ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠡᠷᠭᠡ ᠲᠠᠪᠤᠨ ᠰᠠᠯᠠᠭ᠎ᠠ ᠮᠦᠴᠢᠷ ᠬᠣᠯᠪᠣᠭ᠋ᠠᠲᠤ ᠬᠤᠷᠠᠯ ᠬᠤᠷᠠᠯᠳᠤᠵᠤ ᠶᠠᠳᠠᠭᠤ ᠬᠦᠴᠢᠷᠲᠡᠯ᠎ᠲᠠᠢ ᠬᠦᠮᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ ᠶᠠᠳᠠᠭᠤ᠎ᠠᠴᠠ ᠠᠩᠬᠢᠵᠢᠷᠠᠭᠤᠯᠬᠤ ᠠᠵᠢᠯ ᠵᠶ᠋ᠠᠨ ᠲᠦᠯᠬᠢᠨ ᠠᠬᠢᠭᠤᠯᠵᠠᠢ
ᠨᠡᠶᠢᠲᠡᠯᠡᠭᠰᠡᠨ ᠴᠠᠭ᠄ 2019-04-29

                             

      ᠣᠷᠴᠢᠮᠬᠠᠨ ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ᠂ ᠠ᠋ᠷᠡᠭᠦᠯ ᠬᠠᠮᠠᠭ᠋ᠠᠯᠠᠯ ᠠ᠋ᠷᠡᠭᠦᠯᠵᠢᠯ᠎ᠤᠨ ᠵᠦᠪᠯᠡᠯ᠂ ᠶᠠᠳᠠᠭᠤ ᠵᠢ ᠳᠡᠳᠬᠦᠬᠦ ᠠᠯᠪᠠᠨ ᠭᠡᠷ᠂ ᠵᠡᠮᠲᠡᠭᠴᠤᠳ᠎ᠤᠨ ᠬᠣᠯᠪᠣᠭ᠎ᠠ᠂ ᠡᠮ ᠠ᠋ᠮᠨᠡᠯᠭᠡ ᠵᠢᠨ ᠳᠠᠭ᠋ᠠᠳᠬᠠᠯ ᠵᠢᠨ ᠬᠠᠮᠢᠶᠠᠷᠤᠯᠲᠠ ᠵᠢᠨ ᠳᠣᠪᠴᠢᠶ᠎ᠠ ᠵᠠᠷᠭᠡ ᠲᠠᠪᠤᠨ ᠰᠠᠯᠠᠭ᠎ᠠ ᠮᠦᠴᠢᠷ ᠬᠠᠮᠲᠤᠷᠠᠨ ᠶᠠᠳᠠᠭᠤ ᠬᠦᠴᠢᠷᠲᠡᠯ᠎ᠲᠠᠢ ᠬᠦᠮᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ ᠶᠠᠳᠠᠭᠤ᠎ᠠᠴᠠ ᠠᠩᠬᠢᠵᠢᠷᠠᠭᠤᠯᠬᠤ ᠵᠢ ᠪᠠᠲᠤᠯᠠᠬᠤ ᠠᠵᠢᠯ᠎ᠤᠨ ᠬᠣᠯᠪᠣᠭ᠋ᠠᠲᠤ ᠬᠤᠷᠠᠯ (ᠠᠩᠬᠠᠳᠤᠭ᠋ᠠᠷ ᠬᠤᠷᠠᠯ) ᠬᠣᠷᠠᠯᠳᠤᠵᠤ᠂ ᠲᠡᠭᠡᠷ᠎ᠡ ᠳᠤᠷᠠᠳᠤᠭᠰᠠᠨ ᠰᠠᠯᠠᠭ᠎ᠠ ᠮᠦᠴᠢᠷ᠎ᠤᠨ ᠬᠤᠪᠢᠶᠠᠷᠢᠯᠠᠨ ᠬᠠᠷᠢᠭᠤᠴᠠᠵᠤ ᠪᠠᠢ᠌ᠭ᠎ᠠ ᠤᠳᠤᠷᠢᠳᠤᠯᠭ᠎ᠠ᠂ ᠰᠠᠯᠠᠭ᠎ᠠ ᠳᠠᠰᠤᠭ᠎ᠤᠨ ᠬᠠᠷᠢᠭᠤᠴᠠᠯᠭ᠋ᠠᠳᠠᠨ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ ᠡᠯ᠎ᠡ ᠰᠠᠯᠠᠭ᠎ᠠ ᠮᠦᠴᠢᠷ᠎ᠤᠨ ᠠ᠋ᠭᠦᠷᠭᠡ ᠬᠠᠷᠢᠭᠤᠴᠠᠯᠭ᠎ᠠ ᠵᠢ ᠲᠣᠳᠤᠷᠬᠠᠢ᠌ᠯᠠᠬᠤ ᠵᠢᠨ ᠳᠠᠭ᠋ᠠᠤ ᠪᠦᠬᠦ ᠬᠣᠲᠠ ᠵᠢᠨ ᠶᠠᠳᠠᠭᠤ ᠬᠦᠴᠢᠷᠲᠡᠯ᠎ᠲᠠᠢ ᠬᠦᠮᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ ᠶᠠᠳᠠᠭᠤ᠎ᠠᠴᠠ ᠠᠩᠬᠢᠵᠢᠷᠠᠭᠤᠯᠬᠤ ᠵᠢ ᠪᠠᠲᠤᠯᠠᠬᠤ ᠠᠵᠢᠯ ᠵᠶ᠋ᠠᠨ ᠪᠠᠢ᠌ᠷᠢᠯᠠᠭᠤᠯᠤᠨ᠂ ᠲᠠᠩᠰᠠ ᠺᠠᠷᠲ᠎ᠲᠠᠢ ᠶᠠᠳᠠᠭᠤ ᠬᠦᠴᠢᠷᠲᠡᠯ᠎ᠲᠠᠢ ᠬᠦᠮᠤᠰ᠎ᠤᠨ ᠳᠤᠮᠳᠠᠬᠢ ᠬᠦᠨᠳᠤ ᠵᠡᠮᠳᠡᠭ ᠬᠦᠮᠤᠨ᠂ ᠬᠦᠨᠳᠤ ᠡᠪᠡᠳᠴᠢᠲᠡᠨ᠎ᠤ ᠠᠮᠢᠳᠤᠷᠠᠯ᠎ᠤᠨ ᠴᠢᠳᠠᠪᠤᠷᠢ᠎ᠪᠠᠨ ᠪᠦᠷᠢᠮᠤᠰᠤᠨ ᠠᠯᠳᠠᠭᠰᠠᠳ ᠪᠠ ᠵᠠᠷᠢᠮ᠎ᠢ᠎ᠨᠢ ᠠᠯᠳᠠᠭᠰᠠᠳ᠎ᠢ ᠪᠠᠷᠢᠮᠵᠢᠶ᠎ᠠ ᠳᠣᠭᠲᠠᠭ᠋ᠠᠨ ᠢᠯᠭ᠋ᠠᠨ ᠲᠣᠳᠣᠯᠠᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ 〈〈ᠶᠠᠳᠠᠭᠤ ᠵᠢ ᠦᠭᠡᠢ᠌ᠰᠭᠡᠨ ᠪᠠᠷᠢᠮᠵᠢᠶᠠᠵᠢᠭᠤᠯᠬᠤ〉〉 ᠠ᠋ᠭᠦᠷᠭᠡ᠎ᠪᠠᠨ ᠴᠠᠭ ᠳᠤᠬᠠᠢ᠎ᠳᠤᠨᠢ ᠪᠡᠶᠡᠯᠡᠭᠦᠯᠬᠦ ᠬᠡᠷᠡᠭᠲᠠᠢ ᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠳᠣᠯᠣᠭ᠋ᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠶᠠᠳᠠᠭᠣ ᠵᠢ ᠳᠡᠳᠬᠦᠬᠦ ᠪᠣᠭᠣᠮᠲᠠ ᠰᠢᠪᠲᠤᠯᠬᠤ ᠲᠣᠭᠣᠷᠢᠨ ᠪᠠᠢ᠌ᠴᠠᠭ᠋ᠠᠵᠤ ᠵᠠᠰᠠᠨ ᠴᠡᠭᠴᠡᠯᠡᠬᠦ ᠠᠵᠢᠯ ᠵᠶ᠋ᠠᠨ ᠰᠠᠢ᠌ᠲᠤᠷ ᠬᠢᠵᠤ ᠪᠠᠢ᠌ᠨ᠎ᠠ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠢ ᠠ᠋ᠷᠬᠢᠯᠡᠨ ᠬᠤᠷᠠᠯᠳᠤᠪᠠ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠣᠷᠳᠣᠰ ᠬᠣᠲᠠ 2019 ᠣᠨ᠎ᠤ ᠨᠢᠭᠡᠳᠤᠭᠡᠷ ᠤᠯᠠᠷᠢᠯ᠎ᠤᠨ ᠨᠡᠢ᠌ᠬᠡᠮ᠎ᠤᠨ ᠳᠤᠰᠠᠯᠠᠮᠵᠢ ᠵᠢᠨ ᠮᠦᠩᠭᠦ 4919.65 ᠲᠦᠮᠡᠨ ᠲᠦᠭᠦᠷᠢᠭ᠎ᠢ ᠣᠯᠭᠣᠨ ᠦᠭᠪᠡ
ᠤᠯᠠᠭ᠋ᠠᠨᠬᠠᠳᠠ ᠬᠤᠲᠠ 《ᠢᠨᠲᠸᠷ ᠰᠦᠯᠵᠢᠶ᠎ᠡ + ᠨᠠᠰᠤᠲᠠᠳ᠎ᠢ ᠠᠰᠠᠷᠠᠬᠤ》 ᠠᠵᠢᠯ᠎ᠢ ᠢᠲᠡᠪᠬᠢᠲᠠᠢ ᠠᠬᠢᠭᠤᠯᠵᠦ ᠪᠤᠢ
 
            