ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠤᠷᠤᠭ ᠳᠠᠩᠰᠠᠯᠠᠯᠲᠠ ᠵᠢᠨ ᠶᠠᠭ᠋ᠠᠷᠠᠯᠲᠠᠢ ᠦᠶ᠎ᠡ ᠵᠢᠨ ᠠᠵᠢᠯ ᠵᠶ᠋ᠠᠨ ᠠᠮᠵᠢᠯᠲᠠ᠎ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄ 2019-06-03

           

    5 ᠳ᠋ᠤᠭ᠋ᠠᠷ ᠰᠠᠷ᠎ᠠ ᠵᠢᠨ 20᠎ᠤ ᠠ᠋ᠳᠤᠷ᠎ᠠᠴᠠ 21᠎ᠤ ᠠ᠋ᠳᠤᠷ ᠪᠣᠯᠲᠠᠯ᠎ᠠ ᠮᠠᠨᠵᠤᠤᠷ ᠬᠣᠲᠠ ᠵᠢᠨ ᠤᠷᠤᠭ ᠲᠠᠩᠰᠠᠯᠠᠯᠲᠠ ᠵᠢᠨ ᠶᠡᠬᠡ ᠲᠠᠩᠬᠢᠮ᠎ᠳᠤ ᠤᠷᠤᠭ ᠪᠠᠷᠢᠯᠳᠤᠬᠤ ᠲᠠᠩᠰᠠᠯᠠᠯᠲᠠ ᠵᠢᠨ ᠭᠠᠷ ᠭᠦᠢ᠍ᠴᠡᠳᠬᠡᠯ ᠵᠶ᠋ᠠᠨ ᠬᠢᠬᠦ᠎ᠪᠠᠷ ᠢᠷᠡᠭᠰᠡᠨ ᠵᠠᠯᠠᠭᠤᠴᠤᠳ ᠳᠠᠰᠤᠷᠠᠯᠲᠠ ᠦᠭᠡᠢ ᠴᠣᠪᠣᠷᠠᠯᠳᠤᠨ᠎ᠠ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠤᠷᠤᠭ᠎ᠤᠨ ᠲᠠᠩᠰᠠᠯᠠᠯᠲᠠ ᠵᠢᠨ ᠭᠠᠵᠠᠷ ᠤᠷᠢᠳᠴᠢᠯᠠᠨ ᠤᠲᠠᠰᠤ᠎ᠪᠠᠷ ᠪᠣᠯᠵᠣᠬᠤ ᠠᠷᠭ᠎ᠠ ᠠᠪᠴᠤ᠂ ᠠ᠋ᠷᠲᠡ ᠠᠵᠢᠯ᠎ᠳᠤ᠎ᠪᠠᠨ ᠭᠠᠷᠴᠤ ᠣᠷᠣᠢ ᠠᠵᠢᠯ᠎ᠠᠴᠠ᠎ᠪᠠᠨ ᠪᠠᠭᠤᠨ᠂ ᠠᠵᠢᠯ᠎ᠤᠨ ᠴᠠᠭ ᠵᠶ᠋ᠠᠨ ᠤᠷᠲᠤᠳᠬᠠᠵᠤ᠂ ᠠᠯᠢ ᠪᠣᠯᠬᠤᠷ ᠤᠷᠤᠭ ᠪᠠᠷᠢᠯᠳᠤᠭᠰᠠᠳ᠎ᠤᠨ ᠬᠡᠷᠡᠭᠴᠡᠭᠡ ᠵᠢ ᠬᠠᠩᠭ᠋ᠠᠬᠤ᠎ᠪᠠᠷ ᠴᠢᠷᠮᠠᠢ᠌ᠭᠰᠠᠨ ᠪᠠᠢ᠌ᠨ᠎ᠠ᠃ ᠢᠩᠬᠢᠵᠤ ᠪᠦᠲᠤᠮᠵᠢᠲᠠᠢ ᠠᠷᠭ᠎ᠠ ᠠᠪᠴᠤ ᠴᠢᠷᠮᠠᠢ᠌ᠭᠰᠠᠨ ᠵᠶ᠋ᠠᠷ᠂ ᠤᠷᠤᠭ ᠪᠠᠷᠢᠯᠳᠤᠬᠤ ᠬᠦᠮᠤᠨ ᠬᠡᠳᠤᠢ᠌ᠪᠡᠷ ᠣᠯᠠᠨ ᠪᠠᠢ᠌ᠭᠰᠠᠨ ᠴᠤ᠌ ᠠ᠋ᠮᠬᠢ ᠵᠢᠷᠤᠮ᠎ᠲᠠᠢ ᠪᠠᠢ᠌ᠭᠰᠠᠨ᠎ᠠᠴᠠ ᠲᠠᠩᠰᠠᠯᠠᠯᠲᠠ ᠵᠢᠨ ᠠᠵᠢᠯ ᠵᠶ᠋ᠠᠨ ᠢᠯᠭᠤᠮ ᠤᠷᠤᠭᠰᠢᠲᠠᠢ ᠪᠡᠶᠡᠯᠡᠭᠦᠯᠤᠭ᠌ᠰᠡᠨ ᠪᠠᠢ᠌ᠨ᠎ᠠ᠃ ᠪᠦᠷᠢᠳᠬᠡᠯ᠎ᠳᠤ᠂ 5 ᠳ᠋ᠤᠭ᠋ᠠᠷ ᠰᠠᠷ᠎ᠠ ᠵᠢᠨ 20᠎ᠤ ᠠ᠋ᠳᠤᠷ᠎ᠠᠴᠠ 21᠎ᠤ ᠠ᠋ᠳᠤᠷ ᠪᠣᠯᠲᠠᠯ᠎ᠠ ᠨᠡᠢ᠌ᠲᠡ 126 ᠬᠣᠣᠰ ᠬᠦᠮᠤᠨ᠎ᠳᠤ ᠤᠷᠤᠭ ᠪᠠᠷᠢᠯᠳᠤᠬᠤ ᠲᠠᠩᠰᠠᠯᠠᠯᠲᠠ ᠵᠢᠨ ᠭᠠᠷ ᠭᠦᠢ᠍ᠴᠡᠳᠬᠡᠯ᠎ᠢ ᠬᠢᠭᠡᠳ᠂ ᠠ᠋ᠨᠡ᠎ᠨᠢ ᠶᠡᠷᠤ ᠵᠢᠨ ᠴᠠᠭ᠎ᠤᠨ 7 ᠳᠠᠬᠢᠨ ᠪᠣᠯᠪᠠ᠃  

