ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠵᠢᠮ᠎ᠤᠨ ᠨᠢᠭᠡ ᠬᠤᠭᠤᠴᠠᠭ᠋ᠠᠨ᠎ᠤ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠡᠷᠢᠭᠦᠨ ᠴᠢᠬᠤᠯᠠ ᠠ᠋ᠭᠦᠷᠭᠡ ᠪᠣᠯᠭ᠋ᠠᠨ᠂ ᠲᠠᠨᠢᠯᠲᠠ᠂ ᠦᠢ᠍ᠯᠠᠭ᠋ᠠᠯᠲᠠ᠂ ᠨᠠᠢ᠌ᠲᠠᠪᠤᠷᠢᠵᠢᠭᠤᠯᠤᠯᠲᠠᠪᠠᠨ ᠨᠢᠭᠡᠳᠤᠭᠦᠯᠬᠦ ᠵᠢ ᠪᠠᠲᠤᠯᠠᠬᠤ ᠬᠡᠷᠡᠭᠲᠠᠢ᠃ ᠨᠠᠮ᠎ᠤᠨ ᠪᠠᠢ᠌ᠭᠤᠯᠤᠯᠲᠠ ᠵᠢᠨ ᠠᠵᠢᠯ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠠ ᠳᠤᠲᠠᠭᠳᠠᠯ᠎ᠢ ᠪᠦᠬᠦ ᠲᠠᠯ᠎ᠠ᠎ᠪᠠᠷ ᠵᠦᠢ᠍ᠯᠴᠢᠯᠡᠨ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠠᠵᠢᠯ᠎ᠤᠨ ᠬᠠᠷᠢᠭᠤᠴᠠᠯᠭ᠎ᠠ ᠵᠢ ᠲᠠᠭᠰᠢᠷᠠᠭᠤᠯᠵᠤ᠂ ᠨᠠᠮ ᠵᠶ᠋ᠠᠨ ᠬᠠᠮᠢᠶᠠᠷᠬᠤ ᠪᠠ ᠨᠠᠮ᠎ᠢ ᠴᠢᠩᠭ᠎ᠠ ᠵᠠᠰᠠᠬᠤ ᠤᠯᠤᠰ ᠲᠦᠷᠤ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠪᠣᠳᠠᠲᠤ ᠠᠵᠢᠯᠯᠠᠭ᠎ᠠ᠎ᠪᠠᠷ ᠵᠶ᠋ᠠᠨ 〈〈ᠳᠦᠷᠪᠡᠨ ᠦᠵᠡᠯ ᠤᠬᠠᠮᠰᠠᠷ〉〉᠎ᠢ ᠦᠢ᠍ᠯᠡᠳᠤᠯᠭᠡᠵᠢᠭᠦᠯᠵᠤ᠂ 〈〈ᠬᠣᠶᠠᠷ᠎ᠢ ᠬᠠᠮᠠᠭ᠋ᠠᠯᠠᠬᠤ〉〉 ᠵᠢ ᠠ᠋ᠷᠬᠡᠪᠰᠢ ᠪᠡᠶᠡᠯᠡᠭᠦᠯᠬᠦ ᠬᠡᠷᠡᠭᠲᠠᠢ᠃
ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠣᠳᠠᠲᠤ ᠪᠠᠢ᠌ᠳᠠᠯ ᠵᠶ᠋ᠠᠨ ᠦᠨᠳᠤᠰᠤᠯᠡᠨ᠂ ᠠᠷᠠᠳ᠎ᠤᠨ ᠶᠠᠪᠤᠳᠠᠯ᠎ᠤᠨ ᠬᠡᠪᠴᠢᠶ᠎ᠠ ᠬᠦᠷᠢᠶᠡᠨ᠎ᠳᠠᠬᠢ ᠶᠠᠳᠠᠭᠤ ᠵᠢ ᠳᠡᠳᠬᠦᠬᠦ ᠪᠣᠭᠣᠮᠲᠠ ᠰᠢᠪᠲᠤᠯᠬᠤ ᠠᠵᠢᠯ ᠠ᠋ᠭᠦᠷᠭᠡ᠎ᠪᠠᠨ ᠨᠠᠷᠢᠯᠢᠭᠵᠢᠭᠤᠯᠵᠤ᠂ ᠣᠨᠣᠴᠠᠲᠠᠢ᠎ᠪᠠᠷ ᠶᠠᠳᠠᠭᠤ᠎ᠠᠴᠠ ᠠᠩᠬᠢᠵᠢᠷᠠᠭᠤᠯᠬᠤ ᠪᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠳᠦᠷᠢᠮ ᠳᠣᠭᠲᠠᠭ᠋ᠠᠯ᠎ᠢ ᠪᠦᠲᠤᠮᠵᠢᠲᠠᠢ ᠵᠣᠯᠭ᠋ᠠᠭᠤᠯᠬᠤ ᠶᠠᠪᠤᠳᠠᠯ᠎ᠢ ᠰᠠᠢ᠌ᠲᠤᠷ ᠠᠳᠬᠤᠵᠤ᠂ ᠲᠦᠪ᠎ᠤᠨ ᠶᠠᠳᠠᠭᠤ ᠵᠢ ᠳᠡᠳᠬᠦᠬᠦ ᠪᠣᠭᠣᠮᠲᠠ ᠰᠢᠪᠲᠤᠯᠬᠤ ᠳᠤᠰᠬᠠᠢ ᠠᠵᠢᠯ᠎ᠢ ᠲᠣᠭᠣᠷᠢᠨ ᠪᠠᠢ᠌ᠴᠠᠭ᠋ᠠᠭ᠋ᠠᠳ ᠬᠠᠷᠢᠭᠤ ᠳᠤᠰᠬᠠᠭᠰᠠᠨ ᠰᠠᠨᠠᠯ᠎ᠤᠨ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠬᠢᠵᠤ᠂ ᠠᠷᠠᠳ᠎ᠤᠨ ᠶᠠᠪᠤᠳᠠᠯ᠎ᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠦᠢ᠍ᠯᠡᠳᠤᠯ᠎ᠢ ᠦᠨᠡᠨᠬᠦ ᠪᠠᠳᠠᠷᠠᠭᠤᠯᠬᠤ ᠬᠡᠷᠡᠭᠲᠠᠢ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠣᠨᠴᠠ ᠬᠦᠴᠢᠷᠳᠡᠯ᠎ᠲᠠᠢ ᠬᠦᠮᠤᠰ ᠵᠢᠴᠢ ᠠᠮᠢᠳᠤᠷᠠᠯ᠎ᠨᠢ ᠬᠦᠴᠢᠷᠳᠡᠯ᠎ᠲᠠᠢ ᠨᠠᠰᠤᠲᠠᠢ᠌ᠴᠤᠳ᠂ ᠬᠦᠨᠳᠤ ᠵᠡᠮᠳᠡᠭ ᠪᠣᠯᠤᠭᠰᠠᠨ ᠬᠦᠮᠤᠰ᠂ ᠬᠦᠨᠳᠤ ᠡᠪᠡᠳᠴᠢᠲᠡᠨ᠂ ᠭᠦᠴᠢᠷᠳᠡᠯᠲᠠᠢ ᠪᠠᠢ᠌ᠭ᠎ᠠ ᠬᠡᠤᠬᠡᠳ ᠵᠡᠷᠭᠡ ᠵᠢᠨ ᠦᠨᠳᠤᠰᠤᠨ ᠠᠮᠢᠳᠤᠷᠠᠯ᠎ᠢ ᠪᠠᠲᠤᠯᠠᠬᠤ ᠠᠵᠢᠯ᠎ᠢ ᠦᠷᠭᠦᠯᠵᠢᠯᠡᠨ ᠰᠠᠢ᠌ᠨ ᠬᠢᠵᠤ᠂ ᠪᠦᠬᠦᠨ᠎ᠢ ᠨᠠᠭ᠋ᠠᠳᠤ ᠵᠠᠬ᠎ᠠ ᠵᠢᠨ ᠦᠨᠳᠤᠰᠤᠨ ᠠᠮᠢᠳᠤᠷᠠᠯ᠎ᠤᠨ ᠪᠠᠲᠤᠯᠠᠭ᠋ᠠᠨᠲᠠᠢ ᠪᠣᠯᠭ᠋ᠠᠬᠤ᠎ᠪᠠᠷ ᠬᠦᠴᠤᠯᠡᠨ ᠴᠢᠷᠮᠠᠢ᠌ᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠋ᠠᠨ᠎ᠤ ᠲᠣᠣᠷ᠎ᠢ ᠨᠢᠭᠲᠠ ᠨᠡᠬᠡᠵᠤ ᠪᠠᠲᠤᠵᠢᠭᠤᠯᠬᠤ ᠬᠡᠷᠡᠭᠲᠠᠢ᠃ ᠦᠨᠳᠤᠰᠤᠨ ᠱᠠᠲᠤᠨ᠎ᠤ ᠨᠡᠢ᠌ᠬᠡᠮ᠎ᠤᠨ ᠴᠡᠭᠴᠡᠯᠡᠯᠲᠡ ᠪᠠ ᠨᠡᠢ᠌ᠬᠡᠮ᠎ᠤᠨ ᠦᠨᠳᠤᠰᠤᠨ ᠦᠢ᠍ᠯᠡᠴᠢᠯᠡᠭᠡᠨ᠎ᠤ ᠰᠢᠨᠡᠴᠢᠯᠡᠯᠲᠡ ᠵᠢ ᠬᠡᠷᠭᠵᠢᠭᠦᠯᠬᠦ ᠳᠤᠰᠬᠠᠢ ᠠᠵᠢᠯᠯᠠᠭ᠎ᠠ ᠵᠢ ᠭᠦᠨᠵᠡᠭᠡᠢ᠌ᠷᠡᠭᠦᠯᠤᠨ᠂ ᠦᠨᠳᠤᠰᠤᠨ ᠱᠠᠲᠤᠨ᠎ᠤ ᠨᠡᠢ᠌ᠬᠡᠮ᠎ᠤᠨ ᠴᠡᠭᠴᠡᠯᠡᠯᠲᠡ ᠪᠠ ᠨᠡᠢ᠌ᠬᠡᠮ᠎ᠤᠨ ᠦᠨᠳᠤᠰᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠠᠰᠤᠷᠠᠯ ᠦᠭᠡᠢ ᠳᠡᠭᠡᠭᠰᠢᠯᠡᠭᠦᠯᠵᠤ᠂ ᠣᠯᠠᠨ ᠲᠦᠮᠡᠨ᠎ᠤ ᠠᠩᠬᠠᠷᠤᠯ᠎ᠳᠠᠬᠢ ᠠᠷᠠᠳ᠎ᠤᠨ ᠶᠠᠪᠤᠳᠠᠯ᠎ᠤᠨ ᠠᠵᠢᠯ᠎ᠳᠤ ᠲᠦᠪᠯᠡᠷᠡᠵᠤ ᠪᠠᠢ᠌ᠭ᠎ᠠ ᠬᠠᠯᠠᠮᠰᠢᠯ ᠠᠰᠠᠭᠤᠳᠠᠯ᠂ ᠬᠦᠴᠢᠷ ᠲᠦᠪᠡᠭ᠎ᠲᠠᠢ ᠠᠰᠠᠭᠤᠳᠠᠯ᠎ᠢ ᠰᠠᠢ᠌ᠲᠤᠷ ᠰᠢᠢ᠍ᠳᠪᠤᠷᠢᠯᠡᠬᠦ ᠬᠡᠷᠡᠭᠲᠠᠢ᠃
