ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠤᠲᠠ 《ᠢᠨᠲᠸᠷ ᠰᠦᠯᠵᠢᠶ᠎ᠡ + ᠨᠠᠰᠤᠲᠠᠳ᠎ᠢ ᠠᠰᠠᠷᠠᠬᠤ》 ᠠᠵᠢᠯ᠎ᠢ ᠢᠲᠡᠪᠬᠢᠲᠠᠢ ᠠᠬᠢᠭᠤᠯᠵᠦ ᠪᠤᠢ
ᠨᠡᠶᠢᠲᠡᠯᠡᠭᠰᠡᠨ ᠴᠠᠭ᠄ 2019-05-14

                   

      ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠰᠠᠭᠤᠭ᠋ᠠᠯᠢ ᠠᠷᠠᠳ᠎ᠤᠨ ᠬᠠᠮᠤᠭ᠎ᠤᠨ ᠶᠡᠬᠡ ᠠᠩᠬᠠᠷᠤᠨ ᠴᠢᠬᠤᠯᠠᠴᠢᠯᠠᠵᠤ ᠪᠠᠢ᠌ᠭ᠎ᠠ ᠨᠠᠰᠤᠲᠠᠳ᠎ᠢ ᠠᠰᠠᠷᠠᠬᠤ ᠠᠰᠠᠭᠤᠳᠠᠯ᠎ᠢ ᠰᠢᠢ᠍ᠳᠪᠤᠷᠢᠯᠡᠬᠦ᠎ᠠᠴᠠ ᠭᠠᠷᠳᠠᠨ᠂ ᠡᠯ᠎ᠡ ᠵᠦᠢ᠍ᠯ᠎ᠤᠨ ᠠ᠋ᠬᠢ ᠪᠠᠶᠠᠯᠢᠭ᠎ᠢ ᠠ᠋ᠮᠬᠢᠯᠡᠨ ᠨᠢᠭᠡᠳᠬᠡᠵᠤ᠂ 《ᠲᠦᠷᠦ ᠵᠢᠨ ᠪᠤᠳᠤᠯᠭ᠎ᠠ᠎ᠪᠠᠷ ᠬᠦᠲᠤᠯᠤᠮᠵᠢ ᠪᠣᠯᠭ᠋ᠠᠬᠤ᠂ ᠨᠡᠢ᠌ᠭᠡᠮ ᠨᠡᠢ᠌ᠲᠡ᠎ᠪᠠᠷ ᠵᠢᠡᠨ ᠤᠷᠤᠯᠴᠠᠬᠤ᠂ ᠵᠠᠬ᠎ᠠ ᠲᠡᠯᠭᠡᠭᠦᠷ ᠬᠦᠳᠡᠯᠤᠯᠴᠡᠬᠦ᠂ ᠨᠠᠰᠤᠲᠠᠢ᠌ᠴᠤᠳ ᠠᠰᠢᠭ ᠬᠦᠷᠲᠡᠬᠦ》 ᠰᠡᠳᠭᠢᠴᠡ ᠶᠤᠰᠤᠭ᠋ᠠᠷ᠂ 《ᠢᠨᠲᠸᠷ ᠰᠦᠯᠵᠢᠶ᠎ᠡ + ᠨᠠᠰᠤᠲᠠᠳ᠎ᠢ ᠠᠰᠠᠷᠠᠬᠤ》 ᠵᠠᠬ᠍ᠪᠤᠷ᠎ᠢ ᠠᠰᠢᠬᠯᠠᠨ 《ᠤᠶᠤᠨᠴᠢ ᠨᠡᠢ᠌ᠭᠡᠮ ᠲᠤᠭᠤᠷᠢᠭ》᠎ᠢ ᠢᠲᠡᠪᠬᠢᠲᠠᠢ ᠪᠠᠢ᠌ᠭᠤᠯᠵᠦ᠂ ᠨᠠᠰᠤᠲᠠᠳ᠎ᠢ ᠭᠡᠷ᠎ᠲᠤᠨᠢ ᠠᠰᠠᠷᠠᠬᠤ ᠦᠢ᠍ᠯᠡᠴᠢᠯᠡᠭᠡᠨ᠎ᠤ ᠠᠵᠢᠯ᠎ᠢ ᠪᠦᠬᠦ ᠲᠠᠯ᠎ᠠ᠎ᠪᠠᠷ ᠠᠬᠢᠭᠤᠯᠤᠨ᠂ ᠨᠠᠰᠤᠲᠠᠢ᠌ᠴᠤᠳ᠎ᠤᠨ ᠠᠰᠠᠷᠠᠮᠵᠢ ᠵᠢᠨ ᠤᠯᠠᠠ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠦ ᠪᠤᠢ᠃
