ᠣᠷᠴᠢᠮᠬᠠᠨ ᠬᠦᠯᠤᠨ ᠪᠦᠢ᠍ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 〈〈ᠬᠦᠯᠤᠨ ᠪᠦᠢ᠍ᠷ ᠬᠣᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠬᠦᠮᠤᠰ᠎ᠢ ᠨᠣᠲᠠᠯᠠᠨ ᠳᠣᠭᠲᠠᠭ᠋ᠠᠬᠤ ᠠᠷᠭ᠎ᠠ〉〉᠎ᠪᠠᠨ ᠤᠯᠠᠮ ᠲᠡᠭᠦᠯᠳᠡᠷᠵᠢᠭᠦᠯᠬᠦ ᠵᠢᠨ ᠲᠦᠯᠣᠭᠡ᠂ ᠳᠤᠰᠬᠠᠢ ᠪᠠᠢ᠌ᠴᠠᠭ᠋ᠠᠨ ᠰᠤᠳᠤᠯᠬᠤ ᠳᠤᠭᠤᠢ᠌ᠯᠠᠩ ᠵᠣᠬᠢᠶᠠᠨ ᠪᠠᠢ᠌ᠭᠤᠯᠵᠤ᠂ ᠮᠣᠷᠢᠨᠳᠠᠪᠠᠭ᠎ᠠ ᠬᠤᠰᠢᠭᠤᠨ᠎ᠳᠤ ᠬᠦᠷᠴᠤ 5 ᠠ᠋ᠳᠤᠷ᠎ᠤᠨ ᠪᠠᠢ᠌ᠴᠠᠭ᠋ᠠᠨ ᠰᠤᠳᠤᠯᠤᠯᠲᠠ ᠬᠢᠪᠡ᠃
ᠬᠣᠲᠠ ᠵᠢᠨ ᠠᠷᠠᠳ᠎ᠤᠨ ᠶᠠᠪᠤᠳᠠᠯ᠎ᠤᠨ ᠳᠤᠰᠬᠠᠢ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠨᠢ ᠤᠷᠢᠳ ᠬᠣᠵᠢᠳ ᠮᠣᠷᠢᠨᠳᠠᠪᠠᠭ᠎ᠠ ᠬᠤᠰᠢᠭᠤᠨ᠎ᠤ᠎ᠨᠢ ᠡᠯ ᠵᠢᠢ ᠪᠠᠯᠭ᠋ᠠᠰᠤ᠂ ᠠᠷᠠᠯ ᠪᠠᠯᠭ᠋ᠠᠰᠤ᠂ ᠪᠣᠣ ᠱᠠᠨ ᠪᠠᠯᠭ᠋ᠠᠰᠤᠨ᠎ᠳᠤ ᠬᠦᠷᠴᠤ᠂ ᠡᠯ᠎ᠡ ᠪᠠᠯᠭ᠋ᠠᠰᠤᠨ᠎ᠤ ᠱᠦᠵᠢ ᠪᠤᠶᠤ ᠠᠷᠠᠳ᠎ᠤᠨ ᠶᠠᠪᠤᠳᠠᠯ᠎ᠤᠨ ᠳᠤᠰᠠᠯᠠᠭᠴᠢ ᠵᠢᠴᠢ ᠭᠡᠰᠡᠭ ᠭᠠᠴᠠᠭ᠎ᠠ ᠳᠤᠰᠬᠤᠨ᠎ᠤ ᠺᠠᠳ᠋ᠷ᠎ᠲᠠᠢ ᠪᠠᠢ᠌ᠳᠠᠯ᠎ᠢ ᠦᠢ᠍ᠯᠠᠭ᠋ᠠᠨ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠰᠢᠶᠠᠩ ᠪᠠᠯᠭ᠋ᠠᠰᠤᠨ᠎ᠤ ᠠᠵᠢᠯᠲᠠᠨ ᠨᠠᠷ ᠠᠰᠠᠷᠠᠨ ᠬᠠᠷᠠᠭ᠋ᠠᠯᠵᠠᠬᠤ ᠮᠦᠩᠭᠦ ᠵᠢ ᠲᠣᠭ᠋ᠠᠴᠢᠨ ᠪᠣᠳᠣᠬᠤ᠎ᠳᠤ᠎ᠪᠠᠨ ᠵᠠᠷᠤᠳᠠᠯ᠎ᠢ ᠬᠡᠷᠬᠢᠨ ᠴᠢᠩᠭ᠎ᠠ ᠬᠤᠪᠢᠷᠠᠰᠢ ᠦᠭᠡᠢ ᠪᠣᠯᠭ᠋ᠠᠬᠤ ᠵᠡᠷᠭᠡ ᠲᠠᠯ᠎ᠠ᠎ᠪᠠᠷ ᠰᠠᠨᠠᠯ ᠳᠤᠷᠠᠳᠪᠠ᠃
ᠳᠤᠰᠬᠠᠢ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠨᠢ 44 ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠠ᠋ᠷᠤᠬᠡ ᠵᠢ ᠰᠣᠷᠪᠣᠯᠵᠢᠯᠠᠨ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠦᠮᠤᠰ᠎ᠲᠠᠢ ᠨᠢᠭᠤᠷᠳᠠᠨ ᠶᠠᠷᠢᠯᠴᠠᠬᠤ᠎ᠪᠠᠷ ᠳᠠᠮᠵᠢᠭ᠋ᠠᠳ᠂ ᠣᠳᠣᠬᠠᠨ᠎ᠤ ᠬᠡᠷᠡᠭᠵᠢᠭᠦᠯᠵᠤ ᠪᠠᠢ᠌ᠭ᠎ᠠ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠲᠦᠷᠤ ᠵᠢᠨ ᠪᠣᠳᠣᠯᠭ᠎ᠠ ᠵᠢᠨ ᠳᠠᠪᠠᠭᠤᠯᠢᠭ ᠲᠠᠯ᠎ᠠ ᠪᠠ ᠬᠦᠷᠤᠯᠴᠡᠬᠦ ᠦᠭᠡᠢ ᠲᠠᠯ᠎ᠠ ᠵᠢ ᠪᠦᠬᠦ ᠲᠠᠯ᠎ᠠ᠎ᠪᠠᠷ ᠦᠢ᠍ᠯᠡᠭ᠋ᠠᠵᠡᠢ᠃ ᠳᠠᠷᠠᠭ᠋ᠠᠴᠢ᠎ᠪᠠᠷ᠂ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠲᠤᠰ ᠤᠳᠠᠭ᠋ᠠᠨ᠎ᠤ ᠪᠠᠢ᠌ᠴᠠᠭ᠋ᠠᠨ ᠰᠤᠳᠤᠯᠣᠯᠲᠠ ᠬᠢᠭᠰᠡᠨ ᠦᠷ᠎ᠡ ᠪᠦᠲᠤᠮᠵᠢ᠎ᠪᠠᠷ 〈〈ᠨᠣᠲᠠᠯᠠᠨ ᠳᠣᠭᠲᠠᠭ᠋ᠠᠬᠤ ᠠᠷᠭ᠎ᠠ〉〉᠎ᠪᠠᠨ ᠲᠡᠭᠦᠯᠲᠡᠷᠵᠢᠭᠦᠯᠤᠨ᠂ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠬᠦᠮᠤᠰ᠎ᠢ ᠨᠣᠲᠠᠯᠠᠨ ᠳᠣᠭᠲᠠᠭ᠋ᠠᠬᠤ ᠪᠠᠷᠢᠮᠵᠢᠶ᠎ᠠ ᠨᠡᠩ ᠪᠣᠳᠠᠲᠠᠢ᠎ᠲᠠᠢ ᠨᠡᠢ᠌ᠴᠡᠵᠤ᠂ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠬᠠᠮᠢᠶᠠᠷᠤᠯᠲᠠ ᠵᠢᠨ ᠠᠵᠢᠯᠲᠠᠨ᠎ᠤ ᠤᠯᠠᠮ ᠰᠠᠢ᠌ᠨ ᠵᠢᠷᠤᠮᠵᠢᠭᠤᠯᠬᠤ᠎ᠳᠤ ᠰᠠᠢ᠌ᠨ ᠰᠠᠭᠤᠷᠢ ᠲᠠᠯᠪᠢᠭᠰᠠᠨ ᠪᠠᠢ᠌ᠨ᠎ᠠ᠃