ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠯᠠᠱᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ᠂ ᠠᠢ᠌ᠮᠠᠭ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ ᠬᠠᠮᠲᠤᠷᠠᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠪᠠᠢ᠌ᠴᠠᠭ᠋ᠠᠯᠲᠠ ᠬᠢᠪᠡ
ᠨᠡᠶᠢᠲᠡᠯᠡᠭᠰᠡᠨ ᠴᠠᠭ᠄ 2019-04-03

       

     3 ᠳ᠋ᠤᠭ᠋ᠠᠷ ᠰᠠᠷ᠎ᠠ ᠵᠢᠨ 26᠎ᠤ ᠠ᠋ᠳᠤᠷ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠡᠳ᠋ ᠳᠠᠷᠤᠭ᠎ᠠ ᠠ᠋ᠸᠤ ᠴᠦᠨ ᠶᠡᠨ ᠪᠠᠢ᠌ᠴᠠᠭ᠋ᠠᠬᠤ ᠳᠤᠭᠤᠢ᠌ᠯᠠᠩ ᠵᠶ᠋ᠠᠨ ᠳᠠᠭ᠋ᠠᠭᠤᠯᠤᠨ᠂ ᠬᠤᠲᠠ ᠵᠢᠨ ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ᠎ᠲᠠᠢ ᠬᠠᠮᠲᠤ᠎ᠪᠠᠷ ᠠᠯᠠᠱ᠌ᠠ ᠠᠢ᠌ᠮᠠᠭ᠎ᠤᠨ ᠨᠡᠢ᠌ᠬᠡᠮ᠎ᠤᠨ ᠠᠰᠠᠷᠠᠮᠵᠢ ᠵᠢᠨ ᠬᠦᠷᠢᠶᠡᠯᠡᠩ᠂ ᠠᠯᠠᠱ᠌ᠠ ᠵᠡᠭᠦᠨ ᠬᠤᠰᠢᠭᠤᠨ᠎ᠤ ᠶᠡᠷᠤᠩᠬᠡᠢ᠌ᠯᠡᠭᠰᠡᠨ ᠠᠰᠠᠷᠠᠮᠵᠢ ᠵᠢᠨ ᠲᠦᠪ᠂ ᠠᠯᠠᠱ᠌ᠠ ᠠᠢ᠌ᠮᠠᠭ᠎ᠤᠨ ᠬᠣᠲᠠ ᠵᠢᠨ ᠪᠠᠷᠠᠭᠤᠨᠲᠠᠬᠢ ᠯᠢᠤᠢ ᠵᠢᠤᠢ ᠨᠠᠰᠤᠲᠠᠳ᠎ᠢ ᠠᠰᠠᠷᠠᠬᠤ ᠬᠦᠷᠢᠶᠡᠯᠡᠩ᠂ ᠠᠯᠠᠱ᠌ᠠ ᠵᠠᠭᠦᠨ ᠬᠤᠰᠢᠭᠤᠨ᠎ᠤ ᠭᠦᠸᠸ ᠺᠠᠩ ᠨᠠᠰᠤᠲᠠᠳ᠎ᠢ ᠠᠰᠠᠷᠠᠬᠤ ᠬᠦᠷᠢᠶᠡᠯᠡᠩ ᠵᠡᠷᠭᠡ ᠳᠦᠷᠪᠡᠨ ᠨᠠᠰᠤᠲᠠᠳ᠎ᠢ ᠠᠰᠠᠷᠠᠬᠤ ᠪᠠᠢ᠌ᠭᠤᠯᠤᠮᠵᠢ᠎ᠳᠤ ᠠᠶᠤᠯ ᠦᠭᠡᠢ ᠦᠢ᠍ᠯᠡᠳᠪᠤᠷᠢᠯᠡᠯ᠎ᠤᠨ ᠪᠠ 〈〈ᠠ᠋ᠷᠡᠭᠦᠯᠵᠢᠯ〉〉᠎ᠤᠨ ᠵᠠᠬ᠎ᠠ ᠳᠡᠯᠭᠡᠭᠦᠷ᠎ᠤᠨ ᠠ᠋ᠮᠬᠢ ᠵᠠᠮᠪᠠᠷᠠᠭ᠎ᠠ ᠦᠭᠡᠢ ᠪᠠᠢ᠌ᠳᠠᠯ᠎ᠢ ᠵᠠᠰᠠᠨ ᠴᠡᠭᠴᠡᠯᠡᠬᠦ ᠵᠠᠭᠤᠨ ᠠ᠋ᠳᠤᠷ᠎ᠤᠨ ᠠᠵᠢᠯᠯᠠᠭ᠎ᠠ ᠦᠷᠨᠢᠭᠦᠯᠵᠠᠢ᠃
