5 ᠳ᠋ᠤᠭ᠋ᠠᠷ ᠰᠠᠷ᠎ᠠ ᠵᠢᠨ 15᠎ᠤ ᠠ᠋ᠳᠤᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠸᠩ ᠶᠤᠸᠡᠢ ᠯᠸᠤ 2019 ᠣᠨ᠎ᠤ ᠨᠡᠢ᠍ᠮᠠᠳᠤᠭ᠋ᠠᠷ ᠤᠳᠠᠭ᠋ᠠᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠤᠳᠤᠷᠢᠳᠬᠤ ᠪᠠᠭ᠎ᠠ ᠳᠤᠭᠤᠢ᠌ᠯᠠᠩ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠰᠢ ᠵᠢᠨ ᠫᠢᠩ ᠶᠡᠷᠤᠩᠬᠡᠢ ᠱᠦᠵᠢ ᠵᠢᠨ 〈〈ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ〉〉 ᠳᠣᠪᠣᠢ᠌ᠮ᠎ᠠ ᠠᠰᠠᠭᠤᠳᠠᠯ᠎ᠢ ᠰᠢᠢ᠍ᠳᠪᠤᠷᠢᠯᠡᠬᠦ ᠰᠠᠭᠤᠳᠠᠯ᠎ᠤᠨ ᠬᠤᠷᠠᠯ ᠳᠡᠭᠡᠷᠡᠬᠢ ᠶᠠᠷᠢᠶ᠎ᠠ ᠪᠣᠯᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠠᠮᠵᠢᠯᠲᠠ ᠪᠦᠲᠤᠮᠵᠢ ᠵᠢ ᠰᠢᠯᠭ᠋ᠠᠨ ᠬᠢᠨᠠᠬᠤ ᠮᠤᠵᠢ ᠵᠢᠨ ᠬᠣᠭᠣᠷᠤᠨᠳᠤᠬᠢ ᠰᠣᠯᠪᠢᠴᠠᠭ᠋ᠠᠨᠤ ᠠᠵᠢᠯ᠎ᠤᠨ ᠠᠬᠢᠴᠠ ᠵᠢᠨ ᠳᠤᠬᠠᠢ ᠵᠠᠷᠯᠠᠯ᠎ᠢ ᠤᠯᠠᠮᠵᠢᠯᠠᠨ ᠰᠤᠷᠤᠯᠴᠠᠵᠤ᠂ ᠠᠷᠠᠳ᠎ᠤᠨ ᠶᠠᠪᠤᠳᠠᠯ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠳᠠᠷᠠᠭ᠋ᠠᠴᠢ ᠵᠢᠨ ᠠᠵᠢᠯ ