2018 ᠤᠨ᠎ᠠᠴᠠ ᠨᠠᠰᠢ ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠦᠴᠢᠷ᠎ᠤᠨ 《ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠢᠲᠡᠪᠬᠢᠲᠠᠢ ᠬᠡᠷᠡᠭᠵᠢᠬᠦᠯᠵᠦ ᠦᠨᠳᠦᠰᠦᠨ ᠱᠠᠲᠣᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠡᠤ ᠴᠢᠳᠠᠪᠤᠷᠢ ᠵᠢ ᠴᠢᠩᠭ᠋ᠠᠳᠬᠠᠬᠤ ᠲᠤᠬᠠᠢ ᠰᠠᠨᠠᠯ》᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠡᠢ᠌ᠳᠠᠪᠤᠷᠢᠵᠢᠭᠤᠯᠵᠦ᠂ ᠲᠦᠷᠦ ᠵᠢᠨ ᠪᠤᠳᠤᠯᠭ᠎ᠠ ᠲᠦᠷᠢᠮ ᠲᠤᠭᠲᠠᠭ᠋ᠠᠯ᠎ᠢ ᠲᠡᠭᠦᠯᠳᠡᠷᠵᠢᠭᠦᠯᠬᠦ᠎ᠪᠠᠷ ᠲᠠᠮᠵᠢᠭᠤᠯᠤᠨ᠂ ᠵᠠᠷᠤᠳᠠᠯ᠎ᠤᠨ ᠤᠷᠤᠭᠤᠯᠤᠯᠲᠠ ᠵᠢ ᠨᠡᠮᠡᠭᠳᠡᠭᠦᠯᠦᠨ᠂ ᠬᠢᠨᠠᠯᠲᠠ ᠬᠢᠬᠦ ᠰᠢᠯᠭ᠋ᠠᠨ ᠬᠢᠨᠠᠬᠤ ᠠᠵᠢᠯ᠎ᠢ ᠴᠢᠩᠭ᠋ᠠᠠᠳᠬᠠᠵᠦ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠴᠢᠩᠭ᠋ᠠᠳᠬᠠᠨ᠂ ᠪᠦᠬᠦ ᠤᠷᠤᠨ᠎ᠤ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯᠲᠠᠨ ᠤ ᠵᠠᠷᠤᠳᠠᠯ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠢ ᠪᠦᠲᠦᠮᠵᠢᠲᠠᠢ᠎ᠪᠠᠷ ᠰᠢᠢ᠍ᠳᠪᠤᠷᠢᠯᠡᠵᠦ᠂ ᠭᠠᠷᠳᠠᠨ ᠬᠢᠬᠦ ᠦᠢ᠍ᠯᠡᠴᠢᠯᠡᠭᠡ ᠵᠢᠨ ᠴᠢᠳᠠᠪᠤᠷᠢ ᠢᠯᠡᠷᠬᠡᠢ ᠲᠡᠭᠡᠭᠰᠢᠯᠡᠵᠦ᠂ ᠬᠦᠴᠢᠷᠳᠡᠯ᠎ᠲᠠᠢ ᠤᠯᠠᠨ ᠲᠦᠮᠡᠨ᠎ᠳᠤ ᠦᠢ᠍ᠯᠡᠴᠢᠯᠡᠬᠦ ᠠᠵᠢᠯ᠎ᠤᠨ ᠬᠠᠨᠤᠮᠵᠢ ᠵᠢᠨ ᠬᠡᠮᠵᠢᠶ᠎ᠡ ᠮᠡᠳᠡᠭᠳᠡᠬᠦᠢ᠌ᠴᠡ ᠲᠡᠭᠡᠭᠰᠢᠯᠡᠪᠡ᠃
ᠨᠢᠭᠡ᠂ ᠥᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠬᠤᠪᠢᠳᠠᠨ ᠬᠠᠮᠢᠶᠠᠷᠴᠤ ᠪᠠᠢ᠌ᠬᠤ ᠲᠡᠷᠢᠭᠦᠯᠡᠭᠴᠢ ᠤᠷᠢᠳ ᠬᠤᠵᠢᠳ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠢᠲᠡᠪᠬᠢᠲᠠᠢ ᠬᠡᠷᠡᠭᠵᠢᠭᠦᠯᠵᠦ ᠦᠨᠳᠦᠰᠦᠨ ᠱᠠᠲᠣᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠠᠵᠢᠯ᠎ᠤᠨ ᠪᠠᠢ᠌ᠳᠠᠯ ᠤᠨ ᠬᠠᠷᠢᠭᠤ ᠮᠡᠳᠡᠭᠦᠯᠤᠯᠲᠡ ᠵᠢ ᠬᠡᠳᠦᠨ ᠤᠳᠠᠭ᠎ᠠ ᠰᠤᠨᠤᠰᠴᠤ᠂ ᠠᠵᠢᠯ ᠵᠢᠡᠨ ᠰᠤᠳᠤᠯᠵᠦ ᠪᠠᠢ᠌ᠷᠢᠯᠠᠭᠤᠯᠪᠠ᠃ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠨᠡᠷ᠎ᠡ᠎ᠪᠠᠷ 《ᠵᠠᠰᠠᠭ᠎ᠤᠨ ᠤᠷᠳᠤᠨ ᠤ ᠨᠡᠢ᠌ᠭᠡᠮ᠎ᠤᠨ ᠬᠦᠴᠦᠨ ᠦᠢ᠍ᠯᠡᠴᠢᠯᠡᠭᠡ ᠬᠤᠳᠠᠯᠳᠤᠨ ᠠᠪᠬᠤ ᠲᠤᠬᠠᠢ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠠᠷᠬᠠᠭ᠋ᠠᠵᠦ᠂ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢᠯᠤᠭᠤᠳᠤᠮᠵᠢ ᠵᠢᠨ ᠴᠢᠨᠠᠷᠲᠠᠢ ᠭᠠᠷᠴᠠᠭ᠎ᠲᠤ ᠤᠷᠤᠭᠤᠯᠬᠤ᠎ᠪᠠᠷ ᠲᠤᠲᠤᠷᠬᠠᠢ ᠲᠤᠭᠲᠠᠭ᠋ᠠᠪᠠ᠃ ᠠᠢ᠌ᠮᠠᠭ ᠬᠤᠲᠠ᠂ ᠬᠤᠰᠢᠭᠤ ᠰᠢᠶᠨᠨ (ᠬᠤᠲᠠ᠂ ᠲᠤᠭᠤᠷᠢᠭ) ᠤ ᠠᠷᠠᠳ᠎ᠤᠨ ᠵᠠᠰᠠᠭ᠎ᠤᠨ ᠤᠷᠳᠤᠨ ᠲᠤᠰ ᠲᠤᠰ ᠬᠤᠷᠠᠯ ᠬᠢᠵᠦ ᠭᠠᠵᠠᠷ ᠣᠷᠣᠨ ᠤ ᠪᠠᠨ ᠵᠠᠰᠠᠭ᠎ᠤᠨ ᠤᠷᠳᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠤᠨ ᠲᠦᠰᠦᠯ ᠪᠤᠯᠤᠨ ᠵᠠᠷᠤᠳᠠᠯ᠎ᠤᠨ ᠲᠤᠬᠢᠷᠠᠭᠤᠯᠭ᠎ᠠ ᠵᠢ ᠰᠤᠳᠤᠯᠵᠦ᠂ ᠲᠤᠭᠲᠠᠮᠠᠯ ᠪᠤᠰᠤ ᠬᠤᠭᠤᠴᠠᠭ᠎ᠠ᠎ᠪᠠᠷ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠳᠤ ᠲᠤᠬᠢᠷᠠᠭᠤᠯᠤᠯᠲᠠ ᠬᠢᠪᠡ᠃
ᠬᠤᠶᠠᠷ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠳᠦᠷᠪᠡᠨ ᠰᠠᠯᠠᠭ᠎ᠠ ᠮᠥᠴᠢᠷ᠎ᠤᠨ 《ᠬᠡᠷᠡᠭᠵᠢᠭᠦᠯᠬᠦ ᠰᠠᠨᠠᠯ》᠎ᠤᠨ ᠵᠤᠷᠢᠭ ᠰᠠᠨᠠᠭ᠎ᠠ ᠵᠢ ᠰᠠᠢ᠌ᠲᠤᠷ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠦᠭᠡ᠂ ᠥᠪᠤᠷ ᠮᠤᠩᠭᠤᠯ᠎ᠤᠨ ᠪᠤᠳᠠᠲᠦ ᠪᠠᠢ᠌ᠳᠠᠯ ᠵᠢᠡᠨ ᠦᠨᠳᠦᠰᠦᠯᠡᠨ᠂ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠤᠷᠤᠨ ᠲᠤᠭ᠎ᠠ ᠵᠢᠨ ᠠᠯᠪᠠᠨ ᠭᠡᠷ᠂ ᠡᠳ᠋᠎ᠤᠨ ᠵᠠᠰᠠᠭ᠎ᠤᠨ ᠲᠢᠩᠬᠢᠮ᠂ ᠬᠦᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠨ 《ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠢᠲᠡᠪᠬᠢᠲᠠᠢ ᠬᠡᠷᠡᠭᠵᠢᠭᠦᠯᠵᠦ ᠦᠨᠳᠦᠰᠦᠨ ᠱᠠᠲᠣᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠨ ᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠲᠠᠷᠤᠮᠠᠯᠯᠠᠨ ᠲᠠᠷᠬᠠᠭ᠋ᠠᠵᠦ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠳᠦᠷᠪᠡᠨ ᠰᠠᠯᠠᠭ᠎ᠠ ᠮᠥᠴᠢᠷ᠎ᠤᠨ 《ᠬᠡᠷᠡᠭᠵᠢᠭᠦᠯᠬᠦ ᠰᠠᠨᠠᠯ》᠎ᠤᠨ ᠰᠠᠭᠤᠷᠢᠨ ᠳᠡᠭᠡᠷ᠎ᠡ᠂ ᠨᠢᠭᠡ᠎ᠳᠤ ᠵᠠᠰᠠᠭ᠎ᠤᠨ ᠤᠷᠳᠤᠨ ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ᠎ᠳᠤ ᠬᠡᠷᠡᠭᠰᠡᠬᠦ ᠵᠠᠷᠤᠳᠠᠯ᠎ᠢ ᠡᠯ᠎ᠡ ᠱᠠᠲᠤᠨ᠎ᠤ ᠨᠢᠭᠡᠨᠲᠡ ᠪᠠᠢ᠌ᠬᠤ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠵᠠᠷᠤᠳᠠᠯ ᠪᠤᠶᠤ ᠨᠡᠢ᠌ᠭᠡᠮ᠎ᠤᠨ ᠳᠤᠰᠠᠯᠠᠮᠵᠢ ᠵᠢᠨ ᠲᠤᠰᠬᠠᠢ ᠪᠡᠯᠡ ᠮᠦᠩᠭᠦ ᠵᠡᠷᠭᠡ ᠲᠥᠰᠦᠪ᠎ᠤᠨ ᠲᠤᠲᠤᠷ᠎ᠠ᠎ᠠᠴᠠ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠤᠷᠤᠨ ᠨᠤᠲᠤᠭ᠎ᠤᠨ ᠵᠠᠰᠠᠭ᠎ᠤᠨ ᠤᠷᠳᠤᠨ ᠪᠡᠯᠡ ᠮᠥᠩᠭᠦ ᠲᠤᠬᠢᠷᠠᠭᠤᠯᠤᠨ ᠢᠵᠢᠯᠢᠰᠢᠭᠦᠯᠵᠤ᠂ ᠶᠡᠷᠦᠩᠬᠡᠢ ᠬᠡᠮᠵᠢᠶ᠎ᠡ ᠵᠢ ᠵᠠᠷᠴᠢᠮ ᠳᠡᠭᠡᠷ᠎ᠡ᠎ᠪᠠᠨ ᠲᠤᠰ ᠵᠢᠯ᠎ᠤᠨ ᠲᠦᠪ᠎ᠤᠨ ᠪᠠ ᠥᠪᠡᠷᠳᠡᠭᠡᠨ ᠵᠠᠰᠠᠬᠤ ᠤᠷᠤᠨ᠎ᠤ ᠪᠠᠭᠤᠯᠭ᠋ᠠᠭᠰᠠᠨ ᠬᠦᠴᠢᠷᠳᠡᠯ᠎ᠲᠠᠢ ᠤᠯᠠᠨ ᠲᠦᠮᠡᠨ᠎ᠤ ᠳᠤᠰᠠᠯᠠᠮᠵᠢ ᠵᠢᠨ ᠨᠦᠬᠦᠪᠤᠷᠢ ᠮᠦᠩᠭᠦ ᠵᠢᠨ ᠨᠡᠢ᠌ᠯᠡᠪᠤᠷᠢ ᠵᠢᠨ 20%᠎ᠠᠴᠠ ᠲᠠᠪᠠᠭᠤᠯᠬᠤ ᠦᠭᠡᠢ ᠭᠡᠵᠦ ᠲᠤᠲᠤᠷᠬᠠᠢ ᠲᠤᠭᠲᠠᠭ᠋ᠠᠵᠠᠢ᠃ ᠬᠤᠶᠠᠷ᠎ᠲᠤ ᠬᠤᠲᠠ ᠵᠢᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ 1000 ᠬᠦᠮᠦᠨ ᠪᠠ ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ 2000 ᠬᠦᠮᠦᠨ᠎ᠳᠤ ᠠᠳᠠᠭ᠎ᠲᠠᠭᠠᠨ 1 ᠲᠤᠰᠬᠠᠢ ᠲᠤᠰᠢᠶᠠᠯᠲᠦ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯᠲᠠᠨ ᠵᠢᠭ᠋ᠠᠨ ᠲᠤᠭᠲᠠᠭ᠋ᠠᠬᠤ ᠱᠠᠭ᠋ᠠᠷᠳᠠᠯᠭ᠎ᠠ᠎ᠪᠠᠷ ᠬᠤᠰᠢᠭᠤ ᠰᠢᠶᠠᠨ ᠪᠤᠯᠤᠨ ᠰᠤᠮᠤ ᠰᠢᠶᠠᠩ ᠪᠠᠯᠭ᠋ᠠᠰᠤᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠠᠵᠢᠯᠲᠠᠨ ᠲᠤᠬᠢᠷᠠᠭᠤᠯᠬᠤ ᠬᠡᠷᠡᠭᠲᠠᠢ ᠭᠡᠵᠦ ᠲᠤᠭᠲᠠᠭ᠋ᠠᠪᠠ᠃ ᠭᠤᠷᠪᠠ᠎ᠳᠤ 2020 ᠤᠨ ᠪᠤᠯᠬᠤ᠎ᠳᠤ ᠪᠦᠬᠦ ᠤᠷᠤᠨ᠎ᠤ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢ ᠪᠦᠷ 《ᠲᠦᠷᠪᠡ ᠵᠢ ᠪᠦᠷᠢᠯᠳᠦᠭᠦᠯᠬᠦ》 ᠪᠠᠷᠢᠮᠵᠢᠶ᠎ᠠ᠎ᠳᠤ ᠬᠦᠷᠦᠭᠦᠯᠤᠨᠡ᠂ ᠲᠤᠬᠠᠢ᠌ᠯᠠᠪᠠᠯ 《ᠭᠠᠷᠳᠠᠨ ᠬᠢᠬᠦ ᠪᠠᠢ᠌ᠭᠤᠯᠤᠮᠵᠢ᠎ᠲᠠᠢ》᠂ 《ᠭᠠᠷᠳᠠᠨ ᠬᠢᠬᠦ ᠠᠵᠢᠯᠲᠠᠨ᠎ᠲᠠᠢ》᠂ 《ᠠᠵᠢᠯ᠎ᠤᠨ ᠨᠦᠬᠦᠴᠡᠯ᠎ᠲᠠᠢ》᠂ 《ᠠᠵᠢᠯ᠎ᠤᠨ ᠵᠠᠷᠤᠳᠠᠯ᠎ᠲᠠᠢ》 ᠪᠤᠯᠭ᠋ᠠᠨ᠎ᠠ᠃
ᠭᠤᠷᠪᠠ᠂ ᠨᠢᠭᠡ᠎ᠳᠤ ᠥᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠪᠦᠬᠦ ᠤᠷᠤᠨ᠎ᠤ ᠵᠠᠰᠠᠭ᠎ᠤᠨ ᠤᠷᠳᠤᠨ ᠤ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠦᠷᠨᠢᠭᠦᠯᠦᠨ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠭᠠᠷᠳᠠᠨ ᠬᠢᠬᠦ ᠦᠢ᠍ᠯᠡᠴᠢᠯᠡᠭᠡᠨ ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠯ᠎ᠤᠨ ᠠᠩᠬᠢ ᠡᠷᠬᠢᠯᠡᠨ᠂ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠪᠠ᠃ ᠬᠤᠶᠠᠷ᠎ᠲᠤ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠤᠨ᠎ᠤ ᠰᠢᠯᠭ᠋ᠠᠨ ᠬᠢᠨᠠᠬᠤ ᠠᠵᠢᠯ᠎ᠤᠨ ᠤᠳᠤᠷᠢᠳᠬᠤ ᠲᠤᠭᠤᠢ᠌ᠯᠠᠩ ᠠᠴᠠ 《ᠠᠢ᠌ᠮᠠᠭ ᠬᠤᠲᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ 2018 ᠤᠨ᠎ᠤ ᠠᠵᠢᠯ᠎ᠤᠨ ᠦᠷ᠎ᠡ ᠪᠦᠲᠦᠮᠵᠢ ᠵᠢᠨ ᠬᠠᠷᠠᠯᠲᠠ ᠵᠢᠨ ᠨᠡᠢ᠌ᠭᠡᠮ᠎ᠤᠨ ᠳᠤᠰᠠᠯᠠᠮᠵᠢ ᠵᠢᠨ ᠳᠣᠭᠲᠠᠯᠴᠠᠭ᠋ᠠᠨ ᠤ ᠪᠠᠢ᠌ᠭᠤᠯᠤᠯᠲᠠ ᠵᠢᠨ ᠰᠢᠯᠭ᠋ᠠᠨ ᠬᠢᠨᠠᠬᠤ ᠬᠦᠢ᠍ᠴᠡᠳᠭᠡᠯ ᠲᠤᠭ᠎ᠠ ᠵᠢᠨ ᠳᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠦ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠦᠷᠨᠢᠭᠦᠯᠦᠨ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯ᠎ᠢ ᠰᠢᠯᠭ᠋ᠠᠨ ᠬᠢᠨᠠᠬᠤ ᠭᠦᠢ᠍ᠴᠡᠳᠭᠡᠯ ᠲᠤᠭ᠎ᠠ ᠵᠢᠨ ᠲᠤᠭᠲᠠᠯᠴᠠᠭ᠎ᠠ᠎ᠳᠤ ᠤᠷᠤᠭᠤᠯᠪᠠ᠃ ᠭᠤᠷᠪᠠ᠎ᠳᠤ ᠡᠳᠦᠷ ᠲᠤᠲᠤᠮ᠎ᠤᠨ ᠰᠢᠯᠭ᠋ᠠᠨ ᠬᠢᠨᠠᠬᠤ᠂ ᠳᠤᠮᠳᠠ ᠬᠤᠭᠤᠴᠠᠭ᠋ᠠᠨ᠎ᠤ ᠦᠨᠡᠯᠡᠯᠲᠡ ᠪᠤᠯᠤᠨ ᠤᠨ᠎ᠤ ᠦᠨᠡᠯᠡᠯᠲᠡ ᠬᠢᠬᠦ ᠠᠷᠭ᠎ᠠ ᠮᠠᠶᠢᠭ ᠵᠢᠡᠷ ᠤᠷᠤᠨ ᠨᠤᠲᠤᠭ᠎ᠤᠨ ᠵᠠᠰᠠᠭ᠎ᠤᠨ ᠤᠷᠳᠤᠨ ᠤ ᠦᠢ᠍ᠯᠡᠴᠢᠯᠡᠬᠡ ᠬᠤᠳᠠᠯᠳᠤᠨ ᠠᠪᠴᠤ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠨ ᠤ ᠴᠢᠳᠠᠪᠤᠷᠢ ᠵᠢᠨ ᠳᠡᠭᠡᠭᠰᠢᠯᠡᠯᠲᠡ ᠵᠢᠨ ᠪᠡᠶᠡᠯᠡᠡᠭᠦᠯᠦᠭᠰᠡᠨ ᠪᠠᠢ᠌ᠳᠠᠯ᠎ᠢ ᠬᠢᠨᠠᠨ ᠪᠠᠢ᠌ᠴᠠᠭ᠋ᠠᠬᠤ ᠪᠦᠭᠡᠳ ᠬᠢᠨᠠᠨ ᠪᠠᠢ᠌ᠴᠠᠭ᠋ᠠᠭᠰᠠᠨ ᠪᠠᠢ᠌ᠳᠠᠯ ᠵᠢᠡᠨ ᠤᠷᠤᠨ ᠨᠤᠲᠤᠭ᠎ᠤᠨ ᠵᠠᠰᠠᠭ᠎ᠤᠨ ᠤᠷᠳᠤᠨ᠎ᠳᠤ ᠴᠠᠭ ᠲᠤᠬᠠᠢᠳᠤᠨᠢ ᠮᠡᠳᠡᠭᠦᠯᠵᠦ᠂ ᠵᠠᠰᠠᠭ᠎ᠤᠨ ᠤᠷᠳᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠬᠦᠴᠦᠲᠠᠢ ᠠᠬᠢᠭᠤᠯᠪᠠ᠃ ᠳᠦᠷᠪᠡ᠎ᠳᠤ ᠲᠤᠰᠬᠠᠢ ᠰᠡᠳᠦᠪ ᠵᠢᠡᠷ ᠪᠠᠢ᠌ᠴᠠᠭ᠋ᠠᠨ ᠰᠤᠳᠤᠯᠤᠯᠲᠠ ᠬᠢᠵᠦ᠂ ᠠᠵᠢᠯᠯᠠᠬᠤ ᠶᠠᠪᠤᠴᠠ᠎ᠳᠤ ᠲᠤᠯᠭ᠋ᠠᠠᠷᠠᠭᠰᠠᠨ ᠬᠦᠴᠢᠷᠳᠡᠯ ᠪᠤᠯᠤᠨ ᠠᠰᠠᠭᠤᠳᠠᠯ᠎ᠢ ᠲᠡᠷᠡ ᠲᠤᠤᠷ᠎ᠠ᠎ᠨᠢ ᠰᠤᠳᠤᠯᠵᠤ ᠰᠢᠢ᠍ᠳᠪᠤᠷᠢᠯᠡᠬᠦ ᠲᠦᠰᠦᠯ ᠪᠤᠯᠤᠨ ᠪᠤᠳᠠᠲᠠᠢ ᠠᠷᠭ᠎ᠠ ᠬᠡᠮᠵᠢᠶ᠎ᠡ ᠲᠤᠷᠠᠳᠴᠤ᠂ ᠡᠯ᠎ᠡ ᠠᠢ᠌ᠮᠠᠭ ᠬᠤᠲᠠ ᠪᠤᠯᠤᠨ ᠬᠤᠰᠢᠭᠤ ᠰᠢᠶᠠᠨ (ᠬᠤᠲᠠ᠂ ᠲᠤᠭᠤᠷᠢᠭ)᠎ᠤ ᠲᠤᠬᠠᠢ ᠭᠠᠷᠭ᠋ᠠᠭᠰᠠᠨ ᠪᠢᠴᠢᠭ ᠮᠠᠲᠸᠷᠢᠶᠠᠯ᠂ ᠵᠠᠷᠤᠳᠠᠯ᠎ᠤᠨ ᠪᠠᠲᠤᠯᠠᠭ᠎ᠠ᠂ ᠭᠠᠷᠲᠠᠨ ᠬᠢᠬᠦ ᠴᠢᠳᠠᠪᠤᠷᠢ ᠵᠢᠨ ᠪᠠᠢ᠌ᠭᠤᠯᠤᠯᠲᠠ ᠵᠡᠷᠭᠡ ᠵᠢᠨ ᠪᠠᠢ᠌ᠳᠠᠯ᠎ᠢ ᠲᠤᠭᠲᠠᠮᠠᠯ ᠬᠤᠭᠤᠴᠠᠭ᠎ᠠ᠎ᠪᠠᠷ ᠮᠡᠳᠡᠭᠦᠯᠪᠡ᠃ ᠲᠠᠪᠤ᠎ᠳᠤ 2018 ᠤᠨ᠎ᠳᠤ ᠥᠪᠡᠷᠳᠡᠭᠡᠨ ᠵᠠᠰᠠᠬᠤ ᠤᠷᠤᠨ᠎ᠤ ᠡᠳ᠋᠎ᠤᠨ ᠵᠠᠰᠠᠭ ᠠᠴᠠ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠨ ᠤ ᠴᠢᠳᠠᠪᠤᠷᠢ ᠵᠢ ᠳᠡᠭᠡᠭᠰᠢᠯᠡᠭᠦᠯᠬᠦ ᠬᠦᠲᠦᠯᠦᠮᠵᠢ ᠵᠢᠨ ᠪᠡᠯᠡ ᠮᠦᠩᠭᠦ 3000 ᠲᠦᠮᠡᠨ ᠲᠦᠭᠦᠷᠢᠭ ᠲᠤᠬᠢᠷᠠᠭᠤᠯᠵᠦ᠂ ᠰᠠᠢ᠌ᠨ᠎ᠢ᠎ᠨᠢ ᠰᠤᠩᠭᠤᠨ ᠬᠡᠰᠡᠭ ᠭᠠᠵᠠᠷ ᠤᠷᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠲᠤᠷᠰᠢᠯᠲᠠ ᠵᠢᠨ ᠠᠵᠢᠯ᠎ᠢ ᠲᠠᠮᠵᠢᠪᠠ᠃ ᠪᠡᠯᠡ ᠮᠦᠩᠭᠦ ᠵᠢ ᠬᠤᠪᠢᠶᠠᠷᠢᠯᠠᠬᠤ ᠦᠶᠡᠰ᠂ ᠡᠯ᠎ᠡ ᠭᠠᠵᠠᠷ᠎ᠤᠨ ᠵᠠᠰᠠᠭ᠎ᠤᠨ ᠤᠷᠳᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠵᠢ ᠬᠤᠳᠠᠯᠳᠤᠨ ᠠᠪᠬᠤ ᠠᠵᠢᠯ᠎ᠤᠨ ᠨᠠᠢ᠌ᠳᠠᠪᠤᠷᠢᠵᠢᠭᠤᠯᠵᠦ ᠪᠠᠢ᠌ᠬᠤ ᠠᠬᠢᠴᠠ᠂ ᠲᠦᠷᠦᠯ ᠵᠦᠢ᠍ᠯ᠎ᠢ ᠬᠡᠷᠡᠭᠵᠢᠭᠦᠯᠵᠦ ᠪᠠᠢ᠌ᠬᠤ ᠴᠢᠨᠠᠷ ᠴᠢᠨᠰᠠᠭ᠎ᠠ ᠪᠤᠯᠤᠨ ᠲᠤᠭ᠎ᠠ ᠬᠡᠮᠵᠢᠶ᠎ᠡ ᠵᠡᠷᠭᠡ ᠡᠯᠸᠮᠸᠨ᠋ᠲ᠎ᠢ ᠭᠤᠤᠯᠳᠠᠯᠭ᠎ᠠ ᠪᠤᠯᠭ᠋ᠠᠨ ᠪᠤᠳᠤᠯᠬᠢᠯᠠᠵᠠᠢ᠃ ᠡᠭᠦᠨ᠎ᠤ ᠬᠠᠮᠲᠦ᠂ 《ᠦᠷ᠎ᠡ ᠪᠦᠲᠦᠮᠵᠢ᠎ᠪᠠᠷ ᠰᠠᠢ᠌ᠨ᠂ ᠵᠢᠱ᠌ᠢᠶ᠎ᠡ ᠦᠵᠡᠭᠦᠯᠬᠦ ᠦᠢ᠍ᠯᠡᠳᠦᠯ᠎ᠲᠠᠢ᠂ ᠲᠡᠯᠭᠡᠷᠡᠭᠦᠯᠵᠦ ᠪᠤᠯᠬᠤ》 ᠵᠠᠰᠠᠭ᠎ᠤᠨ ᠤᠷᠳᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠵᠢ ᠰᠢᠨᠡᠴᠢᠯᠡᠬᠦ ᠦᠢ᠍ᠯᠡᠳᠦᠯᠭᠡ ᠵᠢᠨ ᠬᠡᠰᠡᠭ ᠲᠦᠷᠦᠯ ᠵᠦᠢ᠍ᠯ᠎ᠢ ᠪᠡᠯᠡ ᠮᠦᠩᠭᠦ᠎ᠪᠠᠷ ᠲᠡᠮᠵᠢᠪᠡ᠃ ᠵᠢᠷᠭᠤᠭ᠎ᠠ᠎ᠳᠤ 2019 ᠤᠨ᠎ᠤ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠳᠡᠭᠡᠷ᠎ᠡ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠢᠲᠡᠪᠬᠢᠲᠠᠢ ᠬᠡᠷᠡᠭᠵᠢᠭᠦᠯᠵᠦ ᠦᠨᠳᠦᠰᠦᠨ ᠱᠠᠲᠣᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠭᠠᠷᠳᠠᠨ ᠬᠢᠬᠦ ᠴᠢᠳᠠᠪᠤᠷᠢ ᠵᠢ ᠬᠡᠷᠬᠢᠨ ᠳᠡᠭᠡᠭᠰᠢᠯᠡᠭᠦᠯᠬᠦ ᠲᠤᠬᠠᠢ ᠪᠠᠢ᠌ᠷᠢᠯᠠᠭᠤᠯᠤᠯᠲᠠ ᠬᠢᠵᠠᠢ᠃
ᠳᠦᠷᠪᠡ᠂ ᠨᠢᠭᠡ᠎ᠳᠤ ᠵᠠᠰᠠᠭ᠎ᠤᠨ ᠤᠷᠳᠤᠨ ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠢᠡᠷ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠬᠦᠴᠦᠨ ᠬᠦᠷᠤᠯᠴᠡᠬᠦ ᠦᠭᠡᠢ ᠪᠠᠢ᠌ᠬᠰᠠᠨ ᠠᠰᠠᠭᠤᠳᠠᠯ᠎ᠢ ᠪᠦᠲᠦᠮᠵᠢᠲᠠᠢ᠎ᠪᠠᠷ ᠰᠢᠢ᠍ᠳᠪᠤᠷᠢᠯᠡᠪᠡ᠃ ᠳᠤᠰᠠᠯᠠᠮᠵᠢ ᠭᠤᠶᠤᠴᠢᠯᠠᠭᠰᠠᠨ ᠬᠦᠮᠦᠰ᠎ᠤᠨ ᠦᠨᠳᠦᠰᠦᠨ ᠪᠠᠢ᠌ᠳᠠᠯ᠎ᠢ ᠵᠢᠬᠰᠠᠭ᠋ᠠᠨ ᠪᠠᠢ᠌ᠴᠠᠭ᠋ᠠᠬᠤ ᠲᠠᠯ᠎ᠠ᠎ᠪᠠᠷ ᠭᠤᠷᠪᠠᠳᠠᠬᠢ ᠪᠠᠢ᠌ᠭᠤᠯᠤᠮᠵᠢ᠎ᠳᠤ ᠨᠠᠢ᠌ᠳᠠᠨ ᠦᠭᠴᠤ ᠤᠷᠤᠯᠴᠠᠭᠤᠯᠬᠤ ᠠᠷᠭ᠎ᠠ ᠮᠠᠶᠢᠭ ᠵᠢᠡᠷ ᠦᠨᠳᠦᠰᠦᠨ ᠱᠠᠲᠤᠨ᠎ᠤ ᠠᠵᠢᠯ᠎ᠤᠨ ᠡᠭᠦᠷᠭᠡ ᠲᠠᠷᠤᠭ᠋ᠠᠰᠦ ᠵᠢ ᠦᠨᠡᠨᠬᠦ ᠬᠦᠩᠭᠡᠷᠡᠭᠦᠯᠵᠦ᠂ ᠡᠷᠦᠭᠡ᠎ᠳᠤ ᠤᠷᠤᠵᠦ ᠪᠠᠢ᠌ᠴᠠᠭ᠋ᠠᠬᠤ 《ᠠᠵᠢᠯᠲᠠᠨ᠎ᠲᠠᠢ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠯᠡᠭᠦᠷ᠎ᠲᠠᠢ》 