤᠨ ᠬᠠᠡᠭᠰᠢ ᠵᠢᠨ ᠠᠮᠠᠷᠠᠯᠲᠠ ᠵᠢᠨ ᠬᠤᠭᠤᠴᠠᠭ᠋ᠠᠨ᠎ᠤ ᠲᠤᠯᠠᠭ᠋ᠠᠨ᠎ᠤ ᠬᠡᠮᠵᠢᠶ᠎ᠡ ᠦᠨᠲᠤᠷ᠂ ᠭᠠᠡᠭ ᠬᠠᠭᠤᠷᠠᠢ᠂ ᠰᠠᠯᠬᠢ ᠶᠡᠭᠡ ᠵᠡᠷᠭᠡ ᠪᠠᠢ᠌ᠲᠠᠯ᠎ᠳᠤ ᠴᠢᠭᠯᠡᠬᠦᠯᠤᠨ᠂ ᠬᠤᠲᠠ ᠵᠢᠨ ᠪᠤᠯᠪᠠᠰᠤᠨ᠎ᠤ ᠠᠯᠪᠠᠨ ᠭᠡᠷ᠂ ᠠᠷᠠᠳ᠎ᠤᠨ ᠶᠠᠪᠤᠲᠠᠯ᠎ᠤᠨ ᠲᠤᠪᠴᠢᠶ᠎ᠠ᠂ ᠬᠤᠲᠠ ᠵᠢᠨ ᠬᠠᠮᠢᠶᠠᠷᠤᠯᠲᠠ ᠵᠢᠨ ᠶᠡᠷᠤᠩᠬᠡᠢ ᠬᠠᠤᠯᠢ ᠬᠡᠷᠡᠭᠵᠢᠬᠦᠯᠬᠦ ᠲᠤᠪᠴᠢᠶ᠎ᠠ ᠬᠠᠮᠲᠤᠷᠠᠨ 《ᠬᠠᠡᠭᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠪᠤᠯᠪᠠᠰᠤᠨ ᠪᠤᠰᠤ ᠤᠷᠤᠰᠢᠭᠤᠯᠭ᠎ᠠ ᠵᠢ ᠠ᠋ᠷᠡᠰ ᠬᠤᠷᠢᠭᠯᠠᠬᠤ ᠲᠤᠬᠠᠢ ᠮᠡᠳᠡᠭᠳᠡᠯ》 ᠪᠠᠭᠤᠯᠭ᠋ᠠᠨ᠂ ᠬᠤᠲᠠ ᠵᠢᠨ ᠬᠠᠮᠢᠶᠠᠷᠤᠯᠲᠠ ᠵᠢᠨ ᠶᠡᠷᠤᠩᠬᠡᠢ ᠬᠠᠤᠯᠢ ᠬᠡᠷᠡᠭᠵᠢᠬᠦᠯᠬᠦ ᠲᠤᠪᠴᠢᠶ᠎ᠠ ᠬᠤᠲᠠ ᠲᠤᠭᠤᠷᠢᠭ᠎ᠲᠤ ᠲᠠᠬᠢᠯᠭ᠎ᠠ ᠵᠢᠨ ᠲᠤᠰᠬᠠᠢ ᠴᠡᠭ 200 ᠭᠠᠷᠭ᠋ᠠᠨ᠂ ᠲᠠᠬᠢᠯᠭ᠎ᠠ ᠵᠢᠨ ᠬᠠᠢ᠌ᠷᠴᠠᠭ 300 ᠪᠡᠯᠡᠳᠬᠡᠵᠤ ᠠᠷᠠᠳ ᠢᠷᠭᠡᠳ᠎ᠤᠨ ᠲᠠᠬᠢᠯᠭ᠎ᠠ ᠬᠢᠬᠦ᠎ᠳᠤ ᠲᠦᠬᠦᠮ ᠦᠵᠡᠬᠦᠯᠬᠦ ᠵᠢᠨ ᠳᠠᠭ᠋ᠠᠤ ᠠᠷᠠᠳ᠎ᠤᠨ ᠶᠠᠪᠤᠲᠠᠯ᠎ᠤᠨ ᠰᠠᠯᠠᠭ᠎ᠠ ᠮᠦᠴᠢᠷ᠎ᠨᠢ ᠬᠤᠲᠠ ᠲᠤᠭᠤᠷᠢᠭ ᠬᠤᠶᠠᠷ ᠱᠠᠲᠤᠨ᠎ᠤ ᠬᠣᠲᠠ ᠵᠢᠨ ᠬᠠᠮᠢᠶᠠᠷᠤᠯᠲᠠ ᠵᠢᠨ ᠶᠡᠷᠤᠩᠬᠡᠢ ᠬᠠᠤᠯᠢ ᠬᠡᠷᠡᠭᠵᠢᠭᠦᠯᠬᠦ ᠳᠣᠪᠴᠢᠶ᠎ᠠ᠎ᠲᠠᠢ ᠬᠠᠮᠲᠤ ᠭᠠᠯ ᠰᠡᠷᠭᠡᠢ᠌ᠯᠡᠯᠳᠡ ᠵᠢᠨ ᠪᠠᠢ᠌ᠴᠠᠭ᠋ᠠᠯᠲᠠ ᠬᠢᠵᠤ᠂ ᠦᠷᠭᠡᠨ ᠤᠯᠠᠨ ᠠᠷᠠᠳ ᠲᠦᠮᠡᠨ᠎ᠤ ᠪᠤᠯᠪᠠᠰᠤᠨ ᠲᠠᠬᠢᠯᠭ᠎ᠠ ᠬᠢᠬᠦ᠎ᠳᠤ ᠦᠢ᠍ᠯᠡᠴᠢᠯᠡᠨ ᠤᠯᠠᠨ ᠲᠦᠮᠡᠨ᠎ᠤ ᠰᠠᠢ᠌ᠨ ᠦᠨᠡᠯᠡᠯᠳᠡ ᠵᠢ ᠤᠯᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠳᠠ ᠵᠢᠨ ᠤᠷᠤᠰᠢᠭᠤᠯᠭ᠎ᠠ ᠵᠢᠨ ᠦᠭᠡᠷᠡᠴᠢᠯᠡᠯᠡᠳᠡ ᠵᠢᠨ ᠠᠵᠢᠯ ᠠᠩᠬ᠎ᠠ ᠠᠯᠬᠤᠮ ᠦᠷ᠎ᠡ ᠪᠦᠳᠦᠮᠵᠢ ᠤᠯᠪᠠ
ᠡᠷᠢᠶᠡᠨ ᠬᠤᠳᠠ ᠨᠠᠰᠤᠲᠠᠳ᠎ᠢ ᠬᠠᠷᠢ ᠭᠠᠵᠠᠷ ᠵᠤᠭ᠋ᠠᠴᠠᠭᠤᠯᠤᠨ ᠠᠰᠠᠷᠠᠬᠤ ᠦᠢ᠍ᠯᠡᠴᠢᠯᠡᠭᠡᠨ᠎ᠤ ᠠᠵᠢᠯ᠎ᠢ ᠬᠦᠨᠵᠡᠭᠡᠢ ᠦᠷᠨᠢᠬᠦᠯᠪᠡ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠨᠤᠲᠤᠭ ᠰᠢᠯᠵᠢᠨ ᠰᠠᠭᠤᠷᠢᠰᠢᠵᠤ ᠪᠠᠢ᠌ᠭ᠎ᠠ ᠨᠡᠢ᠌ᠭᠡᠮ᠎ᠤᠨ ᠳᠤᠰᠠᠯᠠᠮᠵᠢ ᠵᠢᠨ ᠠ᠋ᠲᠡᠭᠡᠳ᠎ᠲᠤ ᠤᠨ᠎ᠤ ᠪᠠᠢ᠌ᠴᠠᠭ᠋ᠠᠯᠲᠠ ᠬᠢᠯ᠎ᠡ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠡᠷᠭᠡ ᠲᠠᠪᠤᠨ ᠰᠠᠯᠠᠭ᠎ᠠ ᠮᠦᠴᠢᠷ ᠬᠣᠯᠪᠣᠭ᠋ᠠᠲᠤ ᠬᠤᠷᠠᠯ ᠬᠤᠷᠠᠯᠳᠤᠵᠤ ᠶᠠᠳᠠᠭᠤ ᠬᠦᠴᠢᠷᠲᠡᠯ᠎ᠲᠠᠢ ᠬᠦᠮᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ ᠶᠠᠳᠠᠭᠤ᠎ᠠᠴᠠ ᠠᠩᠬᠢᠵᠢᠷᠠᠭᠤᠯᠬᠤ ᠠᠵᠢᠯ ᠵᠶ᠋ᠠᠨ ᠲᠦᠯᠬᠢᠨ ᠠᠬᠢᠭᠤᠯᠵᠠᠢ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠳᠣᠯᠣᠭ᠋ᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠶᠠᠳᠠᠭᠣ ᠵᠢ ᠳᠡᠳᠬᠦᠬᠦ ᠪᠣᠭᠣᠮᠲᠠ ᠰᠢᠪᠲᠤᠯᠬᠤ ᠲᠣᠭᠣᠷᠢᠨ ᠪᠠᠢ᠌ᠴᠠᠭ᠋ᠠᠵᠤ ᠵᠠᠰᠠᠨ ᠴᠡᠭᠴᠡᠯᠡᠬᠦ ᠠᠵᠢᠯ ᠵᠶ᠋ᠠᠨ ᠰᠠᠢ᠌ᠲᠤᠷ ᠬᠢᠵᠤ ᠪᠠᠢ᠌ᠨ᠎ᠠ
 
            