3 ᠳ᠋ᠤᠭ᠋ᠠᠷ ᠰᠠᠷ᠎ᠠ ᠵᠢᠨ 15᠎ᠤ ᠠ᠋ᠳᠦᠷ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠦᠬᠦ ᠠᠢ᠌ᠮᠠᠭ᠎ᠤᠨ ᠨᠡᠢ᠌ᠭᠡᠮ᠎ᠤᠨ ᠳᠤᠰᠠᠯᠠᠮᠵᠢ ᠵᠢᠨ ᠠᠵᠢᠯ ᠪᠤᠯᠤᠨ 2019 ᠤᠨ᠎ᠤ ᠬᠦᠳᠡᠭᠡ ᠲᠤᠰᠬᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠤᠰᠬᠠᠢ ᠵᠠᠰᠠᠯᠲᠠ ᠵᠢᠨ ᠠᠵᠢᠯ᠎ᠢ ᠠᠬᠢᠭᠤᠯᠬᠤ ᠬᠤᠷᠠᠯ ᠬᠢᠵᠦ᠂ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠵᠢᠡᠨ ᠳ᠋ᠦᠩᠨᠡᠵᠦ᠂ 2019 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠭᠤᠤᠯᠳᠠᠯᠭ᠎ᠠ ᠪᠤᠯᠬᠤ ᠠᠵᠢᠯ ᠵᠶ᠋ᠠᠨ ᠪᠠᠢ᠌ᠷᠢᠯᠠᠭᠤᠯᠪᠠ᠃ ᠡᠯ᠎ᠡ ᠬᠤᠰᠢᠭᠤ ᠰᠢᠶᠠᠨ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠡᠢ᠌ᠭᠡᠮ᠎ᠤᠨ ᠳᠤᠰᠠᠯᠠᠮᠵᠢ ᠪᠤᠯᠤᠨ ᠬᠠᠷᠭᠤᠭᠤᠯᠤᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠠᠢ᠌ᠬᠤ ᠳᠡᠳ᠋ ᠲᠤᠪᠴᠢᠶᠠᠨ ᠳᠠᠷᠤᠭ᠎ᠠ᠂ ᠨᠡᠢ᠌ᠭᠡᠮ᠎ᠤᠨ ᠳᠤᠰᠠᠯᠠᠮᠵᠢ ᠵᠢᠨ ᠲᠠᠰᠤᠭ᠎ᠤᠨ ᠳᠠᠷᠤᠭ᠎ᠠ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠯᠪᠠᠨ ᠭᠡᠷ᠎ᠤᠨ ᠠ᠋ᠷᠬᠢᠯᠡᠭᠴᠢ᠂ ᠬᠠᠷᠭᠤᠭᠤᠯᠤᠯᠲᠠ ᠵᠢᠨ ᠲᠦᠪ᠎ᠤᠨ ᠠ᠋ᠷᠬᠢᠯᠡᠭᠴᠢ᠂ ᠶᠠᠳᠠᠭᠤ ᠵᠢ ᠲᠡᠳᠭᠦᠬᠦ ᠠᠵᠢᠯ᠎ᠤᠨ ᠨᠢᠷᠤᠭᠤᠪᠴᠢ ᠬᠦᠴᠦᠨ᠂ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠬᠡᠰᠡᠭ ᠺᠠᠳ᠋ᠷ ᠠᠵᠢᠯᠲᠠᠨ ᠤᠷᠤᠯᠴᠠᠭᠰᠠᠨ ᠪᠠᠢ᠌ᠨ᠎ᠠ᠃
ᠬᠤᠷᠠᠯ᠎ᠠᠴᠠ 2018 ᠤᠨ᠎ᠳᠤ ᠪᠦᠬᠦ ᠠᠢ᠌ᠮᠠᠭ᠎ᠤᠨ ᠨᠡᠢ᠌ᠭᠡᠮ᠎ᠤᠨ ᠳᠤᠰᠠᠯᠠᠮᠵᠢ ᠵᠢᠨ ᠠᠵᠢᠯ 《ᠨᠠᠭ᠋ᠠᠳᠤ ᠵᠠᠬ᠎ᠠ ᠵᠢᠨ ᠠᠮᠢᠳᠤᠷᠠᠯ᠎ᠢ ᠪᠠᠲᠤᠯᠠᠬᠤ᠂ ᠬᠦᠴᠢᠷᠳᠠᠭ᠌ᠰᠡᠳᠢ ᠳᠤᠰᠠᠯᠠᠬᠤ᠂ ᠦᠷᠭᠦᠯᠵᠢᠯᠡᠨ ᠬᠦᠭᠵᠢᠭᠦᠯᠬᠦ》 ᠬᠦᠭᠵᠢᠯᠲᠡ ᠵᠢᠨ ᠰᠡᠳᠭᠢᠴᠡ ᠵᠢ ᠪᠠᠷᠢᠮᠲᠠᠯᠠᠨ᠂ ᠨᠡᠢ᠌ᠭᠡᠮ᠎ᠤᠨ ᠳᠤᠰᠠᠯᠠᠮᠵᠢ ᠵᠢᠨ ᠠᠵᠢᠯ ᠦᠢ᠍ᠯᠡᠰ᠎ᠢ ᠪᠦᠬᠦ ᠬᠦᠴᠦ᠎ᠪᠠᠷ ᠵᠢᠡᠨ ᠬᠦᠭᠵᠢᠭᠦᠯᠤᠭᠡᠳ ᠢᠯᠡᠷᠬᠡᠢ ᠦᠷ᠎ᠡ ᠪᠦᠲᠦᠮᠵᠢ ᠤᠯᠪᠠ ᠭᠡᠵᠦ ᠵᠢᠠᠭ᠋ᠠᠵᠦ ᠭᠠᠷᠭ᠋ᠠᠵᠠᠢ᠃ ᠬᠤᠷᠠᠯ᠎ᠠᠴᠠ 2019 ᠤᠨ᠎ᠳᠤ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠬᠢᠬᠦ᠎ᠳᠡᠭᠡᠨ ᠬᠦᠴᠢᠷᠳᠡᠯ᠎ᠲᠠᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠷᠭᠦᠯᠵᠢᠯᠡᠨ ᠪᠠᠲᠤᠯᠠᠵᠤ᠂ ᠪᠦᠬᠦᠨ᠎ᠢ ᠶᠠᠳᠠᠭᠤ ᠵᠢ ᠲᠡᠳᠭᠦᠬᠦ ᠬᠡᠪᠴᠢᠶᠡᠨ ᠣᠷᠣᠭᠤᠯᠤᠨ ᠪᠠᠲᠤᠯᠠᠭ᠎ᠠ ᠵᠢᠨ ᠠᠵᠢᠯ ᠵᠶ᠋ᠠᠨ ᠰᠠᠢ᠌ᠨ ᠬᠢᠵᠦ᠂ ᠬᠠᠮᠢᠶᠠᠷᠤᠯᠲᠠ᠎ᠪᠠᠨ ᠲᠦᠷᠢᠮᠵᠢᠭᠦᠯᠬᠦ ᠬᠢᠷᠢ ᠲᠦᠪᠰᠢᠨ ᠵᠶ᠋ᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠭᠡᠷ ᠪᠦᠯᠢ ᠵᠢᠨ ᠠᠵᠦ ᠠᠬᠤᠢ ᠵᠢᠨ ᠬᠠᠷᠭᠤᠭᠤᠯᠤᠯᠲᠠ ᠵᠢᠨ ᠠᠵᠢᠯ᠎ᠢ ᠬᠦᠴᠦᠲᠠᠢ ᠠᠳᠬᠤᠵᠤ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠵᠦ᠂ ᠦᠨᠳᠦᠰᠦᠨ ᠱᠠᠲᠤᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠭᠠᠷᠳᠠᠨ ᠬᠢᠬᠦ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠠᠢ᠃ ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠤᠰᠬᠠᠢ ᠵᠠᠰᠠᠯᠲᠠ ᠵᠢᠨ ᠠᠵᠢᠯ᠎ᠢ ᠯᠠᠪᠳᠠᠭᠤᠨ ᠪᠠᠲᠤᠲᠠᠢ ᠬᠢᠵᠤ᠂ ᠲᠤᠰᠬᠠᠢ ᠵᠠᠰᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠪᠠᠲᠤᠯᠠᠬᠤ ᠬᠡᠷᠡᠭᠲᠠᠢ ᠭᠡᠵᠦ ᠲᠤᠲᠤᠷᠬᠠᠢ ᠲᠤᠭᠲᠠᠭ᠋ᠠᠵᠠᠢ᠃
ᠬᠤᠷᠠᠯ᠎ᠤᠨ ᠬᠤᠭᠤᠴᠠᠭ᠋ᠠᠨ᠎ᠳᠤ ᠡᠯ᠎ᠡ ᠬᠤᠰᠢᠭᠤ ᠰᠢᠶᠠᠨ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠡᠢ᠌ᠭᠡᠮ᠎ᠤᠨ ᠳᠤᠰᠠᠯᠠᠮᠵᠢ ᠪᠤᠯᠤᠨ ᠬᠠᠷᠭᠤᠭᠤᠯᠤᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠤᠪᠴᠢᠶᠠᠨ ᠳᠠᠷᠤᠭ᠎ᠠ᠂ ᠨᠡᠢ᠌ᠭᠡᠮ᠎ᠤᠨ ᠳᠤᠰᠠᠯᠠᠮᠵᠢ ᠵᠢᠨ ᠲᠠᠰᠤᠭ᠎ᠤᠨ ᠳᠠᠷᠤᠭ᠎ᠠ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠯᠪᠠᠨ ᠭᠡᠷ᠎ᠤᠨ ᠠ᠋ᠷᠬᠢᠯᠡᠭᠴᠢ᠂ ᠬᠠᠷᠭᠤᠭᠤᠯᠤᠯᠲᠠ ᠵᠢᠨ ᠲᠦᠪ᠎ᠤᠨ ᠠ᠋ᠷᠬᠢᠯᠡᠭᠴᠢ᠂ ᠶᠠᠳᠠᠭᠤ ᠵᠢ ᠲᠡᠳᠭᠦᠬᠦ ᠠᠵᠢᠯ᠎ᠤᠨ ᠨᠢᠷᠤᠭᠤᠪᠴᠢ ᠬᠦᠴᠦᠨ ᠪᠣᠯᠤᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠬᠡᠰᠡᠭ ᠺᠠᠳ᠋ᠷᠴᠤᠳ᠎ᠲᠤ ᠶᠠᠳᠠᠭᠣ ᠵᠢ ᠲᠡᠳᠭᠦᠬᠦ ᠠᠵᠢᠯ ᠪᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠲᠦᠷᠦ ᠵᠢᠨ ᠪᠤᠳᠤᠯᠭ᠎ᠠ ᠵᠢ ᠵᠤᠯᠭ᠋ᠠᠭᠤᠯᠬᠤ ᠲᠤᠬᠠᠢ᠌ᠯᠠᠬᠰᠠᠨ ᠠᠵᠢᠯ᠎ᠤᠨ ᠪᠤᠯᠪᠠᠰᠤᠷᠠᠯ ᠬᠦᠷᠲᠡᠭᠡᠵᠦ᠂ ᠲᠦᠷᠦ ᠵᠢᠨ ᠪᠤᠳᠤᠯᠭ᠎ᠠ ᠵᠢ ᠲᠠᠢ᠌ᠯᠪᠤᠷᠢᠯᠠᠵᠦ᠂ ᠰᠡᠵᠢᠭ ᠠ᠋ᠷᠡᠭᠡᠯᠵᠡᠯᠲᠠᠢ ᠠᠰᠭᠤᠲᠠᠯᠢ ᠬᠠᠷᠢᠭᠤᠯᠤᠨ ᠰᠢᠢ᠍ᠳᠪᠤᠷᠢᠯᠡᠵᠦ᠂ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠨᠠᠢ᠌ᠳᠠᠪᠤᠷᠢᠵᠢᠭᠤᠯᠬᠤ᠎ᠳᠤ ᠰᠠᠢ᠌ᠨ ᠰᠠᠭᠤᠷᠢ ᠲᠠᠯᠪᠢᠵᠦ ᠦᠭᠴᠠᠢ᠃
