2019 ᠤᠨ᠎ᠤ 4 ᠳ᠋ᠤᠭᠡᠷ ᠰᠠᠷ᠎ᠠ ᠵᠢᠨ 2᠎ᠤᠨ ᠠ᠋ᠳᠦᠷ 《ᠥᠪᠡᠷᠳᠡᠭᠡᠨ ᠵᠠᠰᠠᠬᠤ ᠤᠷᠤᠨ᠎ᠤ 2019 ᠤᠨ᠎ᠤ ᠬᠠᠩᠰᠢ ᠵᠢᠨ ᠲᠠᠬᠢᠯᠭ᠎ᠠ ᠵᠢᠨ ᠠᠵᠢᠯ᠎ᠤᠨ ᠲᠦᠰᠦᠯ᠎ᠤᠨ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠪᠣᠯᠤᠨ ᠠᠷᠠᠳ᠎ᠤᠨ ᠶᠠᠪᠤᠳᠠᠯ᠎ᠤᠨ ᠶᠠᠮᠤᠨ ᠵᠡᠷᠭᠡ 9 ᠶᠠᠮᠤᠨ ᠵᠦᠪᠯᠡᠯ᠎ᠤᠨ 《ᠭᠠᠵᠠᠷ ᠰᠢᠷᠣᠢ᠎ᠳᠤ ᠠᠷᠪᠢᠲᠠᠢ ᠠᠮᠢ ᠠᠬᠤᠢ᠎ᠳᠤ ᠬᠤᠬᠢᠷᠠᠯ ᠦᠭᠡᠢ ᠦᠨ᠎ᠡ ᠲᠦᠯᠦᠪᠤᠷᠢ ᠦᠭᠡᠢ ᠤᠷᠤᠰᠢᠭᠤᠯᠭ᠎ᠠ ᠬᠢᠬᠦ ᠲᠤᠬᠠᠢ ᠵᠢᠯᠤᠭᠤᠳᠬᠤ ᠰᠠᠨᠠᠯ》᠎ᠤᠨ ᠵᠤᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠪᠠᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠹᠸᠩ ᠬᠤ᠌ ᠾᠸ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ ᠬᠤᠯᠪᠤᠭᠳᠠᠯ ᠪᠦᠬᠦᠢ ᠬᠦᠮᠦᠰ᠎ᠢ ᠳᠠᠭ᠋ᠠᠭᠤᠯᠤᠨ᠂ ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠠᠷᠤᠭ᠎ᠠ ᠹᠠᠨ ᠠᠢ ᠵᠢᠢ᠂ ᠳᠡᠳ᠋ ᠳᠠᠷᠤᠭ᠎ᠠ ᡁᠢ ᠮᠢᠩ ᠨᠠᠷ᠎ᠤᠨ ᠪᠠᠷ᠎ᠠ ᠪᠤᠯᠤᠯᠭ᠎ᠠ᠎ᠲᠠᠢ᠎ᠪᠠᠷ᠂ ᠬᠦᠬᠡᠬᠤᠲᠠ ᠵᠢᠨ ᠪᠢ ᠬᠤᠩ ᠹᠸᠩ ᠤᠩᠭᠤᠨ᠎ᠤ ᠬᠦᠷᠢᠶᠡᠯᠡᠡᠩᠳᠤ ᠬᠦᠷᠴᠤ 《ᠠᠮᠢ ᠨᠠᠰᠦ ᠵᠢ ᠮᠡᠳᠡᠷᠡᠨ᠂ ᠭᠡᠷ ᠨᠤᠲᠤᠭ ᠵᠢᠡᠨ ᠨᠠᠨᠳᠢᠩᠨᠠᠨ ᠬᠠᠢ᠌ᠷᠠᠯᠠᠬᠤ》᠎ᠪᠠᠷ ᠭᠤᠤᠯ ᠰᠡᠳᠦᠪ ᠪᠤᠯᠭ᠋ᠠᠭᠰᠠᠨ ᠬᠦᠬᠡᠬᠤᠲᠠ ᠵᠢᠨ ᠳᠦᠷᠪᠡᠳᠦᠭᠡᠷ ᠬᠤᠭᠤᠴᠠᠭ᠋ᠠᠨ᠎ᠤ 《ᠭᠠᠵᠠᠷ ᠰᠢᠷᠣᠢ᠎ᠳᠤ ᠠᠷᠪᠢᠲᠠᠢ ᠠᠮᠢ ᠠᠬᠤᠢ᠎ᠳᠤ ᠬᠤᠬᠢᠷᠠᠯ ᠦᠭᠡᠢ ᠦᠨ᠎ᠡ ᠲᠦᠯᠦᠪᠤᠷᠢ ᠦᠭᠡᠢ ᠤᠷᠤᠰᠢᠭᠤᠯᠭ᠎ᠠ》 ᠵᠢᠨ ᠠᠵᠢᠯᠯᠠᠭ᠎ᠠ᠎ᠳᠤ ᠤᠷᠤᠯᠴᠠᠪᠠ᠃ ᠨᠡᠢ᠌ᠲᠡ 53 ᠲᠠᠯᠢᠢ᠍ᠬ᠍ᠴᠢ ᠵᠢᠨ ᠭᠡᠷ ᠪᠦᠯᠢ ᠲᠠᠯᠢᠢ᠍ᠬ᠍ᠴᠢᠳᠠᠭᠠᠨ ᠮᠤᠳᠤ ᠲᠠᠷᠢᠵᠤ ᠤᠷᠤᠰᠢᠭᠤᠯᠬᠤ᠂ ᠴᠡᠴᠡᠭ ᠲᠠᠷᠢᠵᠤ ᠤᠷᠤᠰᠢᠭᠤᠯᠬᠤ ᠤᠷᠤᠰᠢᠭᠤᠯᠭ᠎ᠠ ᠬᠢᠵᠠᠢ᠃
ᠲᠢᠩᠬᠢᠮ᠎ᠤᠨ ᠳᠡᠳ᠋ ᠳᠠᠷᠤᠭ᠎ᠠ ᠹᠸᠩ ᠬᠤ᠌ ᠾᠸ ᠠᠷᠠᠳ᠎ᠤᠨ ᠶᠠᠪᠤᠳᠠᠯ᠎ᠤᠨ ᠲᠢᠩᠬᠢᠮ ᠵᠶ᠋ᠠᠨ ᠲᠦᠯᠦᠭᠡᠯᠡᠨ ᠠᠵᠢᠯᠯᠠᠭ᠎ᠠ ᠵᠢᠨ ᠶᠤᠰᠤᠯᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠴᠡᠴᠡᠭ ᠮᠤᠳᠤ ᠲᠠᠷᠢᠵᠤ ᠤᠷᠤᠰᠢᠭᠤᠯᠬᠤ ᠵᠡᠷᠭᠡ ᠭᠠᠵᠠᠷ ᠰᠢᠷᠣᠢ᠎ᠳᠤ ᠠᠷᠪᠢᠲᠠᠢ ᠠᠮᠢ ᠠᠬᠤᠢ᠎ᠳᠤ ᠬᠤᠬᠢᠷᠠᠯ ᠦᠭᠡᠢ ᠤᠷᠤᠰᠢᠭᠤᠯᠭ᠎ᠠ ᠵᠢᠨ ᠬᠡᠯᠪᠡᠷᠢ᠎ᠪᠠᠷ ᠲᠠᠯᠢᠢ᠍ᠬ᠍ᠴᠢᠪᠠᠨ ᠤᠷᠤᠰᠢᠭᠤᠯᠤᠭᠰᠠᠨ ᠭᠡᠷ ᠪᠦᠯᠢ ᠵᠢᠨ᠎ᠬᠢᠨ᠎ᠢ ᠪᠤᠳᠠᠲᠦ ᠦᠢ᠍ᠯᠡ ᠠᠵᠢᠯᠯᠠᠭ᠎ᠠ᠎ᠪᠠᠷ ᠵᠢᠡᠨ ᠪᠤᠬᠢᠷᠳᠤᠯ ᠦᠭᠡᠢ ᠪᠤᠯᠪᠠᠰᠤᠨ ᠵᠢᠡᠷ ᠤᠷᠤᠰᠢᠭᠤᠯᠬᠤ ᠤᠨᠤᠯᠵᠢᠬᠤᠨ᠎ᠢ ᠦᠢ᠍ᠯᠡᠳᠦᠯᠭᠡᠵᠢᠭᠦᠯᠦᠯᠡ ᠭᠡᠵᠦ ᠦᠨᠳᠦᠷ ᠦᠨᠡᠯᠡᠵᠠᠢ᠃
ᠠᠵᠢᠯᠯᠠᠭ᠎ᠠ ᠲᠠᠭᠤᠰᠤᠭᠰᠠᠨ᠎ᠤ ᠳᠠᠷᠠᠭ᠎ᠠ ᠹᠸᠩ ᠬᠤ᠌ ᠾᠸ ᠵᠡᠷᠭᠡ ᠬᠦᠮᠦᠰ ᠳᠠᠯᠠᠨ ᠬᠠᠷ᠎ᠠ ᠠᠭᠤᠯᠠᠨ᠎ᠤ ᠬᠤᠷᠮᠤᠢ ᠲᠠᠭ᠋ᠠᠤ ᠬᠡᠳᠦᠨ ᠨᠡᠢ᠌ᠲᠡ ᠵᠢᠨ ᠪᠤᠩᠬᠤᠨ ᠪᠤᠯᠤᠨ ᠬᠦᠬᠡᠬᠤᠲᠠ ᠵᠢᠨ ᠰᠢᠨ᠎ᠡ᠎ᠪᠠᠷ ᠪᠠᠢ᠌ᠭᠤᠯᠤᠭᠰᠠᠨ ᠤᠷᠤᠰᠢᠭᠤᠯᠭ᠎ᠠ ᠵᠢᠨ ᠤᠷᠳᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠵᠠᠢ᠃ ᠲᠡᠳᠡ ᠪᠢ ᠬᠤᠩ ᠹᠸᠩ ᠤᠩᠭᠤᠨ᠎ᠤ ᠬᠦᠷᠢᠶᠡᠯᠡᠩ᠂ ᠰᠦᠩ ᠾᠸ ᠬᠦᠷᠢᠶᠡᠯᠡᠩ᠂ ᠼᠢ ᠠᠨ ᠬᠦᠷᠢᠶᠡᠯᠡᠩ᠂ ᠲᠢᠶᠠᠨ ᠲᠠᠩ ᠬᠦᠷᠢᠶᠡᠯᠡᠩ᠂ ᠭᠦ᠋ ᠯᠢᠨ ᠸᠸᠨ ᠬᠦᠷᠢᠶᠡᠯᠡᠩ ᠵᠡᠷᠭᠡ ᠤᠷᠤᠰᠢᠭᠤᠯᠭ᠎ᠠ ᠵᠢᠨ ᠦᠢ᠍ᠯᠡᠴᠢᠯᠡᠭᠡ ᠵᠢᠨ ᠨᠢᠭᠡᠴᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠪᠠᠢ᠌ᠳᠠᠯ᠎ᠢ ᠪᠠᠢ᠌ᠴᠠᠭ᠋ᠠᠨ ᠦᠵᠡᠵᠦ᠂ ᠬᠠᠩᠰᠢ ᠵᠢᠨ ᠲᠠᠬᠢᠯᠭ᠎ᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠤᠨ ᠲᠤᠬᠠᠢ ᠬᠤᠯᠪᠤᠭᠳᠠᠯ ᠪᠦᠬᠦᠢ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠨᠢᠭᠡᠴᠢ᠎ᠨᠦᠭᠦᠳ᠎ᠲᠤ ᠵᠤᠬᠢᠶᠠᠨ ᠪᠠᠢ᠌ᠭᠤᠯᠵᠤ ᠤᠳᠤᠷᠢᠳᠬᠤ ᠠᠵᠢᠯ ᠵᠢᠡᠨ ᠴᠢᠩᠭ᠋ᠠᠳᠬᠠᠵᠦ᠂ ᠠᠵᠢᠯ᠎ᠤᠨ ᠲᠤᠭᠲᠠᠴᠠ᠎ᠪᠠᠨ ᠪᠦᠷᠢᠨᠰᠢᠭᠦᠯᠵᠦ᠂ ᠠᠮᠤᠷ ᠲᠦᠪᠰᠢᠨ᠎ᠤ ᠳᠠᠯᠲᠠ ᠭᠡᠮ᠎ᠢ ᠴᠢᠩᠭ᠎ᠠ ᠪᠠᠢ᠌ᠴᠠᠭ᠋ᠠᠵᠦ᠂ ᠰᠡᠷᠭᠡᠢ᠌ᠯᠡᠬᠦ ᠠᠷᠭ᠎ᠠ ᠬᠡᠮᠵᠢᠶ᠎ᠡ᠎ᠪᠠᠨ ᠴᠢᠩᠳᠠᠯᠠᠬᠤ ᠬᠡᠷᠡᠭᠲᠠᠢ᠃ ᠤᠩᠭᠤᠨ᠎ᠤ ᠭᠠᠵᠠᠷ ᠲᠦᠯᠡᠰᠢ ᠲᠦᠯᠡᠬᠦ᠂ ᠬᠦᠵᠢ ᠠᠰᠠᠭ᠋ᠠᠬᠤ᠂ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠠᠵᠢᠯᠯᠠᠭ᠎ᠠ ᠪᠦᠬᠦᠨ᠎ᠢ ᠴᠢᠩᠭ᠎ᠠ ᠴᠠᠭ᠋ᠠᠵᠠᠯᠠᠬᠤ ᠬᠡᠷᠡᠭᠲᠠᠢ᠃ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠪᠠᠨ ᠤᠯᠠᠮ ᠰᠠᠢ᠌ᠵᠢᠷᠠᠭᠤᠯᠵᠦ᠂ ᠲᠠᠬᠢᠯᠭ᠎ᠠ ᠬᠢᠭᠰᠡᠳ᠎ᠲᠤ ᠲᠦᠭᠦᠮ ᠲᠦᠳᠡ᠂ ᠬᠠᠨᠤᠮᠵᠢᠲᠠᠢ ᠦᠢ᠍ᠯᠡᠴᠢᠯᠡᠭᠡ ᠬᠠᠩᠭ᠋ᠠᠬᠤ ᠬᠡᠷᠡᠭᠲᠠᠢ ᠭᠡᠵᠦ ᠱᠠᠠᠭ᠋ᠷᠳᠠᠵᠠᠢ᠃