      ᠤᠯᠠᠭ᠋ᠠᠨᠬᠠᠳᠠ ᠬᠤᠲᠠ ᠵᠢᠨ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ 2013 ᠤᠨ᠎ᠳᠤ ᠪᠠᠢ᠌ᠭᠤᠯᠤᠭᠳᠠᠭᠰᠠᠨ᠎ᠠᠴᠠ ᠨᠠᠰᠢ ᠨᠡᠢ᠌ᠭᠡᠮ ᠲᠤᠭᠤᠷᠢᠭ᠎ᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠦᠭᠦᠭᠡᠷᠦᠮᠵᠢ ᠪᠤᠯᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠠ᠋ᠩᠨᠡᠭᠡ᠎ᠪᠠᠷ ᠲᠦᠰᠢᠭ ᠨᠠᠢ᠌ᠲᠠᠪᠤᠷᠢ ᠪᠣᠯᠭ᠋ᠠᠭᠰᠠᠨ ᠨᠡᠢ᠌ᠭᠡᠮ᠎ᠤᠨ ᠦᠢ᠍ᠯᠡᠴᠢᠯᠡᠭᠡᠨ᠎ᠤ ᠠ᠋ᠬᠢ ᠪᠠᠶᠠᠯᠢᠭ᠎ᠢ ᠨᠢᠭᠡᠳᠬᠡᠵᠤ᠂ ᠭᠡᠷ᠎ᠲᠡᠭᠡᠨ ᠪᠠᠢ᠌ᠬᠤ ᠨᠠᠰᠤᠲᠠᠳ ᠪᠤᠯᠤᠨ ᠨᠡᠢ᠌ᠭᠡᠮ ᠨᠡᠢ᠌ᠲᠡ᠎ᠳᠤ ᠦᠢ᠍ᠯᠡᠴᠢᠯᠡᠭᠡ ᠬᠠᠩᠭ᠋ᠠᠠᠵᠦ᠂ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡ ᠬᠢᠬᠦ ᠠᠮᠢᠳᠤᠷᠠᠯ᠎ᠤᠨ ᠲᠤᠭᠤᠷᠢᠭ ᠪᠠᠢ᠌ᠭᠤᠯᠤᠭ᠋ᠠᠳ᠂ ᠪᠦᠬᠦ ᠬᠤᠲᠠ ᠵᠢ ᠪᠦᠷᠬᠦᠭᠰᠡᠨ ᠦᠢ᠍ᠯᠡᠴᠢᠯᠡᠭᠡᠨ᠎ᠤ ᠲᠤᠤᠷ ᠠᠩᠬ᠎ᠠ ᠠᠯᠬᠤᠮ ᠪᠦᠷᠢᠲᠤᠭ᠌ᠰᠡᠨ ᠪᠠᠢ᠌ᠨ᠎ᠠ᠃
     2019 ᠤᠨ᠎ᠳᠤ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠭᠡᠨ᠂ ᠪᠦᠬᠦ ᠬᠤᠲᠠ ᠵᠢᠨ ᠨᠠᠰᠤᠲᠠᠢ᠌ᠴᠤᠳ᠎ᠲᠤ ᠲᠦᠬᠦᠮ ᠲᠦᠲᠡ ᠴᠢᠨᠠᠷᠵᠢᠭᠤᠨ ᠭᠡᠷ᠎ᠲᠤᠨᠢ ᠠᠰᠠᠷᠠᠬᠤ ᠦᠢ᠍ᠯᠡᠴᠢᠯᠡᠭᠡ ᠬᠠᠩᠭ᠋ᠠᠠᠬᠤ ᠵᠢᠨ ᠲᠦᠯᠦᠭᠡ᠂ ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 4 ᠳ᠋ᠤᠭᠡᠷ ᠰᠠᠷ᠎ᠠ ᠵᠢᠨ ᠠ᠋ᠬᠢ᠎ᠪᠠᠷ ᠡᠯ᠎ᠡ ᠬᠤᠰᠢᠭᠤ ᠰᠢᠶᠠᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢ ᠵᠤᠬᠢᠶᠠᠨ ᠪᠠᠢ᠌ᠭᠤᠯᠵᠦ᠂ ᠤᠷᠢᠳ ᠬᠤᠵᠢᠳ ᠬᠦᠬᠡᠬᠤᠲᠠ᠂ ᠪᠤᠭᠤᠲᠦ ᠬᠤᠲᠠ᠂ ᠪᠡᠭᠡᠵᠢᠩ ᠬᠤᠲᠠ᠎ᠳᠤ ᠤᠴᠢᠭᠤᠯᠤᠨ ᠨᠡᠢ᠌ᠭᠡᠮ ᠲᠤᠭᠤᠷᠢᠭ᠎ᠤᠨ ᠨᠠᠰᠤᠲᠠᠢ᠌ᠴᠤᠳ᠎ᠢ ᠭᠡᠷ᠎ᠲᠤᠨᠢ ᠠᠰᠠᠷᠠᠬᠤ᠂ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠠᠵᠢᠯᠯᠠᠭ᠎ᠠ ᠵᠢᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠭᠤᠯᠵᠦ᠂ ᠡᠯ᠎ᠡ ᠭᠠᠵᠠᠷ᠎ᠤᠨ ᠦᠢ᠍ᠯᠡᠴᠢᠯᠡᠭᠡ ᠵᠢᠨ ᠠᠭᠤᠯᠭ᠎ᠠ᠂ ᠡᠵᠡᠩᠨᠡᠯᠲᠡ ᠵᠢᠨ ᠵᠠᠬ᠍ᠪᠤᠷ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠤᠢ᠌ᠯᠠᠭ᠋ᠠᠭᠤᠯᠤᠭᠰᠠᠨ ᠪᠦᠭᠡᠳ ᠡᠯ᠎ᠡ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠬᠤᠯᠪᠤᠭᠳᠠᠯ ᠪᠦᠬᠦᠢ ᠬᠠᠷᠢᠭᠤᠴᠠᠯᠭ᠋ᠠᠲᠠᠨ ᠪᠤᠯᠤᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ ᠵᠢᠨ ᠬᠠᠷᠢᠭᠤᠴᠠᠯᠭ᠋ᠠᠲᠠᠨ᠎ᠲᠠᠢ ᠬᠤᠷᠠᠯ ᠬᠢᠵᠦ ᠶᠠᠷᠢᠯᠴᠠᠭᠤᠯᠵᠦ᠂ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠬᠢᠬᠦ ᠪᠠ ᠨᠡᠢ᠌ᠭᠡᠮ ᠲᠤᠭᠤᠷᠢᠭ᠎ᠤᠨ ᠨᠠᠰᠤᠲᠠᠳ᠎ᠢ ᠭᠡᠷ᠎ᠲᠤᠨᠢ ᠠᠰᠠᠷᠠᠬᠤ ᠦᠢ᠍ᠯᠡᠴᠢᠯᠡᠭᠡ ᠬᠢᠬᠦ᠎ᠳᠤ ᠲᠤᠯᠢ ᠪᠤᠯᠬᠤ ᠲᠤᠷᠰᠢᠯᠭ᠎ᠠ ᠬᠠᠩᠭ᠋ᠠᠭᠰᠠᠨ ᠪᠠᠢ᠌ᠨ᠎ᠠ᠃