ᠪᠠᠢ᠌ᠬᠤ ᠵᠢ ᠪᠠᠲᠤᠯᠠᠪᠠ᠃ ᠤᠳᠤ ᠪᠦᠬᠦ ᠤᠷᠤᠨ᠎ᠤ 12 ᠠᠢ᠌ᠮᠠᠭ ᠬᠤᠲᠠ ᠪᠤᠯᠤᠨ 2 ᠲᠤᠰᠠᠭ᠋ᠠᠷ ᠲᠦᠯᠦᠪᠯᠡᠭᠡᠲᠦ ᠬᠤᠲᠠ᠎ᠳᠤ ᠨᠡᠢ᠌ᠲᠡ 4697 ᠨᠡᠢ᠌ᠭᠡᠮ᠎ᠤᠨ ᠳᠤᠰᠠᠯᠠᠮᠵᠢ ᠵᠢᠨ ᠠᠵᠢᠯᠲᠠᠨ᠎ᠲᠠᠢ ᠪᠤᠯᠪᠠ᠂ ᠡᠭᠦᠨ᠎ᠳᠤ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠠᠵᠢᠯᠲᠠᠨ 546 ᠪᠤᠢ᠂ ᠡᠨᠡ᠎ᠨᠢ ᠦᠨᠳᠦᠰᠦᠨ ᠱᠠᠲᠤᠨ᠎ᠤ ᠨᠡᠢ᠌ᠬᠡᠮ᠎ᠤᠨ ᠳᠤᠰᠠᠯᠠᠮᠵᠢ ᠵᠢᠨ ᠠᠵᠢᠯ ᠢ ᠭᠠᠷᠳᠠᠨ ᠬᠢᠬᠦ ᠦᠢ᠍ᠯᠡᠴᠢᠯᠡᠭᠡᠨ ᠤ ᠴᠢᠳᠠᠪᠤᠷᠢ ᠵᠢᠨ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ᠎ᠳᠤ ᠠᠰᠢᠬᠲᠠᠢ ᠨᠦᠬᠦᠴᠡᠯ ᠪᠤᠯᠤᠭᠰᠠᠨ ᠪᠠᠢ᠌ᠨ᠎ᠠ᠃ ᠬᠤᠶᠠᠷ᠎ᠲᠤ ᠵᠠᠰᠠᠭ᠎ᠤᠨ ᠤᠷᠳᠤᠨ ᠤ ᠦᠢ᠍ᠯᠡᠴᠢᠯᠡᠭᠡ ᠬᠤᠳᠠᠯᠳᠤᠨ ᠠᠪᠬᠤ᠎ᠪᠠᠷ ᠲᠠᠮᠵᠢᠨ᠂ ᠨᠡᠢ᠌ᠭᠡᠮ᠎ᠤᠨ ᠳᠤᠰᠠᠯᠠᠮᠵᠢ ᠵᠢᠨ ᠠᠵᠢᠯ ᠤᠨ ᠠᠷᠭ᠎ᠠ ᠮᠠᠶᠢᠭ᠎ᠨᠢ ᠪᠡᠯᠡᠨ ᠮᠦᠩᠭᠦ᠎ᠪᠠᠷ ᠲᠤᠰᠠᠯᠠᠬᠤ ᠤᠯᠠᠮᠵᠢᠯᠯᠠᠲᠦ ᠠᠷᠭ᠎ᠠ ᠮᠠᠶᠢᠭᠠᠴᠠᠪᠠᠨ ᠠᠮᠢᠳᠤᠷᠠᠯ᠎ᠢ᠎ᠨᠢ ᠬᠠᠷᠠᠭ᠋ᠠᠯᠵᠠᠬᠤ᠂ ᠰᠡᠳᠭᠢᠯ ᠰᠠᠨᠠᠭ᠎ᠠ ᠵᠢ᠎ᠨᠢ ᠲᠠᠢ᠌ᠳᠬᠤᠷᠠᠭᠤᠯᠬᠤ ᠵᠡᠷᠭᠡ ᠤᠯᠠᠨ ᠲᠠᠯ᠎ᠠ᠎ᠪᠠᠷ ᠲᠤᠰᠠᠯᠠᠬᠤ ᠪᠤᠯᠪᠠ᠃ ᠬᠦᠳᠡᠯᠮᠤᠷᠢᠯᠡᠬᠦ ᠴᠢᠳᠠᠪᠤᠷᠢ᠎ᠲᠠᠢ ᠮᠦᠷᠳᠡᠭᠡᠨ ᠬᠢᠬᠦ ᠠᠵᠢᠯ ᠦᠭᠡᠢ ᠪᠠᠢ᠌ᠬᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ ᠪᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠦᠬᠦᠴᠡᠯ ᠳᠤ ᠦᠢ᠍ᠷᠡᠳᠤᠭᠰᠠᠨ ᠭᠡᠷ ᠪᠦᠯᠢ ᠵᠢᠨ ᠪᠦᠷᠢᠯᠳᠦᠭᠦᠨ᠎ᠳᠤ ᠤᠷ᠎ᠠ ᠴᠢᠳᠠᠪᠤᠷᠢ ᠵᠢᠨ ᠪᠤᠯᠪᠠᠰᠤᠷᠠᠯ ᠬᠦᠷᠲᠡᠭᠡᠬᠦ᠂ ᠠᠵᠢᠯ ᠤᠯᠬᠤ ᠵᠦᠪᠯᠡᠯᠭᠡ ᠦᠭᠬᠦ ᠵᠡᠷᠭᠡ ᠦᠢ᠍ᠯᠡᠴᠢᠯᠡᠭᠡ ᠬᠠᠩᠭ᠋ᠠᠵᠦ᠂ ᠬᠦᠴᠢᠷᠳᠡᠯ᠎ᠲᠠᠢ ᠤᠯᠠᠨ ᠲᠦᠮᠡᠨ ᠢ ᠬᠠᠪᠰᠤᠷᠴᠤ ᠠᠵᠢᠯ ᠤᠯᠭᠤᠪᠠ᠃ ᠰᠠᠨᠠᠮᠰᠠᠷ ᠦᠭᠡᠢ ᠪᠠᠷ ᠡᠨᠳᠡᠵᠤ ᠭᠡᠨᠡᠳᠡᠭᠰᠡᠨ ᠭᠦᠴᠢᠷᠳᠡᠯᠲᠠᠢ ᠭᠡᠷ ᠪᠦᠯᠢ ᠵᠢᠨ ᠪᠦᠷᠢᠯᠳᠦᠭᠦᠨ᠎ᠳᠤ ᠰᠠᠨᠠᠭ᠎ᠠ ᠰᠡᠳᠭᠢᠯ᠎ᠢ᠎ᠨᠢ ᠲᠠᠢ᠌ᠳᠬᠤᠷᠠᠭᠤᠯᠬᠤ᠂ ᠪᠡᠶ᠎ᠡ ᠵᠢᠨ ᠲᠠᠷᠤᠭ᠋ᠠᠰᠦ ᠪᠤᠯᠤᠨ ᠨᠠᠵᠠᠭ᠋ᠠᠢ ᠪᠤᠳᠤᠯ ᠰᠡᠳᠭᠢᠯᠭᠡ ᠵᠢ᠎ᠨᠢ ᠠᠯᠳᠠᠷᠠᠭ᠋ᠠᠬᠤ ᠵᠡᠷᠭᠡ ᠰᠠᠢ᠌ᠨ ᠳᠤᠷ᠎ᠠ ᠵᠢᠨ ᠠᠵᠢᠯᠲᠠᠨ ᠤ ᠦᠢ᠍ᠯᠡᠴᠢᠯᠡᠭᠡ ᠬᠠᠩᠭ᠋ᠠᠵᠦ᠂ ᠳᠤᠰᠠᠯᠠᠮᠵᠢ ᠵᠢᠨ ᠠᠷᠭ᠎ᠠ ᠮᠠᠶᠢᠭ ᠵᠢᠡᠨ ᠲᠤᠰᠬᠠᠢ ᠮᠡᠷᠭᠡᠵᠢᠯ᠎ᠤᠨ ᠪᠠ ᠥᠪᠡᠷᠮᠢᠴᠡ ᠤᠨᠴᠠᠯᠢᠭ᠎ᠲᠠᠢ ᠪᠤᠯᠭ᠋ᠠᠪᠠ; ᠤᠳᠤᠬᠠᠨ᠎ᠳᠤ ᠪᠦᠬᠦ ᠤᠷᠤᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠦᠢ᠍ᠯᠡᠴᠢᠯᠡᠭᠡ ᠬᠤᠳᠠᠯᠳᠤᠨ ᠠᠪᠬᠤ ᠲᠦᠷᠦᠯ ᠵᠦᠢ᠍ᠯ᠎ᠳᠤ ᠨᠡᠢ᠌ᠭᠡᠮ᠎ᠤᠨ ᠳᠤᠰᠠᠯᠠᠮᠵᠢ ᠵᠢᠨ ᠡᠲᠡᠭᠡᠳ ᠲᠤ ᠬᠣᠯᠪᠣᠭᠳᠠᠭᠰᠠᠨ ᠭᠡᠷ ᠪᠦᠯᠢ ᠵᠢᠨ ᠬᠢᠨᠢ ᠠᠮᠢᠳᠤᠷᠠᠯ᠎ᠤᠨ ᠪᠠᠢ᠌ᠳᠠᠯ ᠢ ᠪᠠᠢ᠌ᠴᠠᠭ᠋ᠠᠬᠤ᠂ ᠲᠤᠭ᠎ᠠ ᠪᠠᠷᠢᠮᠲᠠ ᠴᠤᠭᠯᠠᠭᠤᠯᠬᠤ᠂ ᠲᠤᠭᠲᠠᠮᠠᠯ ᠬᠤᠭᠤᠴᠠᠭ᠎ᠠ᠎ᠲᠠᠢ᠎ᠪᠠᠷ ᠬᠠᠷᠭᠤᠭᠤᠯᠬᠤ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠬᠢᠬᠦ ᠵᠡᠷᠭᠡ ᠨᠡᠢ᠌ᠲᠡ 61 ᠲᠦᠷᠦᠯ ᠵᠦᠢ᠍ᠯ ᠪᠤᠢ᠃ ᠭᠤᠷᠪᠠ᠎ᠳᠤ ᠡᠯ᠎ᠡ ᠭᠠᠵᠠᠷ᠎ᠤᠨ᠎ᠬᠢᠨ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠢᠡᠷ ᠲᠠᠮᠵᠢᠨ᠂ ᠲᠤᠰᠠᠯᠠᠬᠤ ᠡᠲᠡᠭᠡᠳ ᠵᠶ᠋ᠠᠨ ᠣᠨᠣᠴᠠᠲᠠᠢ ᠨᠤᠲᠠᠯᠠᠨ ᠲᠤᠭᠲᠠᠭ᠋ᠠᠬᠤ ᠬᠢᠷᠢ ᠲᠦᠪᠰᠢᠨ ᠵᠶ᠋ᠠᠨ ᠲᠠᠰᠤᠷᠠᠯᠲᠠ ᠦᠭᠡᠢ ᠲᠡᠭᠡᠭᠰᠢᠯᠡᠭᠦᠯᠪᠡ᠃ ᠬᠦᠬᠡᠬᠤᠲᠠ ᠵᠢᠨ ᠰᠢᠨ᠎ᠡ ᠬᠤᠲᠠ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠭᠤᠷᠪᠠᠳᠠᠬᠢ ᠡᠲᠡᠭᠡᠳ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠪᠠᠷ ᠳᠠᠮᠵᠢᠭ᠋ᠠᠳ᠂ ᠬᠠᠷᠢᠶ᠎ᠠ ᠲᠤᠭᠤᠷᠢᠭ᠎ᠤᠨ ᠵᠶ᠋ᠠᠨ ᠬᠤᠲᠠ ᠬᠦᠳᠡᠭᠡ ᠵᠢᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠤᠨᠴᠠ ᠬᠦᠴᠢᠷᠳᠡᠯ᠎ᠲᠠᠢ ᠬᠦᠮᠦᠰ᠎ᠤᠨ ᠠᠰᠠᠷᠠᠮᠵᠢ ᠲᠡᠳᠭᠦᠮᠵᠢ ᠵᠢ ᠰᠢᠨ᠎ᠡ᠎ᠪᠠᠷ ᠭᠤᠶᠤᠴᠢᠯᠠᠭᠰᠠᠨ ᠭᠡᠷ ᠪᠦᠯᠢ᠎ᠳᠤ ᠬᠦᠷᠴᠤ ᠪᠠᠢ᠌ᠴᠠᠭ᠋ᠠᠠᠯᠲᠠ ᠬᠢᠵᠦ᠂ ᠭᠤᠶᠤᠴᠢᠯᠠᠭᠰᠠᠨ ᠬᠦᠮᠦᠰ᠎ᠤᠨ ᠭᠡᠷ ᠪᠦᠯᠢ ᠵᠢᠨ ᠪᠦᠷᠢᠯᠳᠦᠭᠦᠨ᠎ᠤ ᠪᠦᠲᠦᠴᠡ᠂ ᠡᠳ᠋ ᠬᠦᠷᠦᠩᠭᠡ᠂ ᠤᠷᠤᠯᠭ᠎ᠠ ᠵᠡᠷᠭᠡ ᠵᠢ ᠭᠤᠤᠯᠳᠠᠯᠭ᠎ᠠ᠎ᠲᠠᠢ ᠪᠠᠢ᠌ᠴᠠᠭ᠋ᠠᠨ ᠬᠠᠷᠭᠤᠭᠤᠯᠵᠦ᠂ ᠡᠷᠦᠬᠡ᠎ᠳᠤ ᠬᠦᠷᠴᠤ ᠪᠠᠢ᠌ᠴᠠᠭ᠋ᠠᠭᠰᠠᠨ ᠡᠰᠢ ᠪᠠᠷᠢᠮᠲᠠ ᠲᠤᠲᠤᠷᠬᠠᠢ᠂ ᠦᠷ᠎ᠡ ᠳ᠋ᠦᠩ᠎ᠨᠢ ᠰᠢᠨᠵᠢᠯᠡᠬᠦ ᠤᠬᠠᠭ᠋ᠠᠨᠴᠢ ᠵᠦᠢ ᠵᠤᠬᠢᠰᠲᠠᠢ ᠬᠦᠰᠦᠨᠦᠭ ᠵᠤᠬᠢᠶᠠᠵᠦ᠂ ᠬᠤᠰᠢᠭᠤ ᠰᠢᠶᠠᠨ (ᠬᠤᠲᠠ᠂ ᠲᠤᠭᠤᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠡᠴᠦᠰ᠎ᠤᠨ ᠬᠢᠨᠠᠨ ᠵᠦᠪᠰᠢᠶᠡᠷᠡᠵᠦ ᠲᠤᠭᠲᠠᠭ᠋ᠠᠬᠤ᠎ᠳᠤ ᠦᠨᠡᠨ ᠪᠤᠳᠠᠲᠠᠢ᠂ ᠨᠠᠷᠢᠨ ᠣᠨᠣᠴᠠᠲᠠᠢ ᠰᠠᠨᠠᠯ ᠬᠠᠩᠭ᠋ᠠᠭᠰᠠᠨ ᠪᠠᠢ᠌ᠨ᠎ᠠ᠃ ᠡᠭᠦᠨ᠎ᠤ ᠬᠠᠮᠲᠦ ᠳᠡᠳᠡ ᠪᠠᠰᠠ ᠳᠤᠰᠠᠯᠠᠮᠵᠢ ᠬᠦᠷᠲᠡᠭᠰᠡᠨ ᠭᠡᠷ ᠪᠦᠯᠢ᠎ᠳᠤ ᠲᠤᠭᠲᠠᠮᠠᠯ ᠬᠤᠭᠤᠴᠠᠭ᠋ᠠᠲᠠᠢ ᠬᠠᠷᠭᠤᠭᠤᠯᠤᠯᠲᠠ ᠬᠢᠵᠤ᠂ ᠲᠦᠷᠦ ᠵᠢᠨ ᠪᠤᠳᠤᠯᠭ᠎ᠠ ᠵᠢᠨ ᠲᠤᠭᠲᠠᠭ᠋ᠠᠯ᠎ᠢ ᠦᠨᠳᠦᠰᠦᠯᠡᠨ᠂ ᠳᠤᠰᠠᠯᠠᠮᠵᠢ ᠵᠢᠨ ᠪᠡᠯᠡ ᠮᠦᠩᠭᠦ ᠵᠢ ᠴᠠᠭ ᠲᠤᠬᠠᠢᠳᠤᠨᠢ ᠣᠯᠭᠤᠨ ᠦᠭᠴᠤ᠂ ᠨᠠᠷᠢᠨ ᠤᠨᠤᠴᠠᠲᠠᠢ ᠲᠤᠰᠠᠯᠠᠬᠤ ᠵᠢ ᠦᠨᠡᠨᠬᠦ ᠪᠠᠲᠤᠯᠠᠪᠠ᠃ ᠳᠦᠷᠪᠡ᠎ᠳᠤ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠠᠰᠠᠭ᠎ᠤᠨ ᠤᠷᠳᠤᠨ᠎ᠤ ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠢᠡᠷ ᠸᠢᠴᠠᠲ᠎ᠤᠨ ᠵᠦᠭᠡᠯᠡᠨ ᠲᠤᠨᠤᠭ᠎ᠲᠤ ᠲᠦᠰᠢᠭᠯᠡᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠸᠢᠴᠠᠲ᠎ᠤᠨ ᠲᠠᠪᠴᠠᠩ ᠪᠠᠢ᠌ᠭᠤᠯᠪᠠ᠃ ᠸᠢᠴᠠᠲ᠎ᠤᠨ ᠬᠠᠮᠢᠶᠠᠷᠤᠯᠲᠠ ᠵᠢᠨ ᠲᠠᠪᠴᠠᠩ ᠳᠡᠭᠡᠷ᠎ᠡ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠷᠭᠦᠳᠡᠯ ᠲᠡᠪᠰᠢᠭᠦᠯᠬᠦ ᠵᠠᠮ ᠭᠠᠷᠭ᠋ᠠᠵᠠᠢ᠃ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠷᠭᠦᠳᠡᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠸᠢᠴᠠᠲ᠎ᠤᠨ ᠬᠠᠮᠢᠶᠠᠷᠤᠯᠲᠠ ᠵᠢᠨ ᠲᠠᠪᠴᠠᠩ ᠠᠶᠠᠨᠳᠠᠭ᠋ᠠᠨ ᠡᠷᠭᠦᠳᠡᠯ ᠭᠠᠷᠭ᠋ᠠᠭᠰᠠᠨ ᠬᠦᠮᠦᠨ᠎ᠤ ᠸᠢᠴᠠᠲ᠎ᠳᠤ ᠮᠡᠳᠡᠭᠡ ᠵᠠᠩᠭᠢ ᠶᠠᠪᠤᠭᠤᠯᠵᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠷᠭᠦᠳᠡᠯ᠎ᠢ ᠴᠢᠨᠢ ᠬᠦᠯᠢᠶᠡᠨ ᠠᠪᠤᠭᠰᠠᠨ ᠭᠡᠵᠦ ᠮᠡᠳᠡᠭᠳᠡᠬᠦ ᠪᠦᠭᠡᠳ ᠡᠷᠭᠦᠳᠡᠯ ᠭᠠᠷᠭ᠋ᠠᠭᠰᠠᠨ ᠬᠦᠮᠦᠨ᠎ᠳᠤ ᠶᠠᠮᠠᠷ ᠶᠠᠮᠠᠷ ᠮᠠᠲᠸᠷᠢᠶᠠᠯ ᠵᠢᠡᠨ ᠠᠪᠤᠭ᠋ᠠᠳ ᠬᠠᠮᠢᠭ᠎ᠠ ᠤᠴᠢᠵᠦ ᠮᠠᠲᠸᠷᠢᠶᠠᠯ ᠵᠢᠡᠨ ᠬᠢᠨᠠᠭᠤᠯᠤᠨ ᠪᠠᠢ᠌ᠴᠠᠭ᠋ᠠᠯᠭ᠋ᠠᠭ᠋ᠠᠷᠠᠢ ᠭᠡᠵᠦ ᠬᠡᠯᠡᠵᠦ ᠦᠭᠭᠦᠨ᠎ᠡ᠃ ᠡᠭᠦᠨ᠎ᠤ ᠳᠠᠷᠠᠭ᠎ᠠ ᠭᠡᠷ ᠪᠦᠯᠢ ᠵᠢᠨ ᠠᠵᠦ ᠠᠬᠤᠢ ᠵᠢᠨ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠬᠤ᠂ ᠡᠷᠦᠭᠡ᠎ᠳᠤ ᠤᠴᠢᠵᠦ ᠪᠠᠢ᠌ᠴᠠᠭ᠋ᠠᠬᠤ᠂ ᠠᠷᠠᠳᠴᠢᠯᠠᠯ ᠵᠢᠡᠷ ᠦᠨᠡᠯᠡᠬᠦ᠂ ᠠᠩᠬᠠᠨ᠎ᠤ ᠬᠢᠨᠠᠯᠲᠠ ᠵᠢ ᠢᠯᠡ ᠨᠡᠢ᠌ᠲᠡᠯᠡᠬᠦ᠂ ᠰᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠠᠬᠢᠨ ᠬᠠᠷᠭᠤᠭᠤᠯᠵᠦ ᠰᠤᠩᠭᠤᠨ ᠪᠠᠢ᠌ᠴᠠᠭ᠋ᠠᠬᠤ᠂ ᠲᠠᠬᠢᠨ ᠬᠢᠨᠠᠬᠰᠠᠨᠢ ᠢᠯᠡ ᠨᠡᠢ᠌ᠲᠡᠯᠡᠬᠦ᠂ ᠡᠴᠦᠰ᠎ᠤᠨ ᠬᠢᠨᠠᠨ ᠵᠦᠪᠰᠢᠶᠡᠷᠡᠬᠦ ᠵᠡᠷᠭᠡ ᠶᠠᠪᠤᠴᠠ ᠵᠢᠨ ᠠᠬᠢᠴᠠ ᠵᠢ ᠸᠢᠴᠠᠲ᠎ᠤᠨ ᠬᠠᠮᠢᠶᠠᠷᠤᠯᠲᠠ ᠵᠢᠨ ᠲᠠᠪᠴᠠᠩ ᠪᠦᠷ ᠡᠷᠭᠦᠳᠡᠯ ᠭᠠᠷᠭ᠋ᠠᠭᠰᠠᠨ ᠬᠦᠮᠦᠨ᠎ᠤ ᠸᠢᠴᠠᠲ᠎ᠲᠤ ᠴᠠᠭ ᠲᠤᠬᠠᠢᠳᠤᠨᠢ ᠶᠠᠪᠤᠭᠤᠯᠤᠨ ᠦᠭᠴᠤ᠂ ᠪᠦᠬᠦ ᠶᠠᠪᠤᠴᠠ ᠵᠢ ᠢᠯᠡ ᠪᠤᠯᠭ᠋ᠠᠵᠦ᠂ 《ᠤᠯᠠᠨ ᠲᠦᠮᠡᠨ ᠲᠤᠲᠠᠭᠤ ᠭᠦᠶᠤᠵᠤ᠂ ᠮᠡᠳᠡᠭᠡ ᠵᠠᠩᠭᠢ ᠢᠯᠡᠭᠦᠦ ᠭᠦᠶᠤᠯᠭᠡᠬᠦ》 ᠪᠤᠯᠭ᠋ᠠᠵᠦ᠂ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠮᠡᠳᠡᠭᠳᠡᠬᠦᠢ᠌ᠴᠡ ᠲᠡᠭᠡᠭᠰᠢᠯᠡᠭᠦᠯᠪᠡ᠃