〈〈ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠲᠠᠪᠤᠷᠢᠵᠢᠭᠤᠯᠵᠤ ᠬᠡᠷᠡᠭᠵᠢᠭᠦᠯᠬᠦ ᠰᠠᠨᠠᠯ〉〉᠎ᠢ ᠳᠣᠭᠲᠠᠭ᠋ᠠᠨ᠂ 11 ᠵᠣᠷᠪᠣᠰ ᠪᠣᠳᠠᠲᠠᠢ ᠠᠷᠭ᠎ᠠ ᠬᠡᠮᠵᠢᠶ᠎ᠡ᠎ᠪᠠᠨ ᠲᠣᠳᠣᠷᠬᠠᠢ᠌ᠯᠠᠵᠤ᠂ ᠰᠢ ᠵᠢᠨ ᠫᠢᠩ ᠶᠡᠷᠤᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠣᠣᠱᠯᠠᠭᠤᠯᠤᠨ ᠨᠠᠢ᠌ᠲᠠᠪᠤᠷᠢᠵᠢᠭᠤᠯᠬᠤ ᠶᠠᠪᠤᠳᠠᠯ᠎ᠢ ᠪᠦᠬᠦ ᠵᠢᠯ᠎ᠤᠨ ᠠᠵᠢᠯ᠎ᠤᠨ ᠠ᠋ᠭᠦᠷᠭᠡ᠎ᠪᠠᠨ ᠴᠢᠨᠠᠷᠵᠢᠭᠤᠨ ᠰᠠᠢ᠌ᠨ ᠪᠡᠶᠡᠯᠡᠭᠦᠯᠬᠦ ᠪᠠ ᠣᠳᠣᠬᠠᠨ᠎ᠤ ᠦᠷᠨᠢᠭᠦᠯᠵᠤ ᠪᠠᠢ᠌ᠭ᠎ᠠ ᠡᠯ᠎ᠡ ᠲᠦᠷᠣᠯ᠎ᠤᠨ ᠠᠵᠢᠯ᠎ᠲᠠᠢ᠎ᠪᠠᠨ ᠨᠢᠭᠲᠠ ᠤᠶᠠᠯᠳᠤᠭᠤᠯᠤᠨ᠂ ᠠᠰᠠᠭᠤᠳᠠᠯ᠎ᠢ ᠰᠢᠢ᠍ᠳᠪᠤᠷᠢᠯᠡᠬᠦ᠎ᠪᠠᠷ ᠵᠢᠯᠣᠭᠣᠳᠤᠮᠵᠢ ᠪᠣᠯᠭ᠋ᠠᠵᠤ᠂ ᠬᠠᠷᠢᠭᠤᠴᠠᠯᠭ᠎ᠠ ᠠ᠋ᠭᠦᠷᠭᠡᠯᠡᠬᠦ᠎ᠪᠠᠨ ᠴᠢᠩᠭ᠋ᠠᠳᠬᠠᠨ᠂ ᠠᠵᠢᠯ᠎ᠤᠨ ᠨᠠᠢ᠌ᠲᠠᠪᠤᠷᠢᠵᠢᠯᠲᠠ ᠵᠢ ᠰᠠᠢ᠌ᠲᠤᠷ ᠠᠳᠬᠤᠵᠤ᠂ ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠳᠠᠷᠬᠠᠨ ᠠ᠋ᠭᠦᠷᠭᠡ ᠬᠠᠷᠢᠭᠤᠴᠠᠯᠭ᠎ᠠ᠎ᠪᠠᠨ ᠪᠠᠲᠤᠲᠠᠢ ᠰᠠᠢ᠌ᠨ ᠬᠢᠬᠦ ᠬᠡᠷᠡᠭᠲᠠᠢ᠃