    ᠪᠠᠢ᠌ᠴᠠᠭ᠋ᠠᠯᠲᠠ ᠵᠢᠨ ᠳᠤᠮᠳᠠ ᠢᠯᠡᠷᠡᠭᠦᠯᠤᠭ᠌ᠰᠡᠨ ᠠᠰᠠᠭᠤᠳᠠᠯ᠎ᠢ ᠪᠠᠢ᠌ᠴᠠᠭ᠋ᠠᠬᠤ ᠳᠤᠭᠤᠢ᠌ᠯᠠᠩ᠎ᠠᠴᠠ ᠳᠤᠬᠠᠢ ᠵᠢᠨ ᠭᠠᠵᠠᠷ᠎ᠲᠤᠨᠢ ᠵᠠᠰᠠᠨ ᠴᠡᠭᠴᠡᠯᠡᠬᠦ ᠰᠠᠨᠠᠯ ᠵᠶ᠋ᠠᠨ ᠳᠤᠷᠠᠳᠤᠭᠰᠠᠨ ᠪᠦᠭᠡᠳ ᠳᠤᠬᠠᠢ ᠵᠢᠨ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠢ ᠨᠢᠭᠡ ᠵᠢ᠎ᠨᠢ ᠵᠦᠢ᠍ᠴᠢᠯᠡᠨ ᠨᠦᠭᠦᠭᠡ ᠵᠢ᠎ᠨᠢ ᠠ᠋ᠷᠢᠬᠦ ᠮᠠᠶᠢᠭ ᠵᠶ᠋ᠠᠷ ᠠᠰᠠᠭᠤᠳᠠᠯ᠎ᠤᠨ ᠳᠠᠯᠳᠠ ᠭᠡᠮ᠎ᠢ ᠪᠠᠢ᠌ᠴᠠᠭ᠋ᠠᠨ ᠣᠯᠵᠤ᠂ ᠡᠯ᠎ᠡ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢ ᠰᠢᠪᠠᠳᠠᠨ ᠨᠢᠭᠡᠳ ᠨᠢᠭᠡ᠎ᠪᠠᠷ ᠨᠠᠷᠢᠨ ᠨᠢᠮᠪᠡᠢ ᠨᠠᠢ᠌ᠲᠠᠪᠤᠷᠢᠵᠢᠭᠤᠯᠵᠤ᠂ ᠡᠯ᠎ᠡ ᠵᠦᠢ᠍ᠯ᠎ᠤᠨ ᠠ᠋ᠨᠳᠡᠯ ᠭᠠᠷᠬᠤ ᠵᠢ ᠴᠢᠩᠭ᠎ᠠ ᠰᠡᠷᠭᠡᠢ᠌ᠯᠡᠬᠦ ᠬᠡᠷᠡᠭᠲᠠᠢ ᠭᠡᠵᠤ ᠱᠠᠭ᠋ᠠᠷᠳᠠᠪᠠ᠃
      ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠪᠠᠰᠠ ᠮᠠᠲᠸᠷᠢᠶᠠᠯ ᠲᠠᠷᠬᠠᠭ᠋ᠠᠬᠤ᠂ ᠳᠤᠬᠠᠢ ᠵᠢᠨ ᠭᠠᠵᠠᠷ᠎ᠲᠤᠨᠢ ᠲᠠᠢ᠌ᠯᠪᠤᠷᠢᠯᠠᠬᠤ ᠬᠡᠯᠪᠡᠷᠢ᠎ᠪᠠᠷ ᠪᠠᠢ᠌ᠭᠤᠯᠤᠮᠵᠢ᠎ᠳᠤ ᠰᠠᠭᠤᠭ᠎ᠠ ᠨᠠᠰᠤᠲᠠᠢ᠌ᠴᠤᠳ᠎ᠲᠤ ᠠ᠋ᠷᠡᠭᠦᠯᠵᠢᠯ᠎ᠤᠨ ᠢᠳᠡᠭᠡᠨ ᠤᠮᠳᠠᠭ᠋ᠠᠨ᠎ᠢ ᠢᠯᠭ᠋ᠠᠨ ᠲᠠᠨᠢᠬᠤ ᠤᠬᠠᠭᠤᠯᠭ᠎ᠠ ᠬᠢᠵᠤ᠂ ᠮᠡᠬᠡᠯᠡᠭᠳᠡᠬᠦ᠎ᠠᠴᠠ ᠬᠢᠴᠢᠶᠡᠨ᠂ ᠨᠠᠰᠤᠲᠠᠢ᠌ᠴᠤᠳ᠎ᠤᠨ ᠰᠡᠷᠡᠮᠵᠢ ᠵᠢᠨ ᠤᠬᠠᠮᠰᠠᠷ᠎ᠢ ᠳᠡᠭᠡᠭᠰᠢᠯᠡᠭᠦᠯᠤᠭ᠌ᠰᠡᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠠᠷᠢᠶ᠎ᠠ ᠨᠢᠭᠡᠴᠢ ᠵᠢᠨ ᠵᠶ᠋ᠠᠨ ᠠᠮᠤᠷ ᠲᠦᠪᠰᠢᠨ᠎ᠤ ᠠᠵᠢᠯ᠎ᠢ ᠪᠠᠢ᠌ᠴᠠᠭ᠋ᠠᠵᠠᠢ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠳᠤᠭᠤᠢ᠌ᠯᠠᠩ ᠶᠠᠳᠠᠭᠤ ᠵᠢ ᠳᠡᠳᠬᠦᠬᠦ ᠳᠤᠰᠬᠤᠨ᠎ᠳᠤ᠎ᠪᠠᠨ ᠭᠦᠨᠵᠡᠭᠡᠢ᠌ᠷᠠᠨ ᠰᠠᠨᠠᠯ ᠬᠤᠷᠢᠶᠠᠪᠠ
ᠥᠪᠤᠷ ᠮᠤᠩᠭᠤᠯ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠭᠦᠨᠵᠡᠭᠡᠢ᠌ᠷᠡᠭᠦᠯᠤᠨ ᠦᠨᠳᠦᠰᠦᠨ ᠱᠠᠲᠣᠨ᠎ᠤ ᠨᠡᠢ᠌ᠭᠡᠮ᠎ᠤᠨ ᠳᠤᠰᠠᠯᠠᠮᠵᠢ ᠵᠢᠨ ᠠᠵᠢᠯ ᠎ᠤᠨ ᠴᠢᠳᠠᠪᠤᠷᠢ ᠵᠢ ᠲᠡᠭᠡᠭᠰᠢᠯᠡᠭᠦᠯᠬᠦ ᠵᠢ ᠴᠢᠩᠭ᠋ᠠᠳᠬᠠᠪᠠ
ᠹᠸᠩ ᠬᠤ᠌ ᠾᠸ ᠬᠦᠬᠡᠬᠤᠲᠠ ᠵᠢᠨ ᠳᠦᠷᠪᠡᠳᠦᠭᠡᠷ ᠬᠤᠭᠤᠴᠠᠭ᠋ᠠᠨ᠎ᠤ ᠭᠠᠵᠠᠷ ᠰᠢᠷᠣᠢ᠎ᠳᠤ ᠠᠷᠪᠢᠲᠠᠢ ᠠᠮᠢ ᠠᠬᠤᠢ᠎ᠳᠤ ᠬᠤᠬᠢᠷᠠᠯ ᠦᠭᠡᠢ ᠦᠨ᠎ᠡ ᠲᠦᠯᠦᠪᠤᠷᠢ ᠦᠭᠡᠢ ᠤᠷᠤᠰᠢᠭᠤᠯᠭ᠎ᠠ ᠵᠢᠨ ᠠᠵᠢᠯᠯᠠᠭ᠎ᠠ᠎ᠳᠤ ᠤᠷᠤᠯᠴᠠᠪᠠ
ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠡᠢ᠌ᠭᠡᠮ᠎ᠤᠨ ᠳᠤᠰᠠᠯᠠᠮᠵᠢ ᠵᠢᠨ ᠠᠵᠢᠯ ᠪᠤᠯᠤᠨ 2019 ᠤᠨ᠎ᠤ ᠬᠦᠳᠡᠭᠡ ᠲᠤᠰᠬᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠤᠰᠬᠠᠢ ᠵᠠᠰᠠᠯᠲᠠ ᠵᠢᠨ ᠠᠵᠢᠯ᠎ᠢ ᠠᠬᠢᠭᠤᠯᠬᠤ ᠬᠤᠷᠠᠯ ᠬᠢᠵᠠᠢ
 
            