5 ᠳ᠋ᠤᠭ᠋ᠠᠷ ᠰᠠᠷ᠎ᠠ ᠵᠢᠨ 21᠎ᠤ ᠠ᠋ᠳᠤᠷ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠭᠤᠯᠬᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠪᠠ᠃ ᠬᠤᠷᠠᠯ᠎ᠳᠤ 19 ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠂ ᠰᠠᠭᠤᠷᠢ ᠮᠦᠩᠭᠦᠨ᠎ᠤ ᠨᠡᠢ᠌ᠬᠡᠮᠯᠢᠭ᠂ ᠠᠵᠤ ᠠᠬᠤᠢ᠌ᠯᠠᠯᠲᠠᠨ᠎ᠤ ᠬᠤᠳᠠᠯᠳᠤᠭ᠋ᠠᠴᠢᠳ᠎ᠤᠨ ᠡᠪᠯᠡᠯ᠎ᠤᠨ ᠬᠠᠷᠢᠭᠤᠴᠠᠯᠭ᠋ᠠᠲᠠᠨ ᠣᠷᠣᠯᠴᠠᠵᠠᠢ᠃
ᠬᠤᠷᠠᠯ ᠳᠡᠭᠡᠷ᠎ᠡ ᠬᠤᠷᠠᠯ᠎ᠳᠤ ᠣᠷᠣᠯᠴᠠᠭᠰᠠᠨ ᠬᠣᠲᠠ ᠵᠢᠨ ᠬᠠᠷᠢᠶᠠᠨ᠎ᠤ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠳᠠᠭᠤ᠎ᠠᠴᠠ ᠠᠩᠬᠢᠵᠢᠷᠠᠭᠤᠯᠬᠣ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠵᠤ ᠪᠠᠢ᠌ᠭ᠎ᠠ ᠪᠠᠢ᠌ᠳᠠᠯ᠎ᠢ ᠰᠣᠨᠣᠰᠪᠠ᠃ ᠣᠷᠴᠢᠮ᠎ᠤᠨ ᠬᠣᠶᠠᠷ ᠵᠢᠯ ᠬᠣᠲᠠ ᠵᠢᠨ ᠬᠠᠷᠢᠶᠠᠨ᠎ᠤ ᠡᠯ᠎ᠡ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ᠎ᠨᠢ ᠦᠪᠡᠷ᠎ᠤᠨ ᠦᠢ᠍ᠯᠡᠳᠤᠯ ᠵᠶ᠋ᠠᠨ ᠢᠳᠡᠪᠬᠢᠲᠠᠢ ᠪᠠᠳᠠᠷᠠᠭᠤᠯᠤᠨ᠂ ᠤᠬᠠᠮᠰᠠᠷ᠎ᠠᠴᠠ᠎ᠪᠠᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠵᠤ᠂ ᠶᠠᠳᠠᠭᠤ ᠬᠦᠴᠢᠷᠲᠠᠯᠲᠠᠢ ᠶᠠᠬᠡ᠂ ᠳᠤᠮᠳᠠᠳᠤ᠂ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠳᠡᠮᠵᠢᠬᠦ᠂ ᠶᠠᠳᠠᠭᠤ ᠬᠦᠴᠢᠷᠲᠡᠯ᠎ᠲᠠᠢ ᠠ᠋ᠷᠤᠬᠡ ᠵᠢ ᠪᠣᠯᠭᠣᠭ᠋ᠠᠨ ᠲᠣᠬᠤᠨᠢᠭᠤᠯᠬᠤ᠂ ᠭᠠᠢ ᠭᠠᠮᠰᠢᠭ᠂ ᠡᠪᠡᠳᠴᠢᠨ᠎ᠠᠴᠠ ᠪᠣᠯᠤᠭ᠋ᠠᠳ ᠶᠠᠳᠠᠭᠤᠷᠠᠭᠰᠠᠨ ᠠ᠋ᠷᠤᠬᠡ ᠵᠢ ᠳᠤᠰᠠᠯᠠᠬᠤ᠎ᠳᠤ ᠨᠡᠢ᠌ᠲᠡ ᠪᠠᠷᠤᠭ 227 ᠲᠦᠮᠡ ᠢᠯᠡᠭᠦᠤ ᠵᠠᠷᠤᠴᠠᠭᠤᠯᠵᠠᠢ᠃ ᠤᠯᠠᠭ᠋ᠠᠨᠬᠠᠳᠠ ᠬᠣᠲᠠ ᠵᠢᠨ ᠪᠠ ᠰᠸ ᠪᠠ ᠪᠤᠶᠠᠨ᠎ᠤ ᠦᠢ᠍ᠯᠡᠰ᠎ᠤᠨ ᠰᠠᠭᠤᠷᠢ ᠮᠦᠩᠭᠦᠨ᠎ᠤ ᠨᠡᠢ᠌ᠬᠡᠮᠯᠢᠭ᠎ᠨᠢ ᠬᠠᠷᠠᠴᠢᠨ ᠬᠤᠰᠢᠭᠤᠨ᠎ᠤ ᠸᠠᠩ᠎ᠤᠨ ᠤᠷᠳᠤᠨ᠎ᠤ ᠮᠣᠩᠭᠣᠯ ᠦᠨᠳᠤᠰᠤᠲᠡᠨ᠎ᠤ ᠰᠤᠷᠭ᠋ᠠᠭᠤᠯᠢ ᠪᠠ ᠠᠷᠤ ᠬᠣᠷᠴᠢᠨ ᠬᠤᠰᠢᠭᠤᠨ᠎ᠤ ᠴᠢᠪᠠᠭ᠎ᠠ ᠪᠠᠯᠭ᠋ᠠᠰᠤᠨ᠎ᠤ ᠮᠣᠩᠭᠣᠯ ᠦᠳᠤᠰᠤᠲᠡᠨᠤ ᠳᠤᠷᠰᠢᠯᠲᠠ ᠵᠢᠨ ᠪᠠᠭ᠎ᠠ ᠰᠤᠷᠭ᠋ᠠᠭᠤᠯᠢ᠎ᠳᠤ ᠲᠤᠰ ᠪᠦᠷᠢ 6 ᠲᠦᠮᠡᠨ ᠲᠦᠭᠦᠷᠢᠭ ᠵᠣᠭᠣᠰᠤᠨ᠎ᠤ ᠨᠣᠮ ᠰᠤᠳᠤᠷ᠂ ᠪᠣᠭᠴᠤ᠂ ᠬᠢᠴᠢᠶᠡᠯ᠎ᠤᠨ ᠭᠠᠳᠠᠭᠤᠷ ᠦᠵᠡᠬᠦ ᠨᠣᠮ᠂ ᠰᠤᠶᠤᠯ᠎ᠤᠨ ᠬᠡᠷᠡᠭᠰᠡᠯ᠂ ᠲᠡᠮᠳᠡᠭᠯᠡᠯ᠎ᠤᠨ ᠳᠡᠪᠲᠡᠷ ᠵᠡᠷᠭᠡ ᠵᠢ 500 ᠢᠵᠢ ᠬᠦᠷᠭᠡᠨ ᠦᠭᠴᠤ᠂ ᠰᠤᠷᠤᠭᠴᠢ ᠪᠦᠷᠢ᠎ᠳᠤ ᠳᠤᠮᠳᠠᠴᠢ᠎ᠪᠠᠷ 133 ᠲᠦᠭᠦᠷᠢᠭ᠎ᠤᠨ ᠠ᠋ᠳ᠋ᠯᠡᠯ ᠬᠡᠷᠡᠭᠰᠡᠯ ᠨᠣᠭᠳᠡᠭ᠍ᠰᠠᠨ ᠪᠠᠢ᠌ᠪᠠ᠃ ᠤᠯᠠᠭ᠋ᠠᠨᠬᠠᠳᠠ ᠬᠣᠲᠠ ᠵᠢᠨ ᠹᠦᠵᠢᠶᠡᠨᠤ ᠬᠤᠳᠠᠯᠳᠤᠭ᠋ᠠᠴᠢᠳ᠎ᠤᠨ ᠡᠪᠯᠡᠯ᠎ᠨᠢ ᠣᠩᠨᠢᠭᠤᠳ ᠬᠤᠰᠢᠭᠤᠨ᠎ᠤ ᠮᠣ᠌ ᠱᠠᠨ ᠳ᠋ᠦᠩ ᠰᠢᠶᠠᠩ᠎ᠤᠨ ᠶᠢᠤ ᠹᠠᠩ ᠳᠤᠰᠬᠤᠨ᠎ᠤ 43 ᠶᠠᠳᠠᠭᠤ ᠬᠦᠴᠢᠷᠲᠡᠯ᠎ᠲᠠᠢ ᠠ᠋ᠷᠤᠬᠡ᠎ᠳᠤ ᠳᠤᠲᠤᠷᠭ᠎ᠠ᠂ ᠴᠠᠭ᠋ᠠᠨ ᠭᠤᠯᠢᠷ᠂ ᠢᠳᠡᠭᠡᠨ᠎ᠤ ᠳᠤᠰᠤ ᠵᠡᠷᠭᠡ ᠦᠨᠡᠨ᠎ᠢ ᠬᠣᠶᠠᠷ ᠲᠦᠮᠡ ᠢᠯᠡᠭᠦᠤ ᠵᠣᠭᠣᠰᠤᠨ᠎ᠤ ᠠ᠋ᠳ᠋ ᠪᠠᠷᠠᠭ᠎ᠠ᠎ᠪᠠᠷ ᠲᠣᠬᠣᠨᠢᠭᠤᠯᠤᠭᠰᠠᠨ ᠪᠠ ᠤᠯᠠᠭ᠋ᠠᠨᠬᠠᠳᠠ ᠬᠣᠲᠠ ᠵᠢᠨ ᠡᠯ᠎ᠡ ᠬᠣᠰᠢᠭᠤ ᠰᠢᠶᠠᠨ ᠲᠣᠭᠣᠷᠢᠭ᠎ᠤᠨ ᠰᠤᠷᠭ᠋ᠠᠭᠤᠯᠢ᠎ᠳᠤ ᠪᠠᠢ᠌ᠭ᠎ᠠ 35 ᠶᠠᠳᠠᠭᠤ ᠬᠦᠴᠢᠷᠲᠡᠯ᠎ᠲᠠᠢ ᠰᠤᠷᠤᠭᠴᠢᠳ᠎ᠲᠤ 10.5 ᠲᠦᠮᠡᠨ ᠲᠦᠭᠦᠷᠢᠭ ᠳᠤᠰᠠᠯᠠᠵᠤ᠂ ᠯᠢᠨᠰᠢ ᠰᠢᠶᠡᠨ᠎ᠤ ᠳ᠋ᠠ ᠶᠢᠩ ᠽᠢ ᠰᠢᠶᠠᠩ᠎ᠤᠨ ᠶᠤᠸᠠᠨ ᠮᠸᠩ ᠰᠢᠨ᠎ᠡ ᠳᠤᠰᠬᠤᠨ᠎ᠤ 30 ᠢᠯᠡᠭᠦᠤ ᠶᠠᠳᠠᠭᠤ ᠬᠦᠴᠢᠷᠲᠡᠯ᠎ᠲᠠᠢ ᠠ᠋ᠷᠤᠬᠡ᠎ᠳᠤ 1 ᠲᠦᠮᠡᠨ ᠲᠦᠭᠦᠷᠢᠭ ᠬᠠᠯᠠᠮᠵᠢᠯᠠᠨ ᠳᠤᠰᠠᠯᠠᠵᠠᠢ᠃
ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠡᠳ᠋ ᠳᠠᠷᠤᠭ᠎ᠠ ᠮᠸᠩ ᠢᠤᠢ᠎ᠠᠴᠠ ᠡᠯ᠎ᠡ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠨ ᠠᠮᠵᠢᠯᠲᠠ ᠪᠦᠳᠤᠮᠵᠢ ᠣᠯᠤᠭᠰᠠᠨ᠎ᠢ ᠭᠦᠢ᠍ᠴᠡᠳ ᠦᠨᠡᠯᠡᠨ ᠲᠠᠯᠠᠷᠬᠠᠪᠠ᠃ ᠲᠡᠷᠡ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠂ ᠲᠡᠷᠡᠴᠢᠯᠡᠨ ᠤᠬᠠᠮᠰᠠᠷᠠᠯᠠᠴᠠᠪᠠᠨ ᠢᠳᠡᠪᠬᠢᠲᠠᠢ᠎ᠪᠠᠷ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠬᠤ ᠪᠠ ᠬᠡᠷᠬᠢᠨ ᠤᠬᠠᠭᠤᠯᠬᠤ ᠠᠵᠢᠯ ᠵᠶ᠋ᠠᠨ ᠦᠷᠨᠢᠭᠦᠯᠬᠦ ᠵᠡᠷᠭᠡ ᠭᠤᠷᠪᠠᠨ ᠲᠠᠯ᠎ᠠ᠎ᠪᠠᠷ ᠳᠠᠢ᠌ᠴᠢᠯᠠᠠ ᠪᠠᠢ᠌ᠷᠢᠰᠢᠭᠤᠯᠪᠠ᠃
ᠳᠠᠷᠠᠭ᠋ᠠᠴᠢ᠎ᠪᠠᠷ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ᠎ᠬᠢᠨ ᠶᠠᠳᠠᠭᠤ ᠵᠢ ᠳᠡᠳᠬᠦᠬᠦ ᠠᠯᠪᠠᠨ ᠭᠡᠷ᠂ ᠠᠵᠤ ᠦᠢ᠍ᠯᠡᠳᠪᠤᠷᠢ ᠬᠤᠳᠠᠯᠳᠤᠭ᠋ᠠᠨ᠎ᠤ ᠬᠣᠯᠪᠣᠭ᠎ᠠ᠂ ᠲᠸᠯᠸᠢᠰ ᠬᠣᠷᠢᠶ᠎ᠠ᠎ᠲᠠᠢ ᠬᠠᠮᠲᠤᠷᠠᠨ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠣᠷᠣᠯᠴᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠬᠤ᠎ᠪᠠᠷ ᠪᠣᠢ᠃
