ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠢ ᠠ᠋ᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄ 2019-04-29

                     

     4 ᠳ᠋ᠤᠭᠡᠷ ᠰᠠᠷ᠎ᠠ ᠵᠢᠨ 22᠎ᠤᠨ ᠠ᠋ᠳᠤᠷ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠩᠬᠠᠳᠤᠭ᠋ᠠᠷ ᠤᠳᠠᠭ᠋ᠠᠨ᠎ᠤ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ ᠵᠢᠨ ᠪᠠᠲᠤᠯᠠᠪᠤᠷᠢ᠎ᠳᠤ ᠣᠷᠣᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠢ ᠠ᠋ᠷᠬᠢᠯᠡᠨ ᠬᠤᠷᠠᠯᠳᠤᠭᠤᠯᠵᠠᠢ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠡᠳ᠋ ᠳᠠᠷᠤᠭ᠎ᠠ ᠹᠠᠩ ᠵᠧᠨ ᠶᠠᠩ ᠬᠤᠷᠠᠯ᠎ᠢ ᠠ᠋ᠷᠬᠢᠯᠡᠵᠤ᠂ ᠬᠣᠲᠠ ᠵᠢᠨ ᠶᠠᠳᠠᠭᠤ ᠵᠢ ᠳᠡᠳᠬᠦᠬᠦ ᠠᠯᠪᠠᠨ ᠭᠡᠷ᠂ ᠠ᠋ᠷᠡᠭᠦᠯ ᠬᠠᠮᠠᠭ᠋ᠠᠯᠠᠯ᠎ᠤᠨ ᠵᠦᠪᠯᠡᠯ᠂ ᠵᠡᠮᠳᠡᠭᠴᠤᠳ᠎ᠤᠨ ᠬᠣᠯᠪᠣᠭ᠎ᠠ᠂ ᠠ᠋ᠮᠨᠡᠯᠭᠡ ᠵᠢᠨ ᠪᠠᠲᠤᠯᠠᠭ᠎ᠠ ᠵᠢᠨ ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ ᠬᠣᠯᠪᠣᠭ᠋ᠠᠲᠤ ᠬᠤᠷᠠᠯ᠎ᠤᠨ ᠠᠵᠢᠯ᠎ᠤᠨ ᠳᠣᠭᠲᠠᠯᠴᠠᠭ᠎ᠠ᠂ ᠠᠵᠢᠯ᠎ᠤᠨ ᠳᠦᠷᠢᠮ᠂ ᠠᠵᠢᠯ᠎ᠤᠨ ᠠᠭᠤᠯᠭ᠎ᠠ ᠵᠢᠴᠢ ᠬᠣᠯᠪᠤᠭᠳᠠᠯ ᠪᠦᠬᠦᠢ ᠱᠠᠭ᠋ᠠᠷᠳᠠᠯᠭ᠎ᠠ ᠵᠢᠨ ᠳᠤᠬᠠᠢ ᠴᠢᠬᠤᠯᠠᠴᠢᠯᠠᠭᠰᠠᠨ ᠪᠠ ᠲᠠᠢ᠌ᠯᠪᠤᠷᠢ ᠬᠢᠵᠤ᠂ ᠡᠯ᠎ᠡ ᠪᠦᠷᠢᠯᠳᠤᠭᠦᠨ ᠨᠢᠭᠡᠴᠢ ᠰᠠᠨᠠᠯ ᠵᠶ᠋ᠠᠨ ᠰᠣᠯᠢᠯᠴᠠᠨ᠂ ᠢᠳᠡᠪᠬᠢᠲᠠᠢ᠎ᠪᠠᠷ ᠰᠠᠯᠠᠭ᠎ᠠ ᠮᠦᠴᠢᠷ᠎ᠤᠨ ᠵᠶ᠋ᠠᠨ ᠬᠠᠷᠢᠭᠤᠴᠠᠯᠭ᠎ᠠ ᠵᠢ ᠭᠦᠢ᠍ᠴᠡᠳᠬᠡᠵᠤ᠂ ᠬᠠᠮᠢᠶ᠎ᠠ ᠪᠦᠬᠦᠢ ᠳᠤᠬᠠᠢ᠌ᠯᠠᠭᠰᠠᠨ ᠲᠣᠭ᠎ᠠ ᠮᠠᠭ᠋ᠠᠳ᠎ᠢ ᠴᠠᠭ ᠳᠤᠬᠠᠢ᠎ᠳᠤᠨᠢ ᠬᠠᠩᠭ᠋ᠠᠨ᠂ ᠬᠠᠮᠲᠤ᠎ᠪᠠᠷ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ᠎ᠳᠤ ᠣᠷᠣᠭᠤᠯᠬᠤ ᠠᠵᠢᠯ ᠵᠶ᠋ᠠᠨ ᠰᠠᠢ᠌ᠨ ᠬᠢᠨ᠎ᠡ ᠭᠡᠵᠤ ᠢᠯᠡᠷᠬᠡᠢ᠌ᠯᠡᠵᠡᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠣᠷᠳᠣᠰ ᠬᠣᠲᠠ 2019 ᠣᠨ᠎ᠤ ᠨᠢᠭᠡᠳᠤᠭᠡᠷ ᠤᠯᠠᠷᠢᠯ᠎ᠤᠨ ᠨᠡᠢ᠌ᠬᠡᠮ᠎ᠤᠨ ᠳᠤᠰᠠᠯᠠᠮᠵᠢ ᠵᠢᠨ ᠮᠦᠩᠭᠦ 4919.65 ᠲᠦᠮᠡᠨ ᠲᠦᠭᠦᠷᠢᠭ᠎ᠢ ᠣᠯᠭᠣᠨ ᠦᠭᠪᠡ
ᠤᠯᠠᠭ᠋ᠠᠨᠬᠠᠳᠠ ᠬᠤᠲᠠ 《ᠢᠨᠲᠸᠷ ᠰᠦᠯᠵᠢᠶ᠎ᠡ + ᠨᠠᠰᠤᠲᠠᠳ᠎ᠢ ᠠᠰᠠᠷᠠᠬᠤ》 ᠠᠵᠢᠯ᠎ᠢ ᠢᠲᠡᠪᠬᠢᠲᠠᠢ ᠠᠬᠢᠭᠤᠯᠵᠦ ᠪᠤᠢ
ᠤᠯᠠᠭ᠋ᠠᠨᠴᠠᠪ ᠬᠤᠲᠠ 《ᠢᠨᠲᠸᠷ ᠰᠦᠯᠵᠢᠶ᠎ᠡ + ᠨᠠᠰᠤᠲᠠᠨ᠎ᠢ ᠠᠰᠠᠷᠠᠬᠤ》 ᠤᠶᠤᠨᠴᠢ ᠦᠢ᠍ᠯᠡᠴᠢᠯᠡᠭᠡᠨ᠎ᠤ ᠰᠢᠨ᠎ᠡ ᠵᠠᠬ᠍ᠪᠤᠷ᠎ᠢ ᠨᠡᠭᠡᠭᠡᠪᠡ
ᠬᠥᠬᠡᠬᠤᠲᠠ ᠲᠠᠪᠤᠨ ᠵᠦᠢ᠍ᠯ᠎ᠤᠨ ᠠᠷᠭ᠎ᠠ ᠪᠠᠷᠢᠯ ᠵᠶ᠋ᠠᠷ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠵᠦ ᠪᠤᠢ
 
            