ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠳᠣᠯᠣᠭ᠋ᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠶᠠᠳᠠᠭᠣ ᠵᠢ ᠳᠡᠳᠬᠦᠬᠦ ᠪᠣᠭᠣᠮᠲᠠ ᠰᠢᠪᠲᠤᠯᠬᠤ ᠲᠣᠭᠣᠷᠢᠨ ᠪᠠᠢ᠌ᠴᠠᠭ᠋ᠠᠵᠤ ᠵᠠᠰᠠᠨ ᠴᠡᠭᠴᠡᠯᠡᠬᠦ ᠠᠵᠢᠯ ᠵᠶ᠋ᠠᠨ ᠰᠠᠢ᠌ᠲᠤᠷ ᠬᠢᠵᠤ ᠪᠠᠢ᠌ᠨ᠎ᠠ
ᠨᠡᠶᠢᠲᠡᠯᠡᠭᠰᠡᠨ ᠴᠠᠭ᠄ 2019-04-29

           

     2018 ᠣᠨ᠎ᠳᠤ ᠲᠦᠪ᠎ᠤᠨ ᠨᠠᠢ᠍ᠮᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠮᠠᠨ᠎ᠤ ᠣᠷᠣᠨ᠎ᠤ ᠶᠠᠳᠠᠭᠤ᠎ᠠᠴᠠ ᠠᠩᠬᠢᠵᠢᠷᠠᠬᠤ ᠪᠣᠭᠣᠮᠲᠠ ᠰᠢᠪᠲᠤᠯᠬᠤ ᠠᠵᠢᠯ᠎ᠢ ᠳᠤᠰᠬᠠᠢ᠌ᠯᠠᠨ ᠲᠣᠭᠣᠷᠢᠨ ᠪᠠᠢ᠌ᠴᠠᠭ᠋ᠠᠭ᠋ᠠᠳ ᠬᠠᠷᠢᠭᠤ ᠳᠤᠰᠬᠠᠭᠰᠠᠨ ᠰᠠᠨᠠᠯ᠎ᠢ ᠤᠯᠠᠭ᠋ᠠᠨᠬᠠᠳᠠ ᠬᠣᠲᠠ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠯᠠᠪᠳᠠᠭᠤᠨ ᠪᠠᠲᠤᠲᠠᠢ ᠠᠵᠢᠯᠯᠠᠵᠤ᠂ ᠵᠠᠰᠠᠨ ᠴᠡᠭᠴᠡᠯᠡᠬᠦ ᠠᠵᠢᠯ ᠵᠶ᠋ᠠᠨ ᠪᠦᠲᠤᠮᠵᠢᠲᠠᠢ ᠰᠠᠢ᠌ᠨ ᠬᠢᠬᠦ᠎ᠪᠠᠷ ᠴᠢᠷᠮᠠᠢ᠌ᠵᠠᠢ᠃
      ᠨᠢᠭᠡ᠎ᠳᠤ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠲᠦᠪ᠎ᠤᠨ ᠶᠠᠳᠠᠭᠤ᠎ᠠᠴᠠ ᠠᠩᠬᠢᠵᠢᠷᠠᠬᠤ ᠪᠣᠭᠣᠮᠲᠠ ᠰᠢᠪᠲᠤᠯᠬᠤ ᠳᠤᠰᠠᠬᠠᠢ ᠲᠣᠭᠣᠷᠢᠨ ᠪᠠᠢ᠌ᠴᠠᠭ᠋ᠠᠯᠲᠠ ᠵᠢᠨ ᠵᠠᠰᠠᠨ ᠴᠡᠭᠴᠡᠯᠡᠬᠦ ᠠᠵᠢᠯ᠎ᠤᠨ ᠤᠳᠤᠷᠢᠳᠬᠤ ᠪᠠᠭ᠎ᠠ ᠳᠤᠭᠤᠢ᠌ᠯᠠᠩ ᠪᠠᠢ᠌ᠭᠤᠯᠤᠨ᠂ ᠳᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠣᠪᠴᠢᠶᠠᠨ᠎ᠤ ᠳᠠᠷᠤᠭ᠎ᠠ ᠳᠤᠭᠤᠢ᠌ᠯᠠᠩ᠎ᠤᠨ ᠳᠠᠷᠤᠭ᠎ᠠ ᠵᠢᠨ ᠠ᠋ᠭᠦᠷᠭᠡ ᠵᠢ ᠬᠠᠷᠢᠭᠤᠴᠠᠵᠤ᠂ ᠳᠡᠳ᠋ ᠳᠠᠷᠤᠭ᠎ᠠ᠂ ᠳᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠳᠤᠭᠤᠢ᠌ᠯᠠᠩ᠎ᠤᠨ ᠳᠡᠳ᠋ ᠳᠠᠷᠤᠭ᠎ᠠ ᠵᠢᠨ ᠠ᠋ᠭᠦᠷᠭᠡ ᠵᠢ ᠬᠠᠷᠢᠭᠤᠴᠠᠨ᠂ ᠨᠡᠢ᠌ᠬᠡᠮ᠎ᠤᠨ ᠳᠤᠰᠠᠯᠠᠮᠵᠢ ᠵᠢᠨ ᠰᠠᠯᠠᠭ᠎ᠠ᠂ ᠲᠦᠯᠣᠪᠵᠢᠭᠦᠯᠭᠡ ᠠ᠋ᠳ᠋᠎ᠤᠨ ᠵᠠᠰᠠᠭ᠎ᠤᠨ ᠰᠠᠯᠠᠭ᠎ᠠ᠂ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠣᠪᠴᠢᠶ᠎ᠠ᠂ ᠦᠨᠳᠤᠰᠤᠨ ᠱᠠᠲᠤᠨ᠎ᠤ ᠵᠠᠰᠠᠭ᠎ᠤᠨ ᠠ᠋ᠷᠬᠡ ᠬᠢᠭᠡᠳ ᠨᠡᠢ᠌ᠬᠡᠮ ᠲᠣᠭᠣᠷᠢᠭ᠎ᠤᠨ ᠪᠦᠲᠤᠭᠡᠨ ᠪᠠᠢ᠌ᠭᠤᠯᠤᠯᠲᠠ ᠵᠢᠨ ᠰᠠᠯᠠᠭ᠎ᠠ᠂ ᠨᠡᠢ᠌ᠬᠡᠮ᠎ᠤᠨ ᠠᠰᠠᠷᠠᠮᠵᠢ ᠬᠢᠭᠡᠳ ᠨᠢᠭᠦᠯᠡᠰᠤᠩᠭᠦᠢ ᠠᠵᠢᠯ ᠦᠢ᠍ᠯᠡᠰ᠎ᠢ ᠠᠬᠢᠭᠤᠯᠬᠤ ᠰᠠᠯᠠᠭ᠎ᠠ᠂ ᠨᠡᠢ᠌ᠬᠡᠮ᠎ᠤᠨ ᠠᠵᠢᠯ ᠶᠠᠪᠤᠳᠠᠯ᠎ᠤᠨ ᠰᠠᠯᠠᠭ᠎ᠠ ᠵᠢᠨ ᠭᠣᠣᠯ ᠬᠠᠷᠢᠭᠤᠴᠠᠯᠭ᠋ᠠᠲᠠᠨ ᠵᠶ᠋ᠠᠷ ᠪᠦᠷᠢᠯᠳᠤᠭᠦᠨ ᠪᠣᠯᠭ᠋ᠠᠭᠰᠠᠨ ᠪᠠᠢ᠌ᠨ᠎ᠠ᠃ ᠤᠳᠤᠷᠢᠳᠬᠤ ᠪᠠᠭ᠎ᠠ ᠳᠤᠭᠤᠢ᠌ᠯᠠᠩ᠎ᠤᠨ ᠳᠣᠣᠷ᠎ᠠ ᠠᠯᠪᠠᠨ ᠭᠡᠷ ᠳᠣᠬᠢᠷᠠᠭᠤᠯᠵᠤ᠂ ᠠᠯᠪᠠᠨ ᠭᠡᠷ᠎ᠤᠨ ᠠ᠋ᠷᠬᠢᠯᠡᠭᠴᠢ ᠵᠢ ᠳᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠤᠭᠦᠨ᠂ ᠳᠡᠳ᠋ ᠳᠣᠪᠴᠢᠶᠠᠨ ᠳᠠᠷᠤᠭ᠎ᠠ᠎ᠪᠠᠷ ᠬᠠᠪᠰᠤᠷᠭ᠋ᠠᠨ ᠬᠠᠷᠢᠭᠤᠴᠠᠭᠤᠯᠪᠠ᠃
      ᠬᠣᠶᠠᠷ᠎ᠲᠤ 〈〈ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠲᠦᠪ᠎ᠤᠨ ᠲᠣᠭᠣᠷᠢᠨ ᠪᠠᠢ᠌ᠴᠠᠭ᠋ᠠᠬᠤ ᠳᠣᠭᠤᠢ᠌ᠯᠠᠩ᠎ᠤᠨ ᠶᠠᠳᠠᠭᠤ᠎ᠠᠴᠠ ᠠᠩᠬᠢᠵᠢᠷᠠᠬᠤ ᠪᠣᠭᠣᠮᠲᠠ ᠰᠢᠪᠲᠤᠯᠬᠤ ᠠᠵᠢᠯ᠎ᠢ ᠳᠤᠰᠬᠠᠢ ᠳᠣᠭᠣᠷᠢᠨ ᠪᠠᠢ᠌ᠴᠠᠭ᠋ᠠᠭ᠋ᠠᠳ ᠬᠠᠷᠢᠭᠤ ᠳᠤᠰᠬᠠᠭᠰᠠᠨ ᠰᠠᠨᠠᠯ ᠵᠶ᠋ᠠᠷ ᠵᠠᠰᠠᠨ ᠴᠡᠭᠴᠡᠯᠡᠬᠦ ᠳᠤᠬᠠᠢ ᠲᠦᠰᠣᠪ〉〉᠎ᠢ ᠳᠣᠭᠲᠠᠭ᠋ᠠᠨ᠂ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠲᠦᠷᠤ ᠵᠢᠨ ᠪᠣᠳᠣᠯᠭ᠎ᠠ ᠵᠢᠨ ᠬᠡᠪᠴᠢᠶ᠎ᠡ ᠬᠦᠷᠢᠶᠡᠨ᠎ᠳᠤ ᠮᠦᠨ ᠣᠷᠣᠵᠤ ᠳᠡᠢ᠌ᠯᠤᠭᠡ ᠦᠭᠡᠢ ᠬᠦᠳᠡᠯᠮᠤᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠲᠡᠯ᠎ᠲᠠᠢ ᠬᠦᠮᠤᠰ᠎ᠤᠨ ᠠᠰᠠᠭᠤᠳᠠᠯ᠂ ᠶᠠᠳᠠᠭᠤ ᠵᠢ ᠳᠡᠳᠬᠦᠬᠦ ᠵᠠᠭ᠋ᠠᠭ᠎ᠤᠨ ᠠᠰᠠᠭᠤᠳᠠᠯ᠂ ᠪᠡᠭᠡᠵᠢᠩ ᠦᠪᠦᠷ ᠮᠣᠩᠭᠣᠯ ᠬᠠᠮᠵᠢᠯᠴᠠᠨ ᠶᠠᠳᠠᠭᠤ ᠵᠢ ᠳᠡᠳᠬᠦᠬᠦ ᠠᠰᠠᠭᠤᠳᠠᠯ᠂ ᠰᠠᠯᠠᠭ᠎ᠠ ᠮᠦᠴᠢᠷ᠎ᠤᠨ ᠬᠣᠭᠣᠷᠤᠨᠳᠤᠬᠢ ᠲᠦᠷᠤ ᠵᠢᠨ ᠪᠣᠳᠣᠯᠭ᠎ᠠ ᠵᠢ ᠵᠣᠬᠢᠴᠠᠭᠤᠯᠤᠨ ᠠ᠋ᠬᠢ ᠪᠠᠶᠠᠯᠢᠭ ᠵᠶ᠋ᠠᠨ ᠨᠢᠭᠡᠳᠤᠭᠦᠯᠬᠦ ᠠᠰᠠᠭᠤᠳᠠᠯ᠂ ᠶᠠᠳᠠᠭᠤ ᠬᠦᠴᠢᠷᠲᠡᠯ᠎ᠲᠠᠢ ᠠ᠋ᠷᠤᠬᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠠᠴᠠ ᠠᠶᠠᠨᠳᠠᠭ᠋ᠠᠨ ᠭᠠᠷᠬᠤ ᠴᠠᠭ ᠬᠤᠭᠤᠴᠠᠭ᠋ᠠᠨ᠎ᠤ ᠠᠰᠠᠭᠤᠳᠠᠯ ᠵᠡᠷᠭᠡ᠎ᠳᠤ ᠴᠢᠭᠯᠡᠭᠦᠯᠤᠨ ᠭᠦᠨᠵᠡᠭᠡᠢ ᠬᠠᠷᠢᠴᠠᠭᠤᠯᠤᠨ ᠪᠠᠢ᠌ᠴᠠᠭ᠋ᠠᠵᠤ᠂ ᠠᠰᠠᠭᠤᠳᠠᠯ᠎ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠵᠢᠨ ᠨᠠᠷᠢᠨ ᠳᠠᠩᠰᠠ ᠪᠣᠯᠤᠨ ᠬᠠᠷᠢᠭᠤᠴᠠᠯᠭ᠎ᠠ ᠵᠢᠨ ᠨᠠᠷᠢᠨ ᠳᠠᠩᠰᠠ ᠭᠠᠷᠭ᠋ᠠᠵᠠᠢ᠃
      ᠭᠤᠷᠪᠠ᠎ᠳᠤ 〈〈ᠬᠦᠳᠡᠯᠮᠤᠷᠢᠯᠡᠬᠦ ᠴᠢᠳᠠᠪᠤᠷᠢ᠎ᠪᠠᠨ ᠠᠯᠳᠠᠭᠰᠠᠨ ᠳᠠᠩᠰᠠ ᠺᠠᠷᠲ᠎ᠲᠠᠢ ᠶᠠᠳᠠᠭᠤ ᠬᠦᠴᠢᠷᠲᠡᠯ᠎ᠲᠠᠢ ᠬᠦᠮᠤᠰ᠎ᠲᠤ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ ᠵᠢᠨ ᠪᠠᠲᠤᠯᠠᠭ᠎ᠠ᠎ᠳᠤ ᠣᠷᠣᠭᠤᠯᠬᠤ ᠲᠦᠷᠤ ᠵᠢᠨ ᠪᠣᠳᠣᠯᠭ᠎ᠠ ᠵᠢ ᠨᠠᠢ᠌ᠲᠠᠪᠤᠷᠢᠵᠢᠭᠤᠯᠤᠭ᠋ᠠᠳᠤᠢ ᠪᠣᠯ 〈ᠪᠦᠭᠦᠲᠡ ᠵᠢ ᠪᠠᠷᠢᠮᠵᠢᠶᠠᠨ᠎ᠳᠤ ᠬᠦᠷᠭᠡᠵᠤ ᠨᠠᠢ᠌ᠲᠠᠪᠤᠷᠢᠵᠠᠭᠤᠯᠬᠤ〉 ᠳᠤᠰᠬᠠᠢ ᠠᠵᠢᠯ᠎ᠤᠨ ᠬᠡᠷᠡᠭᠵᠢᠭᠦᠯᠬᠦ ᠲᠦᠰᠤᠯ〉〉᠎ᠢ ᠳᠣᠭᠲᠠᠭ᠋ᠠᠨ᠂ ᠨᠡᠢ᠌ᠬᠡᠮ᠎ᠤᠨ ᠳᠤᠰᠠᠯᠠᠮᠵᠢ ᠵᠢᠨ ᠳᠦᠷᠢᠮ ᠬᠢᠭᠡᠳ ᠶᠠᠳᠠᠭᠤ ᠵᠢ ᠳᠡᠳᠬᠦᠨ ᠨᠡᠭᠡᠭᠡᠨ ᠬᠦᠭᠵᠢᠭᠦᠯᠬᠦ ᠲᠦᠷᠤ ᠵᠢᠨ ᠪᠣᠳᠣᠯᠭ᠎ᠠ ᠵᠢ ᠵᠣᠯᠭ᠋ᠠᠭᠤᠯᠬᠤ ᠪᠣᠯᠪᠠᠰᠤᠷᠠᠯ᠎ᠤᠨ ᠠᠩᠬᠢ ᠵᠢ ᠵᠣᠬᠢᠶᠠᠨ ᠪᠠᠢ᠌ᠭᠤᠯᠵᠤ᠂ ᠬᠤᠰᠢᠭᠤ ᠰᠢᠶᠡᠨ ᠲᠣᠭᠣᠷᠢᠭ᠎ᠢ ᠵᠢᠯᠣᠭᠣᠳᠤᠨ ᠲᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠤᠰ᠎ᠢ ᠲᠦᠷᠣᠯ ᠬᠤᠪᠢᠶᠡᠨ ᠣᠨᠣᠴᠠᠲᠠᠢ᠎ᠪᠠᠷ ᠳᠤᠰᠠᠯᠠᠵᠤ᠂ ᠪᠦᠬᠦᠨ᠎ᠢ ᠨᠠᠭ᠋ᠠᠳᠤ ᠵᠠᠬ᠎ᠠ ᠵᠢᠨ ᠪᠠᠲᠤᠯᠠᠭ᠎ᠠ᠎ᠳᠤ ᠣᠷᠣᠭᠤᠯᠬᠤ ᠲᠦᠷᠤ ᠵᠢᠨ ᠪᠣᠳᠣᠯᠭ᠎ᠠ ᠪᠣᠯᠣᠨ ᠣᠨᠴᠠ ᠬᠦᠴᠢᠷᠳᠡᠭᠰᠡᠳ᠎ᠢ ᠬᠠᠷᠠᠭ᠋ᠠᠯᠵᠠᠨ ᠳᠤᠰᠠᠯᠠᠬᠤ ᠲᠦᠷᠤ ᠵᠢᠨ ᠪᠣᠳᠣᠯᠭ᠎ᠠ ᠵᠢ ᠲᠣᠢ᠌ᠯᠪᠤᠷᠢᠲᠠᠢ ᠨᠠᠢ᠌ᠲᠠᠪᠤᠷᠢᠵᠢᠭᠤᠯᠬᠤ ᠵᠢ ᠠ᠋ᠷᠬᠡᠪᠰᠢ ᠪᠠᠲᠤᠯᠠᠬᠤ ᠬᠡᠷᠡᠭᠲᠠᠢ᠃ ᠠ᠋ᠳᠤᠭᠡ ᠨᠢᠭᠡᠨᠲᠡ ᠣᠷᠣᠭᠤᠯᠪᠠᠰᠤ ᠵᠣᠬᠢᠬᠤ ᠵᠢ᠎ᠨᠢ ᠪᠦᠬᠦᠨ᠎ᠢ ᠣᠷᠣᠭᠤᠯᠵᠤ᠂ ᠪᠠᠲᠤᠯᠠᠪᠠᠰᠤ ᠵᠣᠬᠢᠬᠤ ᠵᠢ᠎ᠨᠢ ᠪᠦᠷᠢᠨ ᠪᠠᠲᠤᠯᠠᠭ᠋ᠠᠳ ᠪᠠᠢ᠌ᠨ᠎ᠠ᠃
      ᠳᠦᠷᠪᠡ᠎ᠳᠤ 〈〈ᠪᠦᠬᠦᠨ᠎ᠢ ᠨᠠᠭ᠋ᠠᠳᠤ ᠵᠠᠬ᠎ᠠ ᠵᠢᠨ ᠪᠠᠲᠤᠯᠠᠭ᠎ᠠ᠎ᠳᠤ ᠣᠷᠣᠭᠤᠯᠵᠤ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠤᠨ ᠳᠦᠷᠢᠮ᠎ᠤᠨ ᠳᠤᠬᠠᠢ ᠳᠣᠭᠲᠠᠭ᠋ᠠᠯ〉〉᠎ᠢ ᠳᠠᠷᠤᠮᠠᠯᠯᠠᠨ᠂ ᠠᠷᠠᠳ᠎ᠤᠨ ᠶᠠᠪᠤᠳᠠᠯ᠂ ᠠᠷᠢᠭᠤᠨ ᠴᠡᠪᠡᠷ ᠠ᠋ᠷᠡᠭᠦᠯ ᠬᠠᠮᠠᠭ᠋ᠠᠯᠠᠯ᠎ᠤᠨ ᠵᠦᠪᠯᠡᠯ᠂ ᠶᠠᠳᠠᠭᠤ᠎ᠢ ᠳᠡᠳᠬᠦᠬᠦ ᠠᠯᠪᠠᠨ ᠭᠡᠷ᠂ ᠵᠡᠮᠳᠡᠭᠴᠤᠳ᠎ᠤᠨ ᠬᠣᠯᠪᠣᠭ᠎ᠠ᠂ ᠡᠮ ᠠ᠋ᠮᠨᠡᠯᠭᠡ ᠵᠢᠨ ᠪᠠᠲᠤᠯᠠᠭ᠋ᠠᠨ᠎ᠤ ᠳᠣᠪᠴᠢᠶ᠎ᠠ ᠵᠡᠷᠭᠡ 5 ᠰᠠᠯᠠᠭ᠎ᠠ ᠮᠦᠴᠢᠷ ᠳᠣᠭᠲᠠᠮᠠᠯ ᠬᠤᠭᠤᠴᠠᠭ᠎ᠠ᠎ᠲᠠᠢ᠎ᠪᠠᠷ ᠵᠦᠪᠳᠡᠨ ᠵᠣᠬᠢᠴᠠᠭᠤᠯᠬᠤ ᠠᠵᠢᠯ ᠬᠢᠵᠤ᠂ ᠠ᠋ᠬᠢ ᠪᠠᠶᠠᠯᠢᠭ᠎ᠤᠨ ᠮᠡᠳᠡᠭᠡ ᠵᠠᠩᠭᠢ᠎ᠪᠠᠨ ᠬᠠᠮᠲᠤ᠎ᠪᠠᠷ ᠠ᠋ᠳ᠋ᠯᠡᠵᠤ᠂ ᠰᠠᠯᠠᠭ᠎ᠠ ᠮᠦᠴᠢᠷ᠎ᠤᠨ ᠬᠠᠮᠲᠤ ᠵᠢᠨ ᠬᠦᠴᠤ᠎ᠪᠠᠨ ᠪᠠᠳᠠᠷᠠᠭᠤᠯᠤᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ ᠵᠶ᠋ᠠᠨ ᠰᠠᠢ᠌ᠨ ᠬᠢᠪᠡ᠃ 2019 ᠣᠨ᠎ᠤ ᠨᠢᠭᠡᠳᠤᠭᠡᠷ ᠤᠯᠠᠷᠢᠯ᠎ᠳᠤ᠂ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠶᠠᠳᠠᠭᠤ ᠵᠢ ᠳᠡᠳᠬᠦᠬᠦ ᠰᠠᠯᠠᠭ᠎ᠠ ᠮᠦᠴᠢᠷ᠎ᠲᠠᠢ ᠲᠣᠭ᠎ᠠ ᠪᠦᠷᠢᠳᠬᠡᠯ ᠵᠶ᠋ᠠᠨ ᠬᠠᠷᠭᠤᠭᠤᠯᠵᠤ᠂ ᠪᠦᠬᠦ ᠬᠣᠲᠠ ᠵᠢᠨ ᠲᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ 14.07 ᠲᠦᠮᠡᠨ ᠬᠦᠮᠤᠨ ᠠᠮᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠳᠤ ᠣᠷᠣᠭᠤᠯᠵᠤ᠂ 35.7% ᠬᠤᠪᠢ ᠵᠢ ᠡᠵᠡᠯᠡᠪᠡ᠃ ᠠ᠋ᠭᠦᠨ᠎ᠤ ᠳᠤᠮᠳᠠ᠂ ᠶᠠᠳᠠᠭᠤ᠎ᠠᠴᠠ ᠠᠩᠬᠢᠵᠢᠷᠠᠭ᠋ᠠᠳᠤᠢ 3.1 ᠲᠦᠮᠡᠨ ᠬᠦᠮᠤᠨ ᠠᠮᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠳᠤ ᠣᠷᠣᠭᠤᠯᠵᠤ᠂ 58 % ᠬᠤᠪᠢ ᠵᠢ ᠡᠵᠡᠯᠡᠪᠠ᠃
