ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠤᠲᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠠᠪᠠ
ᠨᠡᠶᠢᠲᠡᠯᠡᠭᠰᠡᠨ ᠴᠠᠭ᠄ 2019-05-17

           
ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠦᠷᠦᠭᠦᠯᠡᠨ᠂ ᠬᠤᠲᠠ ᠵᠢᠨ ᠠ᠋ᠷᠡᠭᠦᠯ ᠬᠠᠮᠠᠭ᠋ᠠᠯᠠᠯ ᠠ᠋ᠷᠡᠭᠦᠯ ᠮᠡᠨᠳᠦ ᠵᠢᠨ ᠵᠥᠪᠯᠡᠯ᠂ ᠶᠠᠳᠠᠭᠤ ᠵᠢ ᠲᠡᠳᠭᠦᠬᠦ ᠠᠵᠢᠯ᠎ᠤᠨ ᠠᠯᠪᠠᠨ ᠭᠡᠷ᠂ ᠵᠡᠮᠳᠡᠭᠴᠦᠳ᠎ᠤᠨ ᠬᠤᠯᠪᠤᠭ᠎ᠠ᠂ ᠡᠮ ᠠ᠋ᠮᠨᠡᠯᠭᠡ ᠵᠢᠨ ᠪᠠᠲᠤᠯᠠᠭ᠎ᠠ ᠵᠢᠨ ᠲᠤᠪᠴᠢᠶ᠎ᠠ 4 ᠰᠠᠯᠠᠭ᠎ᠠ ᠮᠥᠴᠢᠷ᠎ᠲᠠᠢ ᠬᠣᠯᠪᠣᠭ᠋ᠠᠯᠠᠭᠰᠠᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠠᠪᠠ᠃
2019 ᠤᠨ᠎ᠤ 3 ᠳ᠋ᠤᠭ᠋ᠠᠷ ᠰᠠᠷ᠎ᠠ᠎ᠳᠤ ᠤᠯᠠᠭ᠋ᠠᠨᠬᠠᠳᠠ ᠬᠤᠲᠠ 《ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠠᠬᠤ ᠲᠤᠬᠠᠢ ᠮᠡᠳᠡᠭᠳᠡᠯ》᠎ᠢ ᠲᠠᠷᠤᠮᠠᠯᠯᠠᠨ ᠲᠠᠷᠬᠠᠭ᠋ᠠᠵᠦ᠂ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠪᠤᠯᠤᠨ ᠬᠡᠷᠡᠭ ᠵᠥᠪᠯᠡᠬᠦ ᠵᠢᠨ ᠲᠡᠰ ᠲᠠᠷᠠᠭ᠋ᠠᠯᠠᠯ᠎ᠢ ᠲᠤᠳᠤᠷᠬᠠᠢ᠌ᠯᠠᠵᠦ᠂ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠤᠯᠠᠷᠢᠯ ᠪᠦᠷᠢ ᠨᠢᠭᠡ ᠤᠳᠠᠭ᠎ᠠ ᠬᠤᠷᠠᠯᠳᠤᠭᠤᠯᠵᠦ᠂ ᠣᠨᠴᠠᠭ᠋ᠠᠢ ᠠᠰᠠᠭᠤᠳᠠᠯ᠎ᠢ ᠲᠤᠭᠲᠠᠮᠠᠯ ᠪᠤᠰᠤ ᠬᠤᠭᠤᠴᠠᠭ᠎ᠠ᠎ᠪᠠᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠬᠤ᠎ᠪᠠᠷ ᠪᠣᠯᠪᠠ᠃ ᠬᠤᠯᠪᠤᠭᠳᠠᠯ ᠪᠦᠬᠦᠢ ᠪᠦᠷᠢᠯᠳᠦᠭᠦᠨ ᠨᠢᠭᠡᠴᠢ ᠪᠦᠷ ᠪᠦᠭᠦᠳᠡ ᠬᠤᠷᠠᠯ ᠪᠤᠶᠤ ᠲᠤᠰᠬᠠᠢ ᠰᠡᠳᠦᠪᠲᠦ ᠬᠤᠷᠠᠯ ᠬᠢᠬᠦ ᠰᠠᠨᠠᠭᠤᠯᠭ᠎ᠠ ᠳᠣᠷᠠᠳᠴᠤ ᠪᠣᠯᠣᠨ᠎ᠠ᠃ ᠬᠠᠮᠲᠤᠷᠠᠭᠰᠠᠨ ᠬᠤᠷᠠᠯ᠎ᠤᠨ ᠳᠣᠣᠷᠠᠬᠢ ᠠᠯᠪᠠᠨ ᠭᠡᠷ᠎ᠢ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ ᠭᠠᠷᠭ᠋ᠠᠵᠦ᠂ ᠠ᠋ᠳᠦᠷ ᠲᠤᠲᠤᠮ᠎ᠤᠨ ᠵᠤᠬᠢᠴᠠᠭᠤᠯᠬᠤ ᠠᠵᠢᠯ᠎ᠢ ᠬᠠᠷᠢᠭᠤᠴᠠᠭᠤᠯᠵᠠᠢ᠃ 4 ᠳ᠋ᠤᠭᠡᠷ ᠰᠠᠷ᠎ᠠ ᠵᠢᠨ 22᠎ᠤᠨ ᠠ᠋ᠳᠦᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠦᠷᠤᠭᠦᠯᠡᠨ 2019 ᠤᠨ᠎ᠤ ᠠᠩᠬᠠᠳᠤᠭ᠋ᠠᠷ ᠤᠳᠠᠭ᠎ᠠ ᠵᠢᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠦᠬᠦᠨ᠎ᠢ ᠪᠠᠲᠤᠯᠠᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠢ ᠵᠤᠬᠢᠶᠠᠨ ᠪᠠᠢ᠌ᠭᠤᠯᠤᠨ ᠬᠤᠷᠠᠯᠳᠤᠭᠤᠯᠵᠦ᠂ ᠡᠯ᠎ᠡ ᠪᠦᠷᠢᠯᠳᠦᠭᠦᠨ ᠨᠢᠭᠡᠴᠢ ᠰᠠᠨᠠᠯ ᠵᠢᠡᠨ ᠰᠤᠯᠢᠯᠴᠠᠵᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠬᠦᠴᠢᠷ ᠲᠦᠪᠡᠭᠲᠡᠢ ᠠᠰᠠᠭᠤᠳᠠᠯ᠎ᠢ ᠵᠥᠪᠳᠡᠯᠴᠡᠨ ᠰᠢᠢ᠍ᠳᠪᠤᠷᠢᠯᠡᠪᠡ᠃
ᠣᠳᠤ ᠤᠯᠠᠭ᠋ᠠᠨᠬᠠᠳᠠ ᠬᠤᠲᠠ ᠵᠢᠨ ᠲᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯ᠎ᠲᠠᠢ ᠬᠦᠮᠦᠨ ᠠᠮᠠ 39.41 ᠲᠦᠮᠡ ᠪᠤᠢ᠂ ᠠ᠋ᠭᠦᠨ᠎ᠳᠤ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠯᠠᠬᠤ᠎ᠳᠤ ᠤᠷᠤᠭᠤᠯᠤᠭᠰᠠᠨ ᠬᠦᠮᠦᠨ ᠠᠮᠠ 14.07 ᠲᠦᠮᠡ ᠪᠤᠢ᠂ ᠡᠵᠡᠯᠡᠬᠦ ᠬᠠᠷᠢᠴᠠᠯ᠎ᠨᠢ 35.7% ᠪᠣᠯᠣᠨ᠎ᠠ; ᠶᠠᠳᠠᠭᠤ᠎ᠠᠴᠠ ᠠᠩᠭᠢᠵᠢᠷᠠᠭ᠋ᠠᠳᠦᠢ ᠬᠦᠮᠦᠨ ᠠᠮᠠ 5.34 ᠲᠦᠮᠡ ᠪᠤᠢ᠂ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠯᠠᠬᠤ᠎ᠳᠤ ᠤᠷᠤᠭᠤᠯᠤᠭᠰᠠᠨ ᠬᠦᠮᠦᠨ ᠠᠮᠠ 3.11 ᠲᠦᠮᠡ ᠪᠤᠢ᠂ ᠡᠵᠡᠯᠡᠬᠦ ᠬᠠᠷᠢᠴᠠᠯ᠎ᠨᠢ 58.24% ᠪᠣᠯᠣᠨ᠎ᠠ᠃ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠬᠰᠠᠨ᠎ᠤ ᠵᠣᠷᠢᠯᠭ᠎ᠠ᠎ᠨᠢ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠦ᠂ ᠠᠵᠢᠯ᠎ᠤᠨ ᠬᠠᠮᠲᠤ ᠵᠢᠨ ᠬᠦᠴᠦᠨ᠎ᠢ ᠴᠢᠩᠭ᠋ᠠᠷᠠᠭᠤᠯᠵᠦ᠂ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠳᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢᠨ ᠮᠡᠳᠡᠭᠡ ᠵᠠᠩᠭᠢ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ ᠬᠦᠮᠦᠰ᠎ᠤᠨ ᠮᠡᠳᠡᠭᠡ ᠵᠠᠩᠭᠢ᠂ ᠵᠡᠮᠳᠡᠭ ᠬᠦᠮᠦᠰ᠎ᠤᠨ ᠮᠡᠳᠡᠭᠡ ᠵᠠᠩᠭᠢ᠂ ᠣᠨᠴᠠ ᠬᠦᠨᠳᠦ ᠡᠪᠡᠳᠴᠢᠲᠡᠨ᠎ᠤ ᠠ᠋ᠮᠨᠡᠯᠭᠡ ᠵᠢᠨ ᠵᠠᠷᠤᠳᠠᠯ᠎ᠢ ᠲᠠᠩᠰᠠᠨ᠎ᠠᠴᠠ ᠲᠠᠢ᠌ᠯᠵᠦ ᠡᠮ ᠠ᠋ᠮᠨᠡᠯᠭᠡ᠎ᠪᠠᠷ ᠲᠤᠰᠠᠯᠠᠭᠰᠠᠨ ᠮᠡᠳᠡᠭᠡ ᠵᠠᠩᠭᠢ ᠪᠤᠯᠤᠨ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ ᠠᠪᠤᠷᠠᠨ ᠠ᠋ᠮᠨᠡᠭᠰᠡᠨ ᠮᠡᠳᠡᠭᠡ ᠵᠠᠩᠭᠢ ᠵᠡᠷᠭᠡ ᠲᠣᠭ᠎ᠠ ᠪᠠᠷᠢᠮᠲᠠ ᠵᠢ ᠲᠤᠭᠲᠠᠮᠠᠯ ᠬᠤᠭᠤᠴᠠᠭ᠎ᠠ᠎ᠲᠠᠢ᠎ᠪᠠᠷ ᠰᠤᠯᠢᠯᠴᠠᠬᠤ᠎ᠪᠠᠷ ᠲᠠᠮᠵᠢᠨ᠂ ᠬᠦᠳᠡᠯᠮᠤᠷᠢ ᠵᠢᠨ ᠴᠢᠳᠠᠪᠤᠷᠢ᠎ᠪᠠᠨ ᠪᠦᠷᠢᠮᠦᠰᠦᠨ ᠪᠤᠶᠤ ᠬᠡᠰᠡᠭ ᠠᠯᠳᠠᠭᠰᠠᠨ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠯᠠᠬᠤ᠎ᠳᠤ ᠣᠷᠣᠭᠤᠯᠤᠭᠰᠠᠨ ᠪᠠᠢ᠌ᠳᠠᠯ᠎ᠢ ᠵᠠᠳᠠᠯᠤᠨ ᠰᠤᠳᠤᠯᠵᠦ᠂ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠠᠯᠵᠦ ᠶᠠᠳᠠᠭᠤ ᠵᠢ ᠲᠡᠳᠭᠦᠬᠦ ᠠᠵᠢᠯ᠎ᠤᠨ ᠣᠨᠣᠴᠠᠲᠠᠢ᠂ ᠪᠤᠳᠠᠲᠠᠢ᠂ ᠪᠠᠲᠤᠲᠠᠢ ᠪᠠᠲᠤᠯᠠᠬᠤ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠶᠤᠮ ᠭᠡᠵᠡᠢ᠃  

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠬᠢᠵᠠᠢ
ᠬᠦᠯᠤᠨ ᠪᠣᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠬᠦᠮᠤᠰ᠎ᠢ ᠨᠣᠲᠠᠯᠠᠨ ᠳᠣᠭᠲᠠᠭ᠋ᠠᠬᠤ ᠠᠷᠭ᠎ᠠ᠎ᠳᠤ᠎ᠪᠠᠨ ᠵᠠᠰᠠᠪᠤᠷᠢ ᠣᠷᠣᠭᠣᠯᠬᠤ ᠪᠠᠢ᠌ᠴᠠᠭ᠋ᠠᠨ ᠰᠣᠲᠣᠯᠣᠯᠲᠠ ᠬᠢᠯ᠎ᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ᠎ᠬᠢᠨ ᠦᠨᠳᠤᠰᠤᠨ ᠱᠠᠲᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠤ ᠪᠠᠢ᠌ᠨ᠎ᠠ
ᠣᠷᠳᠤᠰ ᠬᠣᠲᠠ ᠵᠢᠨ ᠣᠨᠴᠠ ᠬᠦᠴᠢᠷᠳᠡᠯ᠎ᠲᠠᠢ ᠬᠦᠮᠤᠰ᠎ᠢ ᠲᠦᠪᠯᠡᠷᠡᠩᠭᠦᠢ ᠠᠰᠠᠷᠠᠨ ᠬᠠᠷᠠᠭ᠋ᠠᠯᠵᠠᠬᠤ ᠬᠡᠷᠡᠭᠴᠡᠭᠡ ᠱᠠᠭ᠋ᠠᠷᠳᠠᠯᠭ᠎ᠠ ᠵᠢ ᠪᠠᠢ᠌ᠴᠠᠭ᠋ᠠᠨ ᠦᠢ᠍ᠯᠠᠭ᠋ᠠᠬᠤ ᠠᠵᠢᠯ ᠳᠠᠭᠤᠰᠪᠠ
ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠶᠠᠳᠠᠭᠤ᠎ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠠᠵᠢᠯ᠎ᠤᠨ ᠤᠳᠤᠷᠢᠳᠬᠤ ᠪᠠᠭ᠎ᠠ ᠳᠤᠭᠤᠢ᠌ᠯᠠᠩ᠎ᠤᠨ ᠬᠤᠷᠠᠯ ᠬᠢᠪᠡ
 
            