ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠴᠠᠪ ᠬᠤᠲᠠ ᠶᠠᠳᠠᠭᠤ ᠬᠦᠴᠢᠷᠳᠡᠯ᠎ᠲᠠᠢ ᠮᠦᠴᠢ ᠵᠡᠮᠲᠡᠭ ᠬᠦᠮᠤᠨ᠎ᠢ ᠬᠠᠪᠰᠤᠷᠤᠨ ᠠ᠋ᠷᠡᠭᠦᠯᠵᠢᠭᠦᠯᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄ 2019-06-03

           

    5 ᠳ᠋ᠤᠭ᠋ᠠᠷ ᠰᠠᠷ᠎ᠠ ᠵᠢᠨ13᠎ᠤ ᠠ᠋ᠳᠦᠷ᠎ᠠᠴᠠ 22᠎ᠤᠨ ᠠ᠋ᠳᠦᠷ ᠪᠤᠯᠲᠠᠯ᠎ᠠ ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠥᠪᠤᠷ ᠮᠤᠩᠭᠤᠯ᠎ᠤᠨ ᠢᠷᠠᠭᠤ ᠠᠯᠳᠠᠷᠲᠦ ᠴᠡᠷᠢᠭ᠎ᠤᠨ ᠮᠦᠴᠢ ᠵᠡᠮᠳᠡᠭ ᠬᠦᠮᠦᠨ᠎ᠤ ᠠ᠋ᠷᠡᠭᠦᠯᠵᠢᠯ᠎ᠤᠨ ᠲᠥᠪ᠎ᠲᠠᠢ ᠬᠤᠯᠪᠤᠭ᠋ᠠᠯᠠᠨ᠂ ᠤᠷᠢᠳ ᠬᠣᠵᠢᠳ ᠪᠦᠬᠦ ᠬᠤᠲᠠ ᠵᠢᠨ 8 ᠣᠨᠴᠠ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ᠎ᠳᠤ ᠬᠦᠷᠴᠤ᠂ ᠶᠠᠳᠠᠭᠤ ᠬᠦᠴᠢᠷᠳᠡᠯ᠎ᠲᠠᠢ ᠮᠦᠴᠢ ᠵᠡᠮᠳᠡᠭ ᠬᠦᠮᠦᠰ᠎ᠲᠤ ᠦᠨ᠎ᠡ ᠲᠥᠯᠥᠪᠤᠷᠢ ᠦᠭᠡᠢ᠎ᠪᠠᠷ ᠬᠢᠮᠡᠯ ᠮᠦᠴᠢ ᠲᠠᠭ᠋ᠠᠷᠠᠭᠤᠯᠵᠦ ᠥᠭᠬᠦ ᠪᠠ ᠰᠤᠨᠤᠷ᠎ᠢ᠎ᠨᠢ ᠰᠢᠭᠰᠢᠨ ᠪᠠᠢ᠌ᠴᠠᠭ᠋ᠠᠬᠤ ᠠᠵᠢᠯ ᠥᠷᠨᠢᠭᠦᠯᠪᠡ᠃
    ᠤᠯᠠᠭ᠋ᠠᠨᠴᠠᠪ ᠬᠤᠲᠠ ᠵᠢᠨ ᠡᠯ᠎ᠡ ᠬᠤᠰᠢᠭᠤ ᠰᠢᠶᠠᠨ ᠬᠤᠲᠠ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠠ᠋ᠷᠦᠬᠡ᠂ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠠ᠋ᠷᠦᠬᠡ ᠪᠤᠯᠤᠨ ᠶᠠᠳᠠᠭᠤ ᠬᠦᠴᠢᠷᠳᠡᠯ᠎ᠤᠨ ᠵᠠᠬ᠎ᠠ ᠬᠢᠵᠠᠭ᠋ᠠᠷ᠎ᠤᠨ ᠠ᠋ᠷᠦᠬᠡ ᠵᠢᠨ ᠨᠥᠬᠦᠴᠡᠯ᠎ᠳᠤ ᠨᠡᠢ᠌ᠴᠡᠭᠰᠡᠨ 500 ᠭᠠᠷᠤᠢ ᠵᠡᠮᠳᠡᠭ ᠬᠦᠮᠦᠨ᠎ᠢ ᠢᠲᠡᠪᠬᠢᠲᠠᠢ ᠵᠤᠬᠢᠶᠠᠨ ᠪᠠᠢ᠌ᠭᠤᠯᠵᠦ ᠰᠢᠭᠰᠢᠨ ᠪᠠᠢ᠌ᠴᠠᠭ᠋ᠠᠪᠠ᠃ ᠰᠢᠭᠰᠢᠨ ᠪᠠᠢ᠌ᠴᠠᠭ᠋ᠠᠬᠤ ᠭᠠᠵᠠᠷ᠎ᠲᠤ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠠᠵᠢᠯᠲᠠᠨ ᠵᠡᠮᠳᠡᠭ ᠬᠦᠮᠦᠰ᠎ᠤᠨ ᠭᠡᠷᠡᠴᠢ ᠲᠡᠮᠳᠡᠭ᠎ᠢ᠎ᠨᠢ ᠬᠠᠪᠰᠤᠷᠴᠤ ᠪᠠᠭᠤᠯᠭ᠋ᠠᠨ᠂ ᠮᠡᠳᠡᠭᠡ ᠵᠠᠩᠭᠢ ᠵᠢᠨ ᠬᠦᠰᠦᠨᠦᠭ ᠲᠠᠭᠯᠠᠬᠤ ᠵᠢ᠎ᠨᠢ ᠵᠢᠭ᠋ᠠᠨ ᠵᠢᠯᠤᠭᠤᠳᠴᠤ᠂ ᠠ᠋ᠮᠴᠢᠯᠡᠭᠡᠨ᠎ᠤ ᠠᠩᠭᠢ ᠵᠢᠨ᠎ᠬᠢᠨ ᠵᠡᠮᠳᠡᠭ ᠬᠦᠮᠦᠰ᠎ᠲᠤ ᠨᠠᠷᠢᠨ ᠨᠢᠮᠪᠠᠢ ᠪᠠᠢ᠌ᠴᠠᠭ᠋ᠠᠯᠲᠠ ᠬᠢᠵᠦ᠂ ᠲᠤᠬᠠᠢ ᠵᠢᠨ ᠲᠠᠯᠠᠪᠤᠷ᠎ᠲᠤ᠎ᠨᠢ ᠬᠡᠮᠵᠢᠵᠦ ᠴᠣᠬᠤᠢ ᠵᠠᠭᠪᠤᠷ ᠵᠣᠬᠢᠶᠠᠨ᠂ ᠲᠡᠳᠡᠨ᠎ᠳᠤ ᠬᠢᠮᠡᠯ ᠮᠦᠴᠢ ᠬᠡᠷᠭᠯᠡᠬᠦ ᠠᠩᠬᠠᠷᠬᠤ ᠵᠦᠢ᠍ᠯ᠎ᠢ ᠰᠠᠨᠠᠭᠤᠯᠤᠨ᠎ᠠ᠃ ᠠ᠋ᠨᠡ ᠤᠳᠠᠭ᠎ᠠ ᠵᠢᠨ ᠰᠢᠭᠰᠢᠨ ᠪᠠᠢ᠌ᠴᠠᠭ᠋ᠠᠵᠦ ᠬᠡᠪ ᠦᠯᠢᠭᠡᠷ ᠠᠪᠬᠤ ᠠᠵᠢᠯ᠎ᠨᠢ ᠵᠡᠮᠳᠡᠭ ᠬᠦᠮᠦᠰ᠎ᠲᠤ ᠨᠡᠢ᠌ᠲᠡ 145 ᠰᠤᠨᠤᠷ ᠴᠢᠩᠭ᠋ᠠᠷᠠᠭᠤᠯᠤᠭᠴᠢ ᠲᠠᠭ᠋ᠠᠷᠠᠭᠤᠯᠤᠨ᠂ 5 ᠬᠦᠮᠦᠨ᠎ᠳᠤ ᠵᠠᠰᠠᠯ᠎ᠤᠨ ᠬᠡᠷᠡᠭᠯᠡᠭᠦᠷ᠎ᠤᠨ ᠬᠡᠪ᠂ 9 ᠬᠦᠮᠦᠨ᠎ᠳᠤ ᠬᠢᠮᠡᠯ ᠴᠡᠴᠡᠭᠡᠢ ᠵᠢᠨ ᠬᠡᠪ᠂ 137 ᠬᠦᠮᠦᠨ᠎ᠳᠤ ᠬᠢᠮᠡᠯ ᠮᠥᠴᠢ ᠵᠢᠨ ᠬᠡᠪ ᠠᠪᠴᠠᠢ᠃
    ᠠ᠋ᠨ᠋ᠨ ᠪᠣᠯ ᠦᠨᠡᠨᠬᠦ ᠵᠡᠮᠳᠡᠭ ᠬᠦᠮᠦᠰ᠎ᠲᠤ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠦᠨᠡᠨ ᠪᠤᠳᠠᠲᠦ ᠵᠢᠱ᠌ᠢᠶ᠎ᠡ ᠮᠥᠨ᠃ ᠶᠠᠳᠠᠭᠤ ᠬᠦᠴᠢᠷᠳᠡᠯ᠎ᠲᠠᠢ ᠵᠡᠮᠳᠡᠭ ᠬᠦᠮᠦᠰ᠎ᠤᠨ ᠠᠮᠢᠳᠤᠷᠠᠯ᠎ᠤᠨ ᠴᠢᠳᠠᠪᠤᠷᠢ ᠵᠢ ᠰᠡᠷᠭᠦᠭᠡᠬᠦ᠎ᠪᠠᠷ ᠪᠠᠷᠠᠬᠤ ᠦᠭᠡᠢ᠂ ᠨᠡᠩ ᠴᠤ᠌ ᠲᠡᠳᠡᠨ᠎ᠳᠤ ᠤᠶᠤᠨ ᠰᠠᠨᠠᠭ᠋ᠠᠨ᠎ᠤ ᠲᠠᠯ᠎ᠠ᠎ᠪᠠᠷ ᠵᠤᠷᠢᠬ᠍ᠵᠢᠭᠤᠯᠤᠯ ᠪᠣᠯᠬᠤ ᠶᠤᠮ᠃ ᠲᠡᠷᠡᠴᠢᠯᠡᠨ ᠶᠠᠳᠠᠭᠤ ᠬᠦᠴᠢᠷᠳᠡᠯ᠎ᠲᠠᠢ ᠵᠡᠮᠳᠡᠭ ᠬᠦᠮᠦᠰ᠎ᠤᠨ ᠪᠡᠶ᠎ᠡ᠎ᠪᠠᠨ ᠳᠠᠭ᠋ᠠᠭ᠋ᠠᠬᠤ ᠴᠢᠳᠠᠪᠤᠷᠢ ᠵᠢ ᠨᠡᠮᠡᠭᠳᠡᠭᠦᠯᠵᠦ᠂ ᠭᠡᠷ ᠪᠦᠯᠢ ᠵᠢᠨ ᠬᠢᠨᠢ ᠲᠠᠷᠤᠭ᠋ᠠᠰᠦ ᠵᠢ ᠬᠥᠩᠭᠡᠷᠡᠭᠦᠯᠦᠨ᠂ ᠠᠵᠦ ᠠᠮᠢᠳᠤᠷᠠᠯ᠎ᠤᠨ ᠴᠢᠨᠠᠷ ᠴᠢᠨᠰᠠᠭ᠎ᠠ ᠵᠢ ᠰᠠᠢ᠌ᠵᠢᠷᠠᠭᠤᠯᠵᠦ᠂ ᠠ᠋ᠷᠲᠡ ᠠ᠋ᠳᠤᠷ ᠶᠠᠳᠠᠭᠤ᠎ᠠᠴᠠ ᠠᠩᠭᠢᠵᠢᠷᠠᠬᠤ᠎ᠳᠤ᠎ᠨᠢ ᠪᠠᠲᠦ ᠪᠡᠬᠢ ᠰᠠᠭᠤᠷᠢ ᠲᠠᠯᠪᠢᠵᠦ ᠥᠭᠭᠦᠭᠰᠡᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠵᠠᠰᠠᠭ᠎ᠤᠨ ᠤᠷᠳᠤᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠢ ᠦᠷᠭᠦᠯᠵᠢᠯᠡᠨ ᠠ᠋ᠨᠳᠡᠯ ᠭᠡᠨᠡᠲᠡᠯ᠎ᠤᠨ ᠳᠠᠭ᠋ᠠᠳᠬᠠᠯ᠎ᠳᠤ ᠣᠷᠣᠭᠤᠯᠵᠤ ᠪᠣᠢ
ᠤᠯᠠᠭ᠋ᠠᠨᠬᠠᠬᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠳᠤ ᠣᠷᠣᠯᠴᠠᠭᠤᠯᠬᠤ ᠰᠠᠭᠤᠳᠠᠯ᠎ᠤᠨ ᠬᠤᠷᠠᠯ ᠬᠢᠪᠡ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠤᠷᠤᠭ ᠳᠠᠩᠰᠠᠯᠠᠯᠲᠠ ᠵᠢᠨ ᠶᠠᠭ᠋ᠠᠷᠠᠯᠲᠠᠢ ᠦᠶ᠎ᠡ ᠵᠢᠨ ᠠᠵᠢᠯ ᠵᠶ᠋ᠠᠨ ᠠᠮᠵᠢᠯᠲᠠ᠎ᠲᠠᠢ ᠪᠡᠶᠡᠯᠡᠭᠦᠯᠪᠡ
〈〈520〉〉 ᠠᠮᠠᠷᠠᠭᠴᠤᠤᠯ᠎ᠤᠨ ᠢᠷᠤᠭᠡᠯ ᠵᠶ᠋ᠠᠨ ᠬᠣᠯᠪᠣᠬᠤ ᠠ᠋ᠳᠤᠷ ᠠ᠋ᠨᠳᠡ ᠲᠡᠮᠲᠡᠭ ᠵᠶ᠋ᠠᠨ ᠠᠪᠴᠤ ᠶᠠᠭ᠋ᠠᠷᠠᠯᠳᠤᠨ᠎ᠠ
ᠬᠦᠬᠡᠬᠣᠲᠠ ᠵᠢᠨ ᠰᠢᠨ᠎ᠡ ᠬᠣᠲᠠ ᠲᠣᠭᠣᠷᠢᠭ 〈〈ᠲᠠᠪᠤᠨ ᠲᠠᠯ᠎ᠠ〉〉᠎ᠪᠠᠷ ᠨᠡᠢ᠌ᠬᠡᠮ᠎ᠤᠨ ᠳᠤᠰᠠᠯᠠᠮᠵᠢ ᠵᠢᠨ ᠠᠵᠢᠯ ᠵᠶ᠋ᠠᠨ ᠰᠢᠨ᠎ᠡ ᠨᠢᠭᠡᠨ ᠳᠡᠭᠲᠡᠷ᠎ᠲᠤ ᠭᠠᠷᠭ᠋ᠠᠬᠤ᠎ᠪᠠᠷ ᠴᠢᠷᠮᠠᠢ᠌ᠵᠤ ᠪᠣᠢ
 
            