      ᠲᠠᠪᠤ᠎ᠳᠤ 〈〈ᠨᠡᠢ᠌ᠬᠡᠮ᠎ᠤᠨ ᠳᠤᠰᠠᠯᠠᠮᠵᠢ ᠵᠢᠨ ᠬᠠᠮᠢᠶᠠᠷᠤᠯᠲᠠ᠎ᠨᠢ ᠳᠦᠷᠢᠮᠵᠢᠭᠡᠳᠤᠢ ᠵᠡᠷᠭᠡ ᠠᠰᠠᠭᠤᠳᠠᠯ᠎ᠤᠨ ᠴᠡᠭᠴᠡᠯᠡᠨ ᠵᠠᠰᠠᠬᠤ ᠵᠢ ᠰᠢᠪᠠᠳᠠᠨ ᠬᠢᠯᠭᠡᠬᠦ ᠲᠣᠭᠲᠠᠴᠠ〉〉 ᠵᠢ ᠳᠠᠷᠤᠮᠠᠯᠯᠠᠨ ᠳᠠᠷᠬᠠᠭ᠋ᠠᠵᠤ᠂ ᠬᠢᠨᠠᠨ ᠵᠢᠯᠣᠭᠣᠳᠬᠤ ᠠᠷᠭ᠎ᠠ ᠬᠡᠯᠪᠡᠷᠢ ᠪᠣᠯᠤᠨ ᠠᠰᠠᠭᠤᠳᠠᠯ᠎ᠢ ᠢᠯᠡᠷᠡᠭᠦᠯᠬᠦ ᠠᠷᠭ᠎ᠠ ᠵᠠᠮ᠎ᠪᠠᠨ ᠰᠢᠨᠡᠴᠢᠯᠡᠨ᠂ ᠦᠨᠳᠤᠰᠤᠨ ᠱᠠᠲᠤᠨ᠎ᠳᠤ ᠪᠠᠢ᠌ᠴᠠᠭ᠋ᠠᠨ ᠰᠤᠳᠤᠯᠬᠤ᠂ ᠪᠠᠢ᠌ᠴᠠᠭ᠋ᠠᠯᠲᠠ ᠬᠢᠬᠦ ᠪᠤᠶᠤ ᠮᠠᠲᠸᠷᠢᠶᠠᠯ ᠵᠶ᠋ᠠᠷ ᠮᠡᠳᠡᠭᠦᠯᠬᠦ᠂ ᠶᠡᠬᠡ ᠳ᠋ᠠᠢ᠌ᠲ᠋ᠠ ᠵᠢᠨ ᠵᠠᠳᠠᠯᠤᠯᠲᠠ ᠬᠢᠬᠦ᠂ ᠵᠠᠭᠤᠴᠢᠯᠠᠭᠤᠷ ᠵᠶ᠋ᠠᠷ ᠳᠤᠰᠬᠠᠬᠤ᠂ ᠬᠢᠨᠠᠨ ᠪᠣᠳᠣᠬᠤ᠂ ᠵᠠᠬᠢᠳᠠᠯ ᠵᠶ᠋ᠠᠷ ᠰᠣᠷᠪᠣᠯᠵᠢᠯᠠᠬᠤ ᠵᠡᠷᠭᠡ ᠠᠷᠭ᠎ᠠ ᠬᠡᠯᠪᠡᠷᠢ᠎ᠪᠠᠷ ᠬᠤᠰᠢᠭᠤ ᠰᠢᠶᠡᠨ ᠲᠣᠭᠣᠷᠢᠭ᠂ ᠰᠤᠮᠤ ᠰᠢᠶᠠᠩ ᠪᠠᠯᠭ᠋ᠠᠰᠤ (ᠵᠡᠭᠡᠯᠢ ᠭᠤᠲᠤᠮᠵᠢ) ᠵᠢᠨ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠳᠤ ᠣᠷᠣᠰᠢᠵᠤ ᠪᠠᠢ᠌ᠭ᠎ᠠ ᠬᠠᠮᠢᠶᠠᠷᠤᠯᠲᠠ᠎ᠨᠢ ᠳᠦᠷᠢᠮᠵᠢᠭᠡᠳᠤᠢ ᠵᠡᠷᠭᠡ ᠠᠰᠠᠭᠤᠳᠠᠯ᠎ᠢ ᠳᠤᠬᠠᠢ ᠵᠢᠨ ᠭᠠᠵᠠᠷ᠎ᠲᠤᠨᠢ ᠢᠯᠡᠷᠡᠭᠦᠯᠬᠦ ᠪᠤᠶᠤ ᠨᠠᠷᠢᠨ ᠳᠠᠩᠰᠠ ᠭᠠᠷᠭ᠋ᠠᠵᠤ᠂ ᠴᠡᠭᠴᠡᠯᠡᠨ ᠵᠠᠰᠠᠬᠤ ᠰᠠᠨᠠᠭᠤᠯᠭ᠎ᠠ ᠪᠠ ᠪᠠᠷᠢᠮᠵᠢᠶ᠎ᠠ᠎ᠪᠠᠨ ᠳᠤᠷᠠᠳᠤᠨ᠂ ᠴᠡᠭᠴᠡᠯᠡᠨ ᠵᠠᠰᠠᠬᠤ ᠴᠠᠭ ᠬᠤᠭᠤᠴᠠᠭ᠎ᠠ᠎ᠪᠠᠨ ᠲᠣᠳᠣᠷᠬᠠᠢ᠌ᠯᠠᠭ᠋ᠠᠳ᠂ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠳᠤᠬᠠᠢ᠎ᠳᠤᠨᠢ ᠢᠯᠡᠷᠡᠭᠦᠯᠤᠨ ᠰᠢᠢ᠍ᠳᠪᠤᠷᠢᠯᠡᠬᠦ᠎ᠪᠠᠷ ᠴᠢᠷᠮᠠᠢ᠌ᠨ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠳᠦᠷᠢᠮᠵᠢᠵᠤ ᠦᠨᠳᠤᠷ ᠪᠦᠲᠤᠮᠵᠢᠲᠠᠢ ᠶᠠᠪᠤᠭᠳᠠᠬᠤ ᠵᠢ ᠳᠦᠯᠬᠢᠨ ᠠᠬᠢᠭᠤᠯᠪᠠ᠃
      ᠵᠢᠷᠭᠤᠭ᠎ᠠ᠎ᠳᠤ ᠴᠡᠭᠴᠡᠯᠡᠨ ᠵᠠᠰᠠᠬᠤ ᠠᠵᠢᠯ᠎ᠤᠨ ᠠ᠋ᠭᠦᠷᠭᠡ ᠪᠣᠯᠤᠨ ᠠᠷᠠᠳ᠎ᠤᠨ ᠶᠠᠪᠤᠳᠠᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠭᠣᠣᠯᠳᠠᠯᠭ᠎ᠠ᠎ᠳᠤ ᠴᠢᠭᠯᠡᠭᠦᠯᠤᠨ᠂ 2019 ᠣᠨ᠎ᠤ ᠠᠵᠢᠯ᠎ᠤᠨ ᠲᠦᠯᠣᠪᠯᠡᠭᠡ᠎ᠪᠠᠨ ᠵᠣᠬᠢᠶᠠᠵᠤ᠂ 12 ᠵᠦᠢ᠍ᠯ᠎ᠤᠨ ᠪᠣᠳᠠᠲᠠᠢ ᠠᠭᠤᠯᠭ᠎ᠠ᠎ᠳᠤ ᠬᠣᠯᠪᠣᠭᠳᠠᠭᠰᠠᠨ ᠰᠠᠯᠠᠭ᠎ᠠ ᠳᠠᠰᠤᠭ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠠᠵᠢᠯ᠎ᠤᠨ ᠱᠠᠭ᠋ᠠᠷᠳᠠᠯᠭ᠎ᠠ᠎ᠪᠠᠨ ᠳᠤᠷᠠᠳᠴᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠠᠵᠢᠯ᠎ᠤᠨ ᠪᠦᠲᠤᠮᠵᠢᠲᠠᠢ ᠨᠠᠢ᠌ᠲᠠᠪᠤᠷᠢᠵᠢᠯᠲᠠ ᠵᠢ ᠦᠨᠡᠨᠬᠦ ᠪᠠᠲᠤᠯᠠᠵᠤ ᠴᠢᠳᠠᠪᠠ᠃
      ᠳᠣᠯᠣᠭ᠎ᠠ᠎ᠳᠤ ᠦᠪᠡᠷᠳᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠪᠠᠢ᠌ᠭᠤᠯᠭ᠎ᠠ ᠪᠣᠯᠤᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠠᠰ᠎ᠤᠨ ᠪᠠᠢ᠌ᠷᠢᠯᠠᠭᠤᠯᠤᠯᠲᠠ᠎ᠪᠠᠷ᠂ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠦᠷᠭᠡᠨ ᠳᠡᠯᠭᠡᠷᠡᠩᠭᠦᠢ᠎ᠪᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠰᠬᠠᠢ ᠰᠡᠳᠤᠪᠲᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠵᠤ᠂ ᠰᠢ ᠵᠢᠨ ᠫᠢᠩ ᠶᠡᠷᠣᠩᠬᠡᠢ ᠱᠦᠵᠢ ᠵᠢᠨ ᠶᠠᠳᠠᠭᠤ ᠵᠢ ᠳᠡᠳᠬᠦᠬᠦ ᠠᠵᠢᠯ᠎ᠤᠨ ᠳᠤᠬᠠᠢ ᠶᠠᠷᠢᠭᠰᠠᠨ ᠴᠢᠬᠤᠯᠠ ᠶᠠᠷᠢᠶ᠎ᠠ ᠪᠣᠯᠤᠨ ᠨᠠᠮ᠎ᠤᠨ ᠲᠦᠪ ᠬᠣᠷᠢᠶᠠᠨ᠎ᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠰᠢᠢ᠍ᠳᠪᠤᠷᠢᠳᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠢᠰᠲᠸᠮ᠎ᠲᠠᠢ ᠰᠤᠷᠤᠯᠴᠠᠬᠤ᠎ᠪᠠᠷ ᠳᠠᠮᠵᠢᠭ᠋ᠠᠳ᠂ ᠰᠡᠳᠬᠢᠯ ᠰᠠᠨᠠᠭ᠎ᠠ᠎ᠪᠠᠨ ᠭᠦᠨᠵᠡᠭᠡᠢ ᠳᠡᠯᠭᠡᠨ ᠶᠠᠷᠢᠯᠴᠠᠵᠤ᠂ ᠠᠰᠠᠭᠤᠳᠠᠯ᠎ᠢ ᠭᠦᠨ ᠭᠦᠨᠵᠡᠭᠡᠢ ᠠ᠋ᠷᠢᠨ ᠳᠡᠯᠭᠡᠵᠤ᠂ ᠰᠢᠭᠦᠮᠵᠢᠯᠡᠯ ᠪᠠ ᠦᠪᠡᠷ᠎ᠤᠨ ᠰᠢᠭᠦᠮᠵᠢᠯᠡᠯ᠎ᠢ ᠲᠦᠪ ᠴᠢᠩᠭ᠎ᠠ᠎ᠪᠠᠷ ᠬᠢᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠎ᠪᠠᠨ ᠪᠣᠳᠠᠲᠠᠢ᠌ᠵᠢᠭᠤᠯᠤᠨ᠂ ᠴᠡᠭᠴᠡᠯᠡᠨ ᠵᠠᠰᠠᠬᠤ ᠬᠠᠷᠢᠭᠤᠴᠠᠯᠭ᠎ᠠ᠎ᠪᠠᠨ ᠳᠠᠭᠰᠢᠷᠠᠭᠤᠯᠵᠤ᠂ ᠴᠡᠭᠴᠡᠯᠡᠨ ᠵᠠᠰᠠᠬᠤ ᠠ᠋ᠭᠦᠷᠭᠡ᠎ᠪᠠᠨ ᠴᠠᠭ ᠳᠤᠬᠠᠢ᠎ᠳᠤᠨᠢ ᠪᠡᠶᠡᠯᠡᠭᠦᠯᠬᠦ᠎ᠳᠤ ᠪᠠᠲᠤ ᠴᠢᠩᠭ᠎ᠠ ᠦᠵᠡᠯ ᠰᠠᠨᠠᠭ᠋ᠠᠨ᠎ᠤ ᠰᠠᠭᠤᠷᠢ ᠵᠢ ᠲᠠᠯᠪᠢᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠢ ᠠ᠋ᠷᠬᠢᠯᠡᠨ ᠬᠤᠷᠠᠯᠳᠤᠪᠠ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠣᠷᠳᠣᠰ ᠬᠣᠲᠠ 2019 ᠣᠨ᠎ᠤ ᠨᠢᠭᠡᠳᠤᠭᠡᠷ ᠤᠯᠠᠷᠢᠯ᠎ᠤᠨ ᠨᠡᠢ᠌ᠬᠡᠮ᠎ᠤᠨ ᠳᠤᠰᠠᠯᠠᠮᠵᠢ ᠵᠢᠨ ᠮᠦᠩᠭᠦ 4919.65 ᠲᠦᠮᠡᠨ ᠲᠦᠭᠦᠷᠢᠭ᠎ᠢ ᠣᠯᠭᠣᠨ ᠦᠭᠪᠡ
ᠤᠯᠠᠭ᠋ᠠᠨᠬᠠᠳᠠ ᠬᠤᠲᠠ 《ᠢᠨᠲᠸᠷ ᠰᠦᠯᠵᠢᠶ᠎ᠡ + ᠨᠠᠰᠤᠲᠠᠳ᠎ᠢ ᠠᠰᠠᠷᠠᠬᠤ》 ᠠᠵᠢᠯ᠎ᠢ ᠢᠲᠡᠪᠬᠢᠲᠠᠢ ᠠᠬᠢᠭᠤᠯᠵᠦ ᠪᠤᠢ
ᠤᠯᠠᠭ᠋ᠠᠨᠴᠠᠪ ᠬᠤᠲᠠ 《ᠢᠨᠲᠸᠷ ᠰᠦᠯᠵᠢᠶ᠎ᠡ + ᠨᠠᠰᠤᠲᠠᠨ᠎ᠢ ᠠᠰᠠᠷᠠᠬᠤ》 ᠤᠶᠤᠨᠴᠢ ᠦᠢ᠍ᠯᠡᠴᠢᠯᠡᠭᠡᠨ᠎ᠤ ᠰᠢᠨ᠎ᠡ ᠵᠠᠬ᠍ᠪᠤᠷ᠎ᠢ ᠨᠡᠭᠡᠭᠡᠪᠡ
 
            