ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠥᠬᠡᠬᠤᠲᠠ ᠲᠠᠪᠤᠨ ᠵᠦᠢ᠍ᠯ᠎ᠤᠨ ᠠᠷᠭ᠎ᠠ ᠪᠠᠷᠢᠯ ᠵᠶ᠋ᠠᠷ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠵᠦ ᠪᠤᠢ
ᠨᠡᠶᠢᠲᠡᠯᠡᠭᠰᠡᠨ ᠴᠠᠭ᠄ 2019-05-14

             
      ᠤᠢ᠌ᠷ᠎ᠠ ᠵᠢᠨ ᠵᠢᠯ᠎ᠤᠳ᠎ᠲᠤ ᠬᠦᠮᠦᠨ ᠠᠮᠠ ᠵᠢᠨ ᠨᠠᠰᠤᠵᠢᠯ᠎ᠤᠨ ᠠᠯᠬᠤᠴᠠ ᠲᠠᠰᠤᠷᠠᠯᠲᠠ ᠦᠭᠡᠢ ᠲᠦᠷᠭᠡᠰᠬᠦ ᠵᠢ ᠳᠠᠭ᠋ᠠᠯᠳᠤᠨ ᠬᠦᠬᠡᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠶᠡᠬᠡᠲᠡ ᠴᠢᠬᠤᠯᠠᠴᠢᠯᠠᠨ ᠦᠵᠡᠵᠦ᠂ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠢ᠌ᠵᠢᠷᠠᠭᠤᠯᠬᠤ ᠵᠢᠨ ᠴᠢᠬᠤᠯᠠ ᠠᠭᠤᠯᠭ᠎ᠠ ᠪᠤᠯᠭ᠋ᠠᠵᠦ᠂ ᠠᠷᠠᠳ᠎ᠤᠨ ᠠᠮᠢᠳᠤᠷᠠᠯ᠎ᠢ ᠬᠢᠷᠢ ᠵᠡᠷᠭᠡ ᠠᠳᠬᠤᠭᠰᠠᠨ ᠪᠠᠢ᠌ᠳᠠᠯ᠎ᠢ ᠡᠯ᠎ᠡ ᠱᠠᠲᠤᠨ᠎ᠤ ᠵᠠᠰᠠᠭ᠎ᠤᠨ ᠤᠷᠳᠤᠨ ᠪᠤᠯᠤᠨ ᠰᠠᠯᠠᠭ᠎ᠠ ᠮᠥᠴᠢᠷ᠎ᠤᠨ ᠠᠵᠢᠯ᠎ᠢ ᠰᠢᠯᠭ᠋ᠠᠨ ᠦᠵᠡᠬᠦ ᠴᠢᠬᠤᠯᠠ ᠬᠠᠷᠠᠯᠲᠠ᠎ᠳᠤ ᠤᠷᠤᠭᠤᠯᠤᠭ᠋ᠠᠳ ᠢᠳᠡᠪᠬᠢ ᠦᠷ᠎ᠡ ᠪᠦᠲᠦᠮᠵᠢ ᠤᠯᠵᠦ᠂ 《ᠨᠠᠰᠤᠲᠠᠳ᠎ᠢ ᠭᠡᠷ᠎ᠲᠤ᠎ᠨᠢ ᠰᠠᠭᠤᠯᠭ᠋ᠠᠭ᠋ᠠᠳ ᠠᠰᠠᠷᠠᠬᠤ᠎ᠪᠠᠷ ᠰᠠᠭᠤᠷᠢ ᠪᠣᠯᠭ᠋ᠠᠬᠤ᠂ ᠨᠡᠢ᠌ᠭᠡᠮ ᠲᠤᠭᠤᠷᠢᠭ ᠵᠢᠡᠷ ᠲᠦᠰᠢᠭ ᠪᠤᠯᠭ᠋ᠠᠬᠤ᠂ ᠪᠠᠢ᠌ᠭᠤᠯᠤᠮᠵᠢ᠎ᠪᠠᠷ ᠨᠦᠬᠦᠪᠤᠷᠢ ᠪᠤᠯᠭ᠋ᠠᠬᠤ》 ᠠ᠋ᠮᠨᠡᠵᠤ ᠠᠰᠠᠷᠠᠬᠤ ᠵᠢ ᠤᠶᠠᠯᠳᠤᠭᠤᠯᠤᠭᠰᠠᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠢ᠌ᠨ᠎ᠠ᠃
      ᠨᠢᠭᠡ᠎ᠳᠤ ᠲᠦᠷᠦ ᠵᠢᠨ ᠪᠤᠳᠤᠯᠭ᠎ᠠ ᠳᠦᠷᠢᠮ ᠲᠤᠭᠲᠠᠭ᠋ᠠᠯ᠎ᠤᠨ ᠲᠤᠭᠲᠠᠯᠴᠠᠭ᠎ᠠ ᠵᠢ ᠲᠠᠰᠤᠷᠠᠯᠲᠠ ᠦᠭᠡᠢ ᠲᠡᠭᠦᠯᠲᠡᠷᠵᠢᠭᠦᠯᠪᠡ᠃ 《ᠬᠥᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠨ ᠬᠥᠭᠵᠢᠬᠦᠯᠬᠦ ᠲᠤᠬᠠᠢ ᠬᠡᠷᠡᠭᠵᠢᠭᠦᠯᠬᠦ ᠰᠠᠨᠠᠯ》᠂ 《ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠬᠥᠳᠡᠬᠡ ᠲᠤᠰᠬᠤᠨ᠎ᠤ ᠲᠠᠪᠤᠨ ᠪᠠᠲᠤᠯᠠᠭ᠋ᠠᠲᠦ ᠠ᠋ᠷᠦᠬᠡ ᠵᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠂ 《ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠵᠢᠷᠠᠨ ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠢ ᠬᠦᠨᠳᠦᠯᠡᠵᠦ ᠬᠠᠷᠠᠭ᠋ᠠᠯᠵᠠᠬᠤ ᠦᠢ᠍ᠯᠡᠴᠢᠯᠡᠭᠡᠨ᠎ᠤ ᠲᠤᠬᠠᠢ ᠮᠡᠳᠡᠭᠳᠡᠯ》᠂ 《ᠬᠥᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠭᠡᠷ᠎ᠲᠡᠭᠡᠨ ᠰᠠᠭᠤᠵᠤ ᠠᠰᠠᠷᠠᠭᠤᠯᠬᠤ ᠨᠠᠰᠤᠲᠠᠢ᠌ᠴᠤᠳ᠎ᠲᠤ ᠦᠢ᠍ᠯᠡᠴᠢᠯᠡᠭᠡ ᠬᠤᠳᠠᠯᠳᠤᠨ ᠠᠪᠬᠤ ᠲᠤᠬᠠᠢ ᠬᠡᠷᠡᠭᠵᠢᠭᠦᠯᠬᠦ ᠲᠥᠰᠦᠯ (ᠲᠤᠷᠰᠢᠨ ᠬᠡᠷᠡᠭᠵᠢᠬᠦᠯᠬᠦ)》᠂ 《ᠬᠦᠬᠡᠬᠤᠲᠠ ᠵᠢᠨ ᠬᠦᠳᠡᠭᠡ ᠲᠤᠰᠬᠤᠨ᠎ᠤ ᠬᠠᠷᠢᠯᠴᠠᠨ ᠬᠠᠪᠰᠤᠷᠤᠯᠴᠠᠬᠤ ᠵᠤᠯ ᠵᠢᠷᠭ᠋ᠠᠯ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠪᠤᠯᠤᠨ ᠬᠠᠮᠢᠶᠠᠷᠤᠯᠲᠠ ᠵᠢᠨ ᠲᠤᠬᠠᠢ ᠬᠡᠷᠡᠭᠵᠢᠬᠦᠯᠬᠦ ᠨᠠᠷᠢᠨ ᠳᠦᠷᠢᠮ》᠂ 《ᠬᠦᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠣᠨᠴᠠ ᠬᠦᠴᠢᠷᠳᠡᠯ᠎ᠲᠠᠢ ᠬᠦᠮᠦᠰ᠎ᠢ ᠲᠤᠰᠠᠯᠠᠨ ᠲᠡᠳᠭᠦᠵᠦ ᠠᠰᠠᠷᠠᠵᠦ ᠬᠠᠷᠠᠭ᠋ᠠᠯᠵᠠᠬᠤ ᠳᠦᠷᠢᠮ᠎ᠢ ᠤᠯᠠᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ》 ᠵᠡᠷᠭᠡ ᠠᠯᠢ ᠤᠯᠠᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠤᠷᠢᠳ ᠬᠤᠵᠢᠳ ᠲᠤᠬᠲᠠᠭ᠋ᠠᠨ ᠨᠡᠢ᠌ᠲᠡᠯᠡᠵᠦ᠂ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠬᠥᠭᠵᠢᠯᠲᠡ ᠵᠢ ᠪᠦᠬᠦ ᠬᠦᠴᠦ᠎ᠪᠠᠷ ᠵᠢᠡᠨ ᠠᠬᠢᠭᠤᠯᠪᠠ᠃
      ᠬᠤᠶᠠᠷ᠎ᠲᠤ ᠨᠡᠢ᠌ᠭᠡᠮ ᠲᠤᠭᠤᠷᠢᠭ᠎ᠤᠨ ᠨᠠᠰᠤᠲᠠᠳ᠎ᠢ ᠭᠡᠷ᠎ᠲᠤ᠎ᠨᠢ ᠠᠰᠠᠷᠠᠬᠤ ᠦᠢ᠍ᠯᠡᠴᠢᠯᠡᠭᠡ ᠵᠢ ᠦᠷᠭᠦᠯᠵᠢᠯᠡᠡᠨ ᠴᠢᠩᠭ᠋ᠠᠳᠬᠠᠪᠠ᠃ ᠵᠠᠰᠠᠭ᠎ᠤᠨ ᠤᠷᠳᠤᠨ ᠨᠨᠰᠤᠲᠠᠳ᠎ᠢ ᠭᠡᠷ᠎ᠲᠤ᠎ᠨᠢ ᠠᠰᠠᠷᠠᠬᠤ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠦ᠂ 2016 ᠤᠨ᠎ᠳᠤ 《ᠬᠥᠬᠡᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠭᠡᠷ᠎ᠲᠡᠭᠡᠨ ᠠᠰᠠᠷᠠᠭᠤᠯᠵᠦ ᠪᠠᠢ᠌ᠬᠤ ᠨᠠᠰᠤᠲᠠᠳ᠎ᠲᠤ ᠦᠢ᠍ᠯᠡᠴᠢᠯᠡᠭᠡ ᠬᠤᠳᠠᠯᠳᠤᠨ ᠠᠪᠬᠤ ᠲᠤᠬᠠᠢ ᠬᠡᠷᠡᠭᠵᠢᠭᠦᠯᠬᠦ ᠲᠥᠰᠦᠯ (ᠲᠤᠷᠰᠢᠨ ᠬᠡᠷᠡᠭᠵᠢᠬᠦᠯᠬᠦ)》᠎ᠢ ᠲᠤᠬᠲᠠᠭ᠋ᠠᠵᠦ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠠᠭᠤᠯᠭ᠎ᠠ᠎ᠳᠤ ᠰᠡᠳᠭᠢᠯ ᠰᠠᠨᠠᠭ᠎ᠠ ᠵᠢ᠎ᠨᠢ ᠲᠠᠢ᠌ᠳᠬᠤᠷᠠᠭᠤᠯᠬᠤ᠂ ᠠᠮᠢᠳᠤᠷᠠᠯ᠎ᠢ᠎ᠨᠢ ᠬᠠᠷᠠᠭ᠋ᠠᠯᠵᠠᠬᠤ᠂ ᠭᠡᠷ ᠵᠠᠭᠤᠷ᠎ᠠ ᠵᠢᠨ ᠠᠵᠢᠯ᠎ᠤᠨ ᠦᠢ᠍ᠯᠡᠴᠢᠯᠡᠭᠡ ᠬᠢᠬᠦ ᠵᠡᠷᠭᠡ 6 ᠶᠡᠬᠡ ᠲᠦᠷᠦᠯ 29 ᠵᠤᠷᠪᠤᠰ 90 ᠭᠠᠷᠤᠢ ᠵᠦᠢ᠍ᠯ᠎ᠢ ᠲᠤᠲᠤᠷᠬᠠᠢ ᠲᠤᠭᠲᠠᠭ᠋ᠠᠠᠪᠠ᠃ ᠨᠡᠢ᠌ᠭᠡᠮ ᠲᠤᠭᠤᠷᠢᠭ᠎ᠤᠨ ᠠ᠋ᠳᠦᠷ᠎ᠨᠢ ᠬᠠᠷᠠᠭ᠋ᠠᠯᠵᠠᠬᠤ ᠲᠥᠪ᠎ᠤᠨ ᠪᠠᠢ᠌ᠭᠤᠯᠤᠯᠲᠠ ᠵᠢ ᠴᠢᠩᠭ᠋ᠠᠳᠬᠠᠵᠦ᠂ ᠪᠦᠬᠦ ᠬᠤᠲᠠ᠎ᠳᠤ ᠨᠠᠰᠤᠲᠠᠳ᠎ᠢ ᠠ᠋ᠳᠦᠷ᠎ᠨᠢ ᠬᠠᠷᠠᠭ᠋ᠠᠯᠵᠠᠬᠤ ᠲᠦᠪ᠎ᠢ ᠨᠡᠢ᠌ᠲᠡ 79 ᠵᠢ ᠰᠢᠨ᠎ᠡ᠎ᠪᠠᠷ ᠪᠠ ᠥᠭᠡᠷᠡᠴᠢᠯᠡᠨ ᠪᠠᠢ᠌ᠭᠤᠯᠵᠦ᠂ ᠬᠤᠲᠠ ᠵᠢᠨ 4 ᠲᠤᠭᠤᠷᠢᠭ᠎ᠲᠤ ᠵᠠᠰᠠᠭ᠎ᠤᠨ ᠤᠷᠳᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠡᠢ᠌ᠭᠡᠮ ᠲᠤᠭᠤᠷᠢᠭ᠎ᠤᠨ ᠨᠠᠰᠤᠲᠠᠳ᠎ᠲᠤ ᠦᠢ᠍ᠯᠡᠴᠢᠯᠡᠬᠦ ᠦᠢ᠍ᠯᠡᠴᠢᠯᠡᠭᠡ ᠵᠢ ᠬᠤᠳᠠᠯᠳᠤᠨ ᠠᠪᠬᠤ ᠲᠤᠷᠰᠢᠯᠲᠠ ᠵᠢᠨ ᠠᠵᠢᠯ᠎ᠢ ᠲᠤᠷᠰᠢᠨ ᠰᠦᠪᠡᠭᠴᠢᠯᠡᠪᠡ᠃
      ᠭᠤᠷᠪᠠ᠎ᠳᠤ ᠠᠯᠪᠠᠨ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠴᠢᠳᠠᠮᠵᠢ ᠪᠤᠯᠤᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠭᠤᠤᠯᠴᠢᠯᠠᠨ ᠴᠢᠩᠭ᠋ᠠᠳᠬᠠᠪᠠ᠃ ᠠᠰᠠᠷᠠᠮᠵᠢ ᠵᠢᠨ ᠬᠦᠷᠢᠶᠡᠯᠡᠩ᠂ ᠶᠡᠷᠦᠩᠬᠡᠢ᠌ᠯᠡᠭᠰᠡᠨ ᠠᠰᠠᠷᠠᠮᠵᠢ ᠵᠢᠨ ᠲᠥᠪ᠂ ᠨᠠᠰᠤᠲᠠᠳ᠎ᠢ ᠠᠰᠠᠷᠠᠬᠤ ᠬᠦᠷᠢᠶᠡᠯᠡᠩ ᠵᠡᠷᠭᠡ ᠠᠯᠪᠠᠨ᠎ᠠᠴᠠ ᠠ᠋ᠷᠬᠢᠯᠡᠭᠰᠡᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠲᠤᠯᠠᠭ᠋ᠠᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠦ᠂ ᠭᠤᠤᠯᠳᠠᠭᠤ ᠪᠦᠬᠦ ᠬᠤᠲᠠ ᠵᠢᠨ ᠤᠨᠴᠠ ᠬᠦᠴᠢᠷᠳᠡᠯ᠎ᠲᠠᠢ ᠬᠦᠮᠦᠰ᠂ ᠤᠷᠤᠯᠭ᠎ᠠ ᠪᠠᠭ᠎ᠠ ᠬᠦᠮᠦᠰ ᠪᠤᠯᠤᠨ ᠠᠵᠦ ᠠᠬᠤᠢ ᠵᠢᠨ ᠲᠠᠯ᠎ᠠ᠎ᠪᠠᠷ ᠬᠦᠴᠢᠷᠳᠡᠯ᠎ᠲᠠᠢ ᠠᠮᠢᠳᠤᠷᠠᠯ᠎ᠤᠨ ᠴᠢᠳᠠᠪᠤᠷᠢ᠎ᠪᠠᠨ ᠪᠦᠬᠦᠨ᠎ᠢ ᠠᠯᠳᠠᠭᠰᠠᠨ ᠪᠤᠶᠤ ᠬᠠᠭ᠋ᠠᠰ᠎ᠢ᠎ᠨᠢ ᠠᠯᠳᠠᠭᠰᠠᠨ ᠨᠠᠰᠤᠲᠠᠳ᠎ᠲᠤ ᠦᠨ᠎ᠡ ᠲᠦᠯᠦᠪᠤᠷᠢ ᠦᠭᠡᠢ ᠪᠤᠶᠤ ᠵᠠᠷᠤᠳᠠᠯ ᠪᠠᠭ᠎ᠠ ᠠᠰᠠᠷᠠᠵᠤ ᠬᠠᠷᠠᠭ᠋ᠠᠯᠵᠠᠨ ᠰᠤᠪᠢᠯᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠦ ᠬᠤᠲᠠ ᠵᠢᠨ ᠵᠢᠱ᠌ᠢᠶ᠎ᠡ ᠦᠵᠡᠭᠦᠯᠬᠦ ᠨᠠᠰᠤᠲᠠᠳ᠎ᠤᠨ ᠦᠷᠣᠭᠡᠨ᠎ᠤ ᠪᠦᠲᠦᠭᠡᠨ ᠪᠠᠢ᠌ᠭᠤᠯᠤᠯᠲᠠ ᠵᠢᠨ ᠠᠯᠬᠤᠮ᠎ᠢ ᠲᠦᠷᠭᠡᠳᠭᠡᠨ᠂ ᠭᠤᠤᠯ ᠪᠠᠷᠢᠯᠭ᠎ᠠ ᠵᠢ᠎ᠨᠢ ᠨᠢᠭᠡᠨᠲᠡ ᠪᠠᠷᠢᠵᠦ ᠳᠠᠭᠤᠰᠬᠠᠭ᠋ᠠᠳ᠂ 2019 ᠤᠨ᠎ᠤ 8 ᠳ᠋ᠤᠭ᠋ᠠᠷ ᠰᠠᠷ᠎ᠠ᠎ᠳᠤ ᠠᠰᠢᠬᠯᠠᠯᠲᠠ᠎ᠳᠤ ᠤᠷᠤᠭᠤᠯᠬᠤ᠎ᠪᠠᠷ ᠪᠠᠢ᠌ᠨ᠎ᠠ᠃
      ᠳᠦᠷᠪᠡ᠎ᠳᠤ ᠨᠡᠢ᠌ᠭᠡᠮ᠎ᠤᠨ ᠬᠦᠴᠦᠨ ᠵᠶ᠋ᠠᠷ ᠨᠠᠰᠤᠲᠠᠳ᠎ᠢ ᠠᠰᠠᠷᠠᠬᠤ ᠪᠠᠢ᠌ᠭᠤᠯᠤᠮᠵᠢ ᠠ᠋ᠷᠬᠢᠯᠡᠬᠦ ᠵᠢ ᠵᠤᠷᠢᠬ᠍ᠵᠢᠭᠤᠯᠤᠨ ᠲᠡᠳᠭᠦᠵᠦ ᠲᠡᠮᠵᠢᠪᠡ᠃ ᠵᠠᠰᠠᠭ᠎ᠤᠨ ᠤᠷᠳᠤᠨ ᠨᠦᠬᠦᠪᠤᠷᠢᠯᠡᠬᠦ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠢᠡᠷ ᠨᠡᠢ᠌ᠭᠡᠮ᠎ᠤᠨ ᠬᠥᠷᠦᠩᠭᠡ ᠭᠠᠭᠴᠠᠭ᠋ᠠᠷ ᠪᠡᠯᠡ ᠤᠷᠤᠭᠤᠯᠬᠤ᠂ ᠬᠤᠷᠰᠢᠨ ᠪᠡᠯᠡ ᠤᠷᠤᠭᠤᠯᠬᠤ᠂ ᠳᠦᠷᠢᠶᠡᠰᠦᠯᠡᠬᠦ ᠵᠡᠷᠭᠡ ᠵᠠᠬ᠎ᠠ ᠲᠡᠯᠭᠡᠭᠦᠷᠴᠢᠯᠡᠬᠦ ᠠᠷᠭ᠎ᠠ ᠮᠠᠶᠢᠭ ᠵᠢᠡᠷ ᠨᠠᠰᠤᠲᠠᠳ᠎ᠢ ᠠᠰᠠᠷᠠᠬᠤ ᠪᠠᠢ᠌ᠭᠤᠯᠤᠮᠵᠢ ᠠ᠋ᠷᠬᠢᠯᠡᠬᠦ ᠵᠢ ᠵᠤᠷᠢᠬ᠍ᠵᠢᠭᠤᠯᠤᠨ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠲᠦᠷᠦ ᠵᠢᠨ ᠪᠤᠳᠤᠯᠭ᠎ᠠ ᠵᠢᠨ ᠴᠢᠨᠠᠷᠲᠠᠢ ᠲᠡᠮᠵᠢᠯᠭᠡ ᠪᠠ ᠪᠡᠯᠡ ᠮᠥᠩᠭᠦ ᠵᠢᠨ ᠨᠥᠬᠦᠪᠤᠷᠢ ᠤᠯᠭᠤᠪᠠ᠃ ᠵᠠᠬ᠎ᠠ ᠲᠡᠯᠭᠡᠭᠦᠷᠴᠢᠯᠡᠭᠰᠡᠨ ᠨᠠᠰᠤᠲᠠᠳ᠎ᠢ ᠠᠰᠠᠷᠠᠬᠤ ᠠᠵᠢᠯ᠎ᠤᠨ ᠦᠭᠡᠷᠡᠴᠢᠯᠡᠯᠲᠡ ᠬᠢᠬᠦ ᠲᠤᠷᠰᠢᠯᠲᠠ ᠵᠢᠨ ᠠᠵᠢᠯ᠎ᠢ ᠦᠷᠭᠦᠯᠵᠢᠯᠡᠨ ᠠᠬᠢᠭᠤᠯᠵᠦ᠂ ᠢᠦᠢ ᠴᠢᠤᠸᠠᠨ ᠲᠤᠭᠤᠷᠢᠭ᠎ᠤᠨ ᠶᠡᠷᠦᠩᠬᠡᠢ᠌ᠯᠡᠭᠰᠡᠨ ᠨᠡᠢ᠌ᠭᠡᠮ᠎ᠤᠨ ᠠᠰᠠᠷᠠᠮᠵᠢ ᠵᠢᠨ ᠲᠥᠪ᠎ᠲᠤ ᠤᠷᠢᠳ ᠵᠶ᠋ᠠᠷ 《ᠠᠯᠪᠠᠨ᠎ᠠᠴᠠ ᠪᠠᠢ᠌ᠭᠤᠯᠵᠦ ᠠᠷᠠᠳ᠎ᠠᠴᠠ ᠡᠵᠡᠩᠨᠡᠬᠦ》 ᠥᠭᠡᠷᠡᠴᠢᠯᠡᠯᠲᠡ ᠵᠢᠨ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠴᠢᠩ ᠱᠦᠢ ᠾᠸ ᠰᠢᠶᠠᠨ᠎ᠤ ᠶᠡᠷᠦᠩᠬᠡᠢ᠌ᠯᠡᠭᠰᠡᠨ ᠠᠰᠠᠷᠠᠮᠵᠢ ᠵᠢᠨ ᠲᠥᠪ ᠴᠤ᠌ 《ᠠᠯᠪᠠᠨ᠎ᠠᠴᠠ ᠪᠠᠢ᠌ᠭᠤᠯᠵᠦ ᠠᠷᠠᠳ᠎ᠠᠴᠠ ᠡᠵᠡᠩᠨᠡᠬᠦ》 ᠥᠭᠡᠷᠡᠴᠢᠯᠡᠯᠲᠡ ᠬᠢᠵᠦ᠂ ᠨᠠᠰᠤᠲᠠᠳ᠎ᠢ ᠠᠰᠠᠷᠠᠬᠤ ᠬᠤᠶᠠᠷ ᠪᠠᠢ᠌ᠭᠤᠯᠤᠮᠵᠢ᠎ᠨᠢ ᠵᠠᠰᠠᠭ᠎ᠤᠨ ᠤᠷᠳᠤᠨ᠎ᠠᠴᠠ ᠪᠠᠲᠤᠯᠠᠬᠤ ᠬᠤᠲᠠ ᠪᠠᠯᠭ᠋ᠠᠰᠤᠨ᠎ᠤ 《ᠭᠤᠷᠪᠠ ᠦᠭᠡᠢ》 ᠨᠠᠰᠤᠲᠠᠳ᠎ᠢ ᠬᠦᠯᠢᠶᠡᠨ ᠠᠪᠤᠭᠰᠠᠨ ᠪᠦᠭᠡᠳ ᠪᠠᠰᠠ ᠨᠡᠢ᠌ᠭᠡᠮ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠬᠤᠪᠢ᠎ᠪᠠᠷ ᠵᠢᠡᠨ ᠵᠠᠷᠤᠳᠠᠯ ᠭᠠᠷᠭ᠋ᠠᠬᠤ ᠨᠠᠰᠤᠲᠠᠳ᠎ᠢ ᠬᠦᠯᠢᠶᠡᠨ ᠠᠪᠴᠠᠢ᠃
      ᠲᠠᠪᠤ᠎ᠳᠤ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠦᠢ᠍ᠯᠡᠴᠢᠯᠡᠭᠡ ᠵᠢ ᠰᠠᠢ᠌ᠵᠢᠷᠠᠭᠤᠯᠬᠤ ᠠᠵᠢᠯᠯᠠᠭ᠎ᠠ ᠵᠢ ᠰᠠᠢ᠌ᠲᠤᠷ ᠥᠷᠨᠢᠭᠦᠯᠪᠡ᠃ ᠪᠦᠬᠦ ᠬᠤᠲᠠ᠎ᠳᠤ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠶᠠᠰᠦ ᠴᠢᠨᠠᠷ᠎ᠤᠨ ᠪᠠᠷᠢᠮᠵᠢᠶ᠎ᠠ ᠵᠢᠨ ᠲᠤᠭᠲᠠᠯᠴᠠᠭ᠎ᠠ ᠵᠢ ᠠᠩᠬ᠎ᠠ ᠠᠯᠬᠤᠮ ᠪᠠᠢ᠌ᠭᠤᠯᠤᠭᠰᠠᠨ ᠪᠦᠭᠡᠳ ᠭᠠᠯ ᠤᠨᠲᠠᠷᠠᠭ᠋ᠠᠬᠤ ᠭᠠᠯ ᠰᠡᠷᠭᠡᠢ᠌ᠯᠡᠬᠦ ᠲᠦᠭᠦᠭᠡᠷᠦᠮᠵᠢ ᠵᠢᠨ ᠦᠷ᠎ᠡ ᠪᠦᠲᠦᠮᠵᠢ ᠢᠯᠡᠳᠲᠡ ᠰᠠᠢ᠌ᠵᠢᠷᠠᠨ᠂ ᠪᠦᠬᠦ ᠬᠤᠲᠠ ᠵᠢᠨ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠠ᠋ᠮᠴᠢᠯᠡᠬᠦ ᠠᠰᠠᠷᠠᠬᠤ ᠦᠢ᠍ᠯᠡᠴᠢᠯᠡᠭᠡᠨ᠎ᠤ ᠪᠦᠷᠬᠦᠴᠡ ᠲᠡᠭᠡᠭᠰᠢᠯᠡᠪᠡ᠃ ᠠ᠋ᠳᠦᠭᠡ ᠪᠦᠬᠦ ᠬᠤᠲᠠ᠎ᠳᠤ ᠡᠮ ᠠ᠋ᠮᠨᠡᠯᠭᠡ ᠵᠢᠨ ᠪᠠᠢ᠌ᠭᠤᠯᠤᠮᠵᠢ᠎ᠲᠠᠢ ᠦᠢ᠍ᠯᠡᠴᠢᠯᠡᠭᠡᠨ᠎ᠤ ᠭᠡᠷ᠎ᠡ ᠲᠤᠭᠲᠠᠭᠰᠠᠨ᠂ ᠡᠮ ᠠ᠋ᠮᠨᠡᠯᠭᠡ ᠵᠢᠨ ᠰᠠᠭ᠋ᠠᠳ ᠦᠭᠡᠢ ᠵᠠᠮ ᠭᠠᠷᠭ᠋ᠠᠭᠰᠠᠨ᠂ ᠥᠪᠡᠷ ᠵᠢᠡᠨ ᠠ᠋ᠮᠨᠡᠯᠭᠡ ᠵᠢᠨ ᠬᠤᠷᠢᠶ᠎ᠠ ᠪᠠᠢ᠌ᠭᠤᠯᠤᠭᠰᠠᠨ᠂ ᠲᠤᠲᠤᠷ᠎ᠠ᠎ᠪᠠᠨ ᠠ᠋ᠮᠨᠡᠯᠭᠡ ᠵᠢᠨ ᠲᠠᠰᠤᠭ ᠭᠠᠷᠭ᠋ᠠᠭᠰᠠᠨ᠂ ᠡᠮ ᠠ᠋ᠮᠨᠡᠯᠭᠡ ᠵᠢᠨ ᠬᠠᠮᠲᠤᠷᠠᠭᠰᠠᠨ ᠴᠤᠭᠴᠠ ᠵᠢ ᠤᠷᠤᠭᠤᠯᠤᠨ ᠠᠪᠴᠢᠷᠠᠭᠰᠠᠨ ᠨᠠᠰᠤᠲᠠᠳ᠎ᠢ ᠠᠰᠠᠷᠠᠬᠤ ᠪᠠᠢ᠌ᠭᠤᠯᠤᠮᠵᠢ 22 ᠪᠤᠯᠤᠭ᠋ᠠᠳ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠬᠠᠯᠠᠮᠰᠢᠯ ᠠᠰᠠᠭᠤᠳᠠᠯ》᠎ᠢ ᠠᠩᠬᠠᠷᠤᠨ 《ᠲᠦᠪᠡᠭᠲᠡᠢ ᠠᠰᠠᠭᠤᠳᠠᠯ》᠎ᠢ ᠰᠢᠢ᠍ᠳᠪᠤᠷᠢᠯᠡᠵᠦ᠂ ᠳ᠋ᠠᠢ᠌ᠲ᠋ᠠ ᠵᠢ 《ᠢᠯᠡᠭᠦᠦ ᠭᠦᠶᠦᠯᠭᠡᠨ》 ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢ 《ᠰᠦᠯᠵᠢᠶᠡᠨ ᠳᠡᠭᠡᠷ᠎ᠡ ᠭᠦᠢ᠍ᠴᠡᠳᠭᠡᠬᠦ》᠎ᠳᠤ ᠬᠦᠴᠤᠯᠡᠪᠡ
ᠤᠯᠠᠭ᠋ᠠᠨᠬᠠᠳᠠ ᠬᠤᠲᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠠᠪᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠬᠢᠵᠠᠢ
ᠬᠦᠯᠤᠨ ᠪᠣᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠬᠦᠮᠤᠰ᠎ᠢ ᠨᠣᠲᠠᠯᠠᠨ ᠳᠣᠭᠲᠠᠭ᠋ᠠᠬᠤ ᠠᠷᠭ᠎ᠠ᠎ᠳᠤ᠎ᠪᠠᠨ ᠵᠠᠰᠠᠪᠤᠷᠢ ᠣᠷᠣᠭᠣᠯᠬᠤ ᠪᠠᠢ᠌ᠴᠠᠭ᠋ᠠᠨ ᠰᠣᠲᠣᠯᠣᠯᠲᠠ ᠬᠢᠯ᠎ᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ᠎ᠬᠢᠨ ᠦᠨᠳᠤᠰᠤᠨ ᠱᠠᠲᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠤ ᠪᠠᠢ᠌ᠨ᠎ᠠ
 
            