ᠤᠢ᠌ᠷ᠎ᠠ ᠵᠢᠨ ᠠ᠋ᠳᠦᠷ ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠤᠨᠴᠠ ᠬᠦᠴᠢᠷᠳᠡᠯ᠎ᠲᠠᠢ ᠬᠦᠮᠦᠰ᠎ᠢ ᠲᠤᠰᠠᠯᠠᠵᠦ ᠬᠠᠷᠠᠭ᠋ᠠᠯᠵᠠᠬᠤ ᠬᠤᠯᠪᠤᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢ᠌ᠨ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ ᠡᠯ᠎ᠡ ᠬᠤᠰᠢᠭᠤ ᠰᠢᠶᠠᠨ ᠬᠤᠲᠠ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠨᠴᠠ ᠬᠦᠴᠢᠷᠳᠡᠯ᠎ᠲᠠᠢ ᠬᠦᠮᠦᠰ᠎ᠢ ᠲᠤᠰᠠᠯᠠᠵᠦ ᠬᠠᠷᠠᠭ᠋ᠠᠯᠵᠠᠬᠤ ᠳᠦᠷᠢᠮ᠎ᠢ ᠴᠢᠩᠭ᠎ᠠ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠤᠨᠴᠠ ᠬᠦᠴᠢᠷᠳᠡᠯ᠎ᠲᠠᠢ ᠬᠦᠮᠦᠰ᠎ᠢ ᠨᠠᠷᠢᠨ ᠤᠨᠤᠴᠠᠲᠠᠢ ᠨᠤᠲᠠᠯᠠᠨ ᠲᠤᠭᠲᠠᠭ᠋ᠠᠭᠰᠠᠨ ᠰᠠᠭᠤᠷᠢᠨ ᠳᠡᠭᠡᠷ᠎ᠡ᠂ ᠠᠮᠢᠳᠤᠷᠠᠯ ᠵᠢᠡᠨ ᠠᠷᠭ᠋ᠠᠴᠠᠭ᠋ᠠᠬᠤ ᠴᠢᠳᠠᠪᠤᠷᠢ ᠵᠢ᠎ᠨᠢ ᠦᠨᠡᠯᠡᠬᠦ ᠠᠵᠢᠯ᠎ᠢ ᠰᠠᠢ᠌ᠲᠤᠷ ᠬᠢᠵᠦ᠂ ᠲᠠᠬᠢᠨ ᠬᠢᠨᠠᠵᠦ ᠦᠨᠡᠯᠡᠬᠦ ᠠᠵᠢᠯ᠎ᠢ ᠴᠠᠭ ᠲᠤᠬᠠᠢᠳᠤᠨᠢ ᠵᠤᠬᠢᠶᠠᠨ ᠪᠠᠢ᠌ᠭᠤᠯᠬᠤ ᠪᠦᠭᠡᠳ ᠦᠨᠡᠯᠡᠯᠲᠡ ᠵᠢᠨ ᠳ᠋ᠦᠩ᠎ᠢ ᠦᠨᠳᠦᠰᠦᠯᠡᠨ ᠤᠨᠴᠠ ᠬᠦᠴᠢᠷᠳᠡᠯ᠎ᠲᠠᠢ ᠬᠦᠮᠦᠰ᠎ᠤᠨ ᠠᠮᠢᠳᠤᠷᠠᠯ ᠵᠢᠡᠨ ᠠᠷᠭ᠋ᠠᠴᠠᠭ᠋ᠠᠬᠤ ᠴᠢᠳᠠᠪᠤᠷᠢ᠎ᠳᠤ ᠲᠤᠬᠢᠷᠠᠭᠤᠯᠤᠯᠲᠠ ᠬᠢᠬᠦ ᠬᠡᠷᠡᠭᠲᠠᠢ; 《ᠲᠦᠷᠦᠯ ᠬᠤᠪᠢᠶᠠᠨ ᠪᠠᠷᠢᠮᠵᠢᠶ᠎ᠠ ᠲᠤᠭᠲᠠᠠᠭ᠋ᠠᠬᠤ᠂ ᠵᠦᠷᠢᠶ᠎ᠡ᠎ᠲᠠᠢ ᠦᠢ᠍ᠯᠡᠴᠢᠯᠡᠭᠡ ᠬᠢᠬᠦ》 ᠰᠡᠳᠭᠢᠴᠡ ᠶᠤᠰᠤᠭ᠋ᠠᠷ ᠤᠨᠴᠠ ᠬᠦᠴᠢᠷᠳᠡᠯ᠎ᠲᠠᠢ ᠬᠦᠮᠦᠰ᠎ᠢ ᠲᠤᠰᠠᠯᠠᠵᠦ ᠬᠠᠷᠠᠭ᠋ᠠᠯᠵᠠᠬᠤ ᠪᠠᠷᠢᠮᠵᠢᠶ᠎ᠠ ᠵᠢ ᠵᠦᠢ ᠵᠤᠬᠢᠰᠲᠠᠢ ᠲᠤᠭᠲᠠᠭ᠋ᠠᠨ ᠨᠠᠢ᠌ᠳᠠᠪᠤᠷᠢᠵᠢᠭᠤᠯᠵᠦ᠂ ᠲᠤᠰᠠᠯᠠᠵᠦ ᠬᠠᠷᠠᠭ᠋ᠠᠯᠵᠠᠬᠤ ᠵᠤᠭᠤᠰ ᠮᠦᠩᠭᠦ ᠵᠢ ᠴᠠᠭ ᠲᠤᠬᠠᠢᠳᠤᠨᠢ ᠲᠤᠭ᠎ᠠ ᠶᠤᠰᠤᠭ᠋ᠠᠷ ᠦᠭᠬᠦ ᠵᠢ ᠪᠠᠲᠤᠯᠠᠬᠤ ᠬᠡᠷᠡᠭᠲᠠᠢ ᠭᠡᠵᠦ ᠲᠤᠲᠤᠷᠬᠠᠢ ᠲᠤᠭᠲᠠᠭ᠋ᠠᠵᠠᠢ᠃
《ᠮᠡᠳᠡᠭᠳᠡᠯ》᠎ᠳᠤ ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠠᠵᠢᠯ᠎ᠢ ᠥᠷᠨᠢᠭᠦᠯᠦᠨ᠂ ᠰᠠᠯᠤᠩᠬᠢ ᠠᠰᠠᠷᠠᠨ ᠬᠠᠷᠠᠭ᠋ᠠᠯᠵᠠᠬᠤ ᠤᠨᠴᠠ ᠬᠦᠴᠢᠷᠳᠡᠯ᠎ᠲᠠᠢ ᠬᠦᠮᠦᠰ᠎ᠤᠨ ᠭᠡᠷ᠎ᠲᠤ ᠨᠢᠭᠡ ᠨᠢᠭᠡ᠎ᠪᠠᠷ ᠭᠦᠨᠵᠡᠭᠡᠢ᠌ᠷᠡᠵᠦ᠂ ᠲᠡᠳᠡᠨ᠎ᠤ ᠦᠨᠳᠦᠰᠦᠨ ᠪᠠᠢ᠌ᠳᠠᠯ ᠪᠤᠯᠤᠨ ᠲᠦᠪᠯᠡᠷᠡᠩᠭᠦᠢ ᠠᠰᠠᠷᠠᠨ ᠬᠠᠷᠠᠭ᠋ᠠᠯᠵᠠᠬᠤ ᠬᠦᠰᠡᠯ ᠰᠠᠨᠠᠭ᠎ᠠ ᠵᠢ ᠨᠢᠮᠪᠠᠢ ᠤᠢ᠌ᠯᠠᠭ᠋ᠠᠵᠦ᠂ ᠭᠠᠵᠠᠷ ᠤᠷᠤᠨ᠎ᠤ᠎ᠪᠠᠨ ᠬᠤᠲᠠ ᠬᠦᠳᠡᠭᠡ ᠵᠢᠨ ᠰᠠᠯᠤᠩᠬᠢ ᠠᠰᠠᠷᠠᠨ ᠬᠠᠷᠠᠭ᠋ᠠᠯᠵᠠᠵᠤ ᠪᠠᠢ᠌ᠬᠤ ᠤᠨᠴᠠ ᠬᠦᠴᠢᠷᠳᠡᠯ᠎ᠲᠠᠢ ᠬᠦᠮᠦᠰ (ᠠᠮᠢᠳᠤᠷᠠᠯ ᠵᠢᠡᠨ ᠪᠦᠷ ᠠᠷᠭ᠋ᠠᠴᠠᠭ᠋ᠠᠵᠦ ᠲᠡᠢ᠌ᠯᠬᠦ ᠪᠠ ᠬᠠᠭ᠋ᠠᠰ ᠠᠷᠭ᠋ᠠᠴᠠᠭ᠋ᠠᠵᠤ ᠳᠡᠢ᠌ᠯᠬᠦ ᠪᠤᠶᠤ ᠪᠦᠷᠢᠮᠤᠰᠤᠨ ᠠᠷᠭ᠋ᠠᠴᠠᠭ᠋ᠠᠵᠤ ᠳᠡᠢ᠌ᠯᠬᠦ ᠦᠭᠡᠢ ᠤᠨᠴᠠ ᠬᠦᠴᠢᠷᠳᠡᠯ᠎ᠲᠠᠢ ᠬᠦᠮᠦᠰ ᠪᠠᠭᠲᠠᠨ᠎ᠠ)᠎ᠤᠨ ᠲᠦᠪᠯᠡᠷᠡᠩᠭᠦᠢ ᠠᠰᠠᠷᠠᠨ ᠬᠠᠷᠠᠭ᠋ᠠᠯᠵᠠᠬᠤ ᠬᠡᠷᠡᠭᠴᠡᠭᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠰᠢᠬᠦ ᠬᠡᠷᠡᠭᠲᠠᠢ; ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠤᠳᠤᠬᠢ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠦᠢ᠍ᠯᠡᠴᠢᠯᠡᠭᠡᠨ᠎ᠤ ᠲᠦᠯᠦᠪᠯᠡᠭᠡ ᠵᠢ ᠰᠤᠳᠤᠯᠤᠨ ᠲᠤᠭᠲᠠᠭ᠋ᠠᠵᠦ᠂ ᠠ᠋ᠨᠡ ᠬᠣᠶᠠᠷ ᠵᠢᠯ᠎ᠤᠨ ᠬᠠᠷᠢᠶᠠᠨ᠎ᠤ᠎ᠪᠠᠨ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠬᠡᠪᠴᠢᠶᠡᠨ᠎ᠳᠤ᠎ᠬᠢ ᠠᠮᠢᠳᠤᠷᠠᠯ ᠵᠢᠡᠨ ᠪᠦᠷ ᠠᠷᠭ᠋ᠠᠴᠠᠭ᠋ᠠᠵᠦ ᠲᠡᠢ᠌ᠯᠬᠦ᠂ ᠬᠠᠭ᠋ᠠᠰ᠎ᠢ᠎ᠨᠢ ᠠᠷᠭ᠋ᠠᠴᠠᠭ᠋ᠠᠬᠤ ᠪᠠ ᠪᠦᠷᠢᠮᠤᠰᠤᠨ ᠠᠷᠭ᠋ᠠᠴᠠᠭ᠋ᠠᠵᠤ ᠳᠡᠢ᠌ᠯᠬᠦ ᠦᠭᠡᠢ ᠤᠨᠴᠠ ᠬᠦᠴᠢᠷᠳᠡᠯ᠎ᠲᠠᠢ ᠬᠦᠮᠦᠰ᠎ᠤᠨ ᠲᠤᠭ᠎ᠠ ᠪᠣᠯᠤᠨ ᠠᠮᠢᠳᠤᠷᠠᠯ ᠵᠢᠡᠨ ᠪᠦᠷᠢᠮᠤᠰᠤᠨ ᠠᠷᠭ᠋ᠠᠴᠠᠭ᠋ᠠᠵᠦ ᠲᠡᠢ᠌ᠯᠬᠦ ᠦᠭᠡᠢ ᠤᠨᠴᠠ ᠬᠦᠴᠢᠷᠳᠡᠯ᠎ᠲᠠᠢ ᠬᠦᠮᠦᠰ᠎ᠢ ᠠ᠋ᠨᠡ ᠵᠢᠯ᠎ᠳᠤ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠠ᠋ᠭᠦᠷᠭᠡ ᠵᠢᠴᠢ ᠬᠤᠯᠪᠤᠭᠳᠠᠯ ᠪᠦᠬᠦᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠪᠠᠲᠤᠯᠠᠬᠤ ᠠᠷᠭ᠎ᠠ ᠪᠠᠷᠢᠯ ᠵᠶ᠋ᠠᠨ ᠲᠤᠲᠤᠷᠬᠠᠢ ᠲᠤᠭᠲᠠᠭ᠋ᠠᠵᠦ᠂ 2020 ᠤᠨ᠎ᠤ ᠰᠡᠭᠦᠯᠴᠢ᠎ᠠᠴᠠ ᠠ᠋ᠮᠦᠨ᠎ᠡ ᠪᠦᠬᠦ ᠬᠤᠲᠠ ᠵᠢᠨ ᠠᠮᠢᠳᠤᠷᠠᠯ ᠵᠢᠡᠨ ᠠᠷᠭ᠋ᠠᠴᠠᠭ᠋ᠠᠬᠤ ᠴᠢᠳᠠᠪᠤᠷᠢ᠎ᠪᠠᠨ ᠪᠦᠷᠢᠮᠦᠰᠦᠨ ᠪᠤᠶᠤ ᠬᠠᠭ᠋ᠠᠰ ᠠᠯᠳᠠᠭᠰᠠᠨ ᠤᠨᠴᠠ ᠬᠦᠴᠢᠷᠳᠡᠯ᠎ᠲᠠᠢ ᠬᠦᠮᠦᠰ᠎ᠢ ᠲᠦᠪᠯᠡᠷᠡᠩᠭᠦᠢ ᠠᠰᠠᠷᠠᠵᠦ ᠬᠠᠷᠠᠭ᠋ᠠᠯᠵᠠᠬᠤ ᠨᠤᠷᠮ᠎ᠠ ᠵᠢ 50%᠎ᠳᠤ ᠬᠦᠷᠭᠡᠬᠦ ᠵᠢ ᠪᠠᠲᠤᠯᠠᠬᠤ ᠬᠡᠷᠡᠭᠲᠠᠢ ᠭᠡᠵᠦ ᠱᠠᠭ᠋ᠠᠠᠷᠳᠠᠵᠠᠢ᠃