ᠢᠷᠡᠯᠲᠡ᠄
          
ᠬᠠᠮᠢᠶ᠎ᠡ ᠪᠦᠬᠦᠢ ᠰᠣᠨᠢᠨ
〈〈520〉〉 ᠠᠮᠠᠷᠠᠭᠴᠤᠤᠯ᠎ᠤᠨ ᠢᠷᠤᠭᠡᠯ ᠵᠶ᠋ᠠᠨ ᠬᠣᠯᠪᠣᠬᠤ ᠠ᠋ᠳᠤᠷ ᠠ᠋ᠨᠳᠡ ᠲᠡᠮᠲᠡᠭ ᠵᠶ᠋ᠠᠨ ᠠᠪᠴᠤ ᠶᠠᠭ᠋ᠠᠷᠠᠯᠳᠤᠨ᠎ᠠ
ᠬᠦᠬᠡᠬᠣᠲᠠ ᠵᠢᠨ ᠰᠢᠨ᠎ᠡ ᠬᠣᠲᠠ ᠲᠣᠭᠣᠷᠢᠭ 〈〈ᠲᠠᠪᠤᠨ ᠲᠠᠯ᠎ᠠ〉〉᠎ᠪᠠᠷ ᠨᠡᠢ᠌ᠬᠡᠮ᠎ᠤᠨ ᠳᠤᠰᠠᠯᠠᠮᠵᠢ ᠵᠢᠨ ᠠᠵᠢᠯ ᠵᠶ᠋ᠠᠨ ᠰᠢᠨ᠎ᠡ ᠨᠢᠭᠡᠨ ᠳᠡᠭᠲᠡᠷ᠎ᠲᠤ ᠭᠠᠷᠭ᠋ᠠᠬᠤ᠎ᠪᠠᠷ ᠴᠢᠷᠮᠠᠢ᠌ᠵᠤ ᠪᠣᠢ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 〈〈ᠤᠷᠢᠬᠠᠨ ᠰᠠᠯᠬᠢ ᠵᠢᠨ ᠢᠯᠪᠢᠭᠡᠨ᠎ᠲᠠᠢ ᠠᠷᠠᠳ᠎ᠤᠨ ᠠᠮᠢᠳᠤᠷᠠᠯ〉〉 ᠬᠡᠮᠡᠬᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ ᠠ᠋ᠷᠬᠢᠯᠡᠪᠡ
ᠤᠯᠠᠭ᠋ᠠᠨᠬᠠᠳᠠ ᠬᠣᠲᠠ 〈〈ᠭᠡᠷ᠎ᠲᠤ᠎ᠪᠠᠨ ᠦᠯᠡᠳᠡᠭᠰᠡᠨ ᠬᠡᠤᠬᠡᠳ᠂ ᠦᠨᠣᠴᠢᠨ ᠵᠡᠮᠳᠡᠭ ᠬᠡᠤᠬᠡᠳ〉〉᠎ᠲᠤ ᠪᠤᠶᠠᠨ ᠦᠢ᠍ᠯᠡᠳᠬᠦ ᠦᠳᠡᠰᠢᠯᠡᠭᠡ ᠬᠢᠪᠡ
ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤ ᠣᠨᠴᠠ ᠬᠦᠴᠢᠷᠳᠡᠯ᠎ᠲᠠᠢ ᠠᠰᠠᠷᠠᠵᠤ ᠬᠠᠷᠠᠭ᠋ᠠᠯᠵᠠᠬᠤ ᠬᠦᠮᠤᠰ᠎ᠢ ᠨᠣᠲᠠᠯᠠᠨ ᠳᠣᠭᠲᠠᠭ᠋ᠠᠬᠤ ᠪᠠ ᠬᠠᠮᠢᠶᠠᠷᠬᠤ ᠠᠵᠢᠯ᠎ᠨᠢ Is09001᠎ᠪᠠᠷ ᠵᠦᠪᠰᠢᠶᠡᠷᠡᠭᠳᠡᠪᠡ
 
            