      ᠤᠯᠠᠨ ᠤᠳᠠᠭ᠋ᠠᠨ᠎ᠤ ᠰᠤᠳᠤᠯᠤᠨ ᠶᠠᠷᠢᠯᠴᠠᠬᠤ᠂ ᠰᠤᠷᠤᠯᠴᠠᠵᠦ ᠪᠠᠢ᠌ᠴᠠᠭ᠋ᠠᠬᠤ᠎ᠪᠠᠷ ᠲᠠᠮᠵᠢᠨ᠂ ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠠᠵᠢᠯᠯᠠᠭ᠎ᠠ ᠵᠢᠨ ᠲᠦᠰᠦᠯ ᠲᠤᠭᠤᠷᠪᠢᠵᠤ᠂ 12349 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠰᠦᠯᠵᠢᠶ᠎ᠡ ᠮᠡᠳᠡᠭᠡ ᠴᠢᠮᠡᠭᠡᠨ᠎ᠤ ᠲᠠᠪᠴᠠᠩ ᠪᠤᠯᠤᠨ ᠦᠢ᠍ᠯᠡᠴᠢᠯᠡᠭᠡᠨ᠎ᠤ ᠰᠢᠰᠲᠸᠮ ᠵᠢᠡᠷ ᠲᠦᠰᠢᠭ ᠨᠠᠢ᠌ᠲᠠᠪᠤᠷᠢ ᠪᠤᠯᠭ᠋ᠠᠨ᠂ ᠵᠠᠰᠠᠭ᠎ᠤᠨ ᠤᠷᠳᠤᠨ ᠬᠥᠲᠦᠯᠦᠨ ᠵᠢᠯᠤᠭᠤᠳᠬᠤ᠂ ᠠᠵᠢᠯ ᠲᠦᠷᠦᠯ᠎ᠤᠨ ᠨᠡᠢ᠌ᠭᠡᠮᠯᠢᠭ ᠬᠦᠳᠤᠯᠤᠯᠴᠡᠬᠦ ᠠᠷᠭ᠎ᠠ ᠮᠠᠶᠢᠭ᠎ᠢ ᠠᠪᠴᠤ᠂ ᠰᠢᠯᠢᠳᠡᠭ ᠰᠠᠢ᠌ᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠂ ᠦᠢ᠍ᠯᠡᠴᠢᠯᠡᠭᠡᠨ᠎ᠤ ᠠᠵᠦ ᠠᠬᠤᠢ᠌ᠯᠠᠯ᠎ᠢ ᠳᠠᠲᠠᠨ ᠠᠪᠴᠢᠷᠠᠵᠦ᠂ ᠨᠡᠢ᠌ᠭᠡᠮ ᠲᠤᠭᠤᠷᠢᠭ᠎ᠤᠨ ᠰᠠᠭᠤᠭ᠋ᠠᠯᠢ ᠠᠷᠠᠳ ᠢᠯᠠᠩᠭᠤᠶ᠎ᠠ ᠨᠠᠰᠤᠲᠠᠢ᠌ᠴᠤᠳ᠎ᠢ ᠭᠡᠷ᠎ᠲᠤᠨᠢ ᠠᠰᠠᠷᠠᠬᠤ ᠦᠢ᠍ᠯᠡᠴᠢᠯᠡᠭᠡ ᠬᠠᠩᠭ᠋ᠠᠵᠠᠢ᠃ ᠨᠠᠰᠤᠲᠠᠢ᠌ᠴᠤᠳ ᠤᠲᠠᠰᠦ ᠪᠤᠶᠤ ᠭᠠᠷ ᠤᠲᠠᠰᠤᠨ᠎ᠤ APP᠎ᠪᠠᠷ ᠭᠡᠷ᠎ᠲᠡᠭᠡᠨ ᠰᠠᠭᠤᠵᠤ ᠪᠠᠢ᠌ᠭ᠋ᠠᠳ ᠠᠷᠠᠳ᠎ᠲᠤ ᠲᠦᠬᠦᠮ ᠦᠵᠡᠭᠦᠯᠬᠦ ᠭᠡᠷ ᠵᠠᠭᠤᠷ᠎ᠠ ᠵᠢᠨ ᠠᠵᠢᠯ᠂ ᠠ᠋ᠮᠨᠡᠯᠭᠡ ᠠ᠋ᠷᠡᠭᠦᠯᠵᠢᠯ᠂ ᠠᠳᠠᠯ ᠠᠬᠤᠢ᠂ ᠬᠦᠮᠦᠯᠢᠭ ᠬᠠᠯᠠᠮᠵᠢᠯᠠᠯ᠂ ᠵᠤᠭ᠎ᠠ ᠴᠡᠩᠭᠡᠯ ᠰᠤᠷᠤᠯᠴᠠᠯᠭ᠎ᠠ᠂ ᠠᠮᠢᠳᠤᠷᠠᠯ᠎ᠤᠨ ᠬᠡᠷᠡᠭᠰᠡᠯ᠎ᠢ ᠬᠦᠷᠭᠡᠯᠭᠡᠵᠤ᠂ ᠰᠡᠳᠭᠢᠯ ᠰᠠᠨᠠᠭ᠋ᠠᠨ᠎ᠤ ᠲᠠᠢ᠌ᠳᠬᠠᠷᠠᠭᠤᠯᠤᠯ ᠵᠡᠷᠭᠡ ᠲᠠᠯ᠎ᠠ ᠵᠢᠨ ᠲᠦᠬᠦᠮ ᠲᠦᠲᠡ᠂ ᠳᠤᠰᠬᠠᠢ᠌ᠵᠢᠭᠰᠠᠨ ᠦᠢ᠍ᠯᠡᠴᠢᠯᠡᠭᠡ ᠬᠦᠷᠲᠡᠵᠦ᠂ ᠥᠲᠡᠯᠦᠭᠡ ᠨᠠᠰᠤᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠵᠦ ᠪᠣᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠲᠠ 《ᠢᠨᠲᠸᠷ ᠰᠦᠯᠵᠢᠶ᠎ᠡ + ᠨᠠᠰᠤᠲᠠᠨ᠎ᠢ ᠠᠰᠠᠷᠠᠬᠤ》 ᠤᠶᠤᠨᠴᠢ ᠦᠢ᠍ᠯᠡᠴᠢᠯᠡᠭᠡᠨ᠎ᠤ ᠰᠢᠨ᠎ᠡ ᠵᠠᠬ᠍ᠪᠤᠷ᠎ᠢ ᠨᠡᠭᠡᠭᠡᠪᠡ
ᠬᠥᠬᠡᠬᠤᠲᠠ ᠲᠠᠪᠤᠨ ᠵᠦᠢ᠍ᠯ᠎ᠤᠨ ᠠᠷᠭ᠎ᠠ ᠪᠠᠷᠢᠯ ᠵᠶ᠋ᠠᠷ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠵᠦ ᠪᠤᠢ
ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠬᠠᠯᠠᠮᠰᠢᠯ ᠠᠰᠠᠭᠤᠳᠠᠯ》᠎ᠢ ᠠᠩᠬᠠᠷᠤᠨ 《ᠲᠦᠪᠡᠭᠲᠡᠢ ᠠᠰᠠᠭᠤᠳᠠᠯ》᠎ᠢ ᠰᠢᠢ᠍ᠳᠪᠤᠷᠢᠯᠡᠵᠦ᠂ ᠳ᠋ᠠᠢ᠌ᠲ᠋ᠠ ᠵᠢ 《ᠢᠯᠡᠭᠦᠦ ᠭᠦᠶᠦᠯᠭᠡᠨ》 ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨ᠎ᠤ ᠪᠠᠢ᠌ᠴᠠᠭ᠋ᠠᠯᠲᠠ ᠵᠢ 《ᠰᠦᠯᠵᠢᠶᠡᠨ ᠳᠡᠭᠡᠷ᠎ᠡ ᠭᠦᠢ᠍ᠴᠡᠳᠭᠡᠬᠦ》᠎ᠳᠤ ᠬᠦᠴᠤᠯᠡᠪᠡ
ᠤᠯᠠᠭ᠋ᠠᠨᠬᠠᠳᠠ ᠬᠤᠲᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠦᠬᠦᠨ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠪᠴᠢᠶ᠎ᠠ ᠵᠢᠨ ᠬᠤᠭᠤᠷᠤᠨᠳᠤᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠤᠭᠲᠠᠭ᠋ᠠᠪᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠬᠢᠵᠠᠢ
 
            