ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠷᠢᠯᠠᠭᠤᠯᠤᠯᠲᠠ᠎ᠪᠠᠷ 2018 ᠤᠨ᠎ᠤ ᠤᠨ᠎ᠤ ᠪᠠᠢ᠌ᠴᠠᠭ᠋ᠠᠯᠲᠠ ᠵᠢᠨ ᠠᠵᠢᠯ᠎ᠢ 《ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ》᠎ᠤᠨ 《ᠰᠦᠯᠵᠢᠶᠡᠨ ᠳᠡᠭᠡᠷ᠎ᠡ ᠭᠦᠢ᠍ᠴᠡᠳᠭᠡᠪᠡ》᠃
ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢ 《ᠰᠦᠯᠵᠢᠶᠡᠨ ᠳᠡᠭᠡᠷ᠎ᠡ ᠭᠦᠢ᠍ᠴᠡᠳᠭᠡᠬᠦ》 ᠶᠠᠪᠤᠳᠠᠯ᠎ᠤᠨ ᠴᠢᠨᠠᠷ ᠴᠢᠨᠰᠠᠭ᠎ᠠ ᠪᠤᠯᠤᠨ ᠤᠨ᠎ᠤ ᠪᠠᠢ᠌ᠴᠠᠭ᠋ᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 10᠎ᠤ ᠠ᠋ᠳᠦᠷ ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2018 ᠤᠨ᠎ᠳᠤ ᠬᠤᠶᠠᠷ ᠤᠳᠠᠭ᠎ᠠ ᠨᠡᠢ᠌ᠭᠡᠮ ᠵᠢᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢ 《ᠰᠦᠯᠵᠢᠶᠡᠨ ᠳᠡᠭᠡᠷ᠎ᠡ ᠭᠦᠢ᠍ᠴᠡᠳᠭᠡᠬᠦ》 ᠲᠤᠰᠬᠠᠢ ᠪᠤᠯᠪᠠᠰᠤᠷᠠᠯ᠎ᠤᠨ ᠠᠩᠭᠢ ᠠ᠋ᠷᠬᠢᠯᠡᠵᠤ᠂ 550 ᠭᠠᠷᠤᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢᠨ ᠠᠵᠢᠯ᠎ᠤᠨ ᠬᠠᠷᠢᠭᠤᠴᠠᠯᠭ᠋ᠠᠲᠠᠨ ᠪᠤᠯᠪᠠᠰᠤᠷᠠᠯ᠎ᠳᠤ ᠤᠷᠤᠯᠴᠠᠵᠠᠢ᠃ ᠪᠤᠯᠪᠠᠰᠤᠷᠠᠯ ᠳᠡᠭᠡᠷ᠎ᠡ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠤᠰᠬᠠᠢ ᠠᠵᠢᠯᠲᠠᠨ ᠲᠤᠬᠢᠷᠠᠭᠤᠯᠵᠦ ᠰᠦᠯᠵᠢᠶᠡᠨ ᠳᠡᠭᠡᠷ᠎ᠡ ᠤᠨ᠎ᠤ ᠪᠠᠢ᠌ᠴᠠᠭ᠋ᠠᠯᠲᠠ ᠵᠢᠨ ᠰᠢᠰᠲᠸᠮ᠎ᠤᠨ ᠪᠤᠯᠪᠠᠰᠤᠷᠠᠯ ᠬᠦᠷᠲᠡᠭᠡᠵᠦ᠂ ᠤᠨ᠎ᠤ ᠪᠠᠢ᠌ᠴᠠᠭ᠋ᠠᠯᠲᠠ ᠵᠢᠨ ᠲᠦᠷᠦ ᠵᠢᠨ ᠪᠣᠳᠤᠯᠭ᠎ᠠ ᠵᠢᠨ ᠱᠠᠭ᠋ᠠᠷᠳᠠᠯᠭ᠎ᠠ ᠪᠤᠯᠤᠨ ᠠᠩᠬᠠᠷᠬᠤ ᠵᠦᠢ᠍ᠯ᠎ᠢ ᠲᠠᠢ᠌ᠯᠪᠤᠷᠢᠯᠠᠨ᠂ ᠤᠨ᠎ᠤ ᠪᠠᠢ᠌ᠴᠠᠭ᠋ᠠᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠮᠠᠲᠸᠷᠢᠶᠠᠯ᠎ᠤᠨ ᠱᠠᠭ᠋ᠠᠷᠳᠠᠯᠭ᠎ᠠ ᠵᠡᠷᠭᠡ ᠵᠢ ᠶᠠᠷᠢᠵᠦ ᠥᠭᠴᠡᠢ᠂ ᠠ᠋ᠭᠦᠨ᠎ᠤ ᠬᠠᠮᠲᠦ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠰᠢᠰᠲᠸᠮ᠎ᠢ ᠬᠡᠷᠡᠭᠯᠡᠨ ᠤᠨ᠎ᠤ ᠪᠠᠢ᠌ᠴᠠᠭ᠋ᠠᠯᠲᠠ ᠵᠢᠨ ᠮᠡᠳᠡᠭᠦᠯᠦᠯᠲᠡ ᠲᠠᠭᠯᠠᠬᠤ ᠦᠶ᠎ᠡ᠎ᠳᠤ ᠲᠤᠬᠢᠶᠠᠯᠳᠤᠬᠤ ᠠᠰᠠᠭᠤᠳᠠᠯ᠎ᠢ ᠠᠬᠤᠢ ᠲᠠᠯᠠᠪᠠᠢ᠎ᠳᠤ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠲᠠᠢ᠌ᠯᠪᠤᠷᠢᠯᠠᠪᠠ᠃ ᠠ᠋ᠨᠡ ᠤᠳᠠᠭ᠎ᠠ ᠵᠢᠨ ᠪᠤᠯᠪᠠᠰᠤᠷᠠᠯ᠎ᠤᠨ ᠪᠦᠬᠦ ᠶᠠᠪᠤᠴᠠ ᠠ᠋ᠰᠬᠡᠨ ᠠ᠋ᠮᠬᠢᠳᠬᠡᠵᠤ ᠦᠢ᠍ᠯᠡᠲᠤᠭᠡᠳ᠂ ᠪᠣᠯᠪᠠᠰᠤᠷᠠᠯ᠎ᠳᠤ ᠤᠷᠤᠯᠴᠠᠭᠰᠠᠨ ᠦᠭᠡᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠴᠤ᠌ ᠸᠢᠳᠢᠣ᠋᠎ᠪᠠᠷ ᠦᠵᠡᠵᠦ ᠰᠤᠷᠤᠯᠴᠠᠬᠤ ᠨᠦᠬᠦᠴᠡᠯ ᠪᠦᠷᠢᠯᠳᠦᠭᠦᠯᠵᠦ ᠥᠭᠪᠡ᠃
ᠠ᠋ᠭᠦᠨ᠎ᠠᠴᠠ ᠭᠠᠳᠠᠨ᠎ᠠ᠂ ᠠᠵᠢᠯ᠎ᠤᠨ ᠭᠣᠭᠴᠤᠭ᠎ᠠ᠎ᠪᠠᠨ ᠴᠥᠬᠡᠳᠬᠡᠵᠦ᠂ ᠬᠡᠷᠡᠭ ᠶᠠᠪᠤᠳᠠᠯ᠎ᠢ ᠰᠢᠢ᠍ᠳᠪᠤᠷᠢᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠠᠷᠠᠳ᠎ᠲᠤ ᠨᠡᠩ ᠳᠦᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠬᠤ ᠵᠢᠨ ᠲᠥᠯᠥᠭᠡ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠠᠵᠢᠯ᠎ᠤᠨ ᠠᠷᠭ᠎ᠠ ᠪᠠᠷᠢᠯ ᠵᠢᠡᠨ ᠢᠲᠡᠪᠬᠢᠲᠠᠢ ᠰᠢᠨᠡᠴᠢᠯᠡᠵᠦ᠂ ᠰᠦᠯᠵᠢᠶᠡᠨ᠎ᠤ ᠥᠷᠲᠡᠭᠡ᠂ ᠵᠢᠷᠭᠢᠭᠡ ᠵᠢᠨ ᠤᠯᠠᠨ ᠨᠡᠢ᠌ᠲᠡ ᠵᠢᠨ ᠳ᠋ᠤᠭ᠋ᠠᠷᠯᠠᠯ᠂ ᠰᠢᠨ᠎ᠡ ᠵᠠᠭᠤᠴᠢᠯᠠᠭᠤᠷ᠂ ᠵᠢᠷᠭᠢᠭᠡ ᠵᠢᠨ ᠠᠵᠢᠯ᠎ᠤᠨ ᠬᠤᠯᠪᠤᠭ᠎ᠠ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠰᠢᠬᠯᠠᠨ ᠤᠨ᠎ᠤ ᠪᠠᠢ᠌ᠴᠠᠭ᠋ᠠᠯᠲᠠ ᠵᠢᠨ ᠠᠵᠢᠯ᠎ᠤᠨ ᠠᠷᠭ᠎ᠠ ᠮᠠᠶᠢᠭ ᠪᠤᠯᠤᠨ ᠬᠡᠷᠡᠭᠰᠡᠬᠦ ᠮᠠᠲᠸᠷᠢᠶᠠᠯ᠎ᠢ ᠦᠷᠭᠡᠨ ᠵᠢᠡᠷ ᠤᠬᠠᠭᠤᠯᠤᠨ᠂ 《ᠨᠠᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢ ᠨᠢᠭᠡ ᠯᠡ ᠳᠡᠭᠡᠷ᠎ᠡ ᠮᠡᠳᠡᠭᠦᠯᠬᠦ ᠬᠠᠭᠤᠳᠠᠰᠦ》 ᠵᠤᠬᠢᠶᠠᠵᠦ᠂ ᠤᠯᠠᠨ ᠵᠦᠢ᠍ᠯ᠎ᠤᠨ ᠵᠠᠭᠤᠴᠢᠯᠠᠭᠤᠷ ᠵᠢᠡᠷ ᠬᠠᠮᠤᠭ᠎ᠤᠨ ᠲᠦᠷᠦᠭᠦᠨ᠎ᠳᠤ ᠪᠠᠢ᠌ᠴᠠᠭ᠋ᠠᠯᠲᠠ᠎ᠳᠤ ᠤᠷᠤᠯᠴᠠᠬᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠨᠢᠭᠡᠪᠤᠷᠢ᠎ᠳᠤ ᠲᠥᠭᠡᠭᠡᠨ ᠥᠭᠴᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢᠨ ᠠᠵᠢᠯ᠎ᠤᠨ ᠴᠢᠨᠠᠷᠵᠢᠭᠤᠨ ᠲᠣᠭ᠎ᠠ ᠶᠤᠰᠤᠭ᠋ᠠᠷ ᠪᠦᠲᠤᠮᠵᠢᠲᠠᠢ ᠰᠠᠢ᠌ᠨ ᠪᠡᠶᠡᠯᠡᠭᠳᠡᠬᠦ ᠵᠢ ᠦᠨᠡᠨᠬᠦ ᠪᠠᠲᠤᠯᠠᠪᠠ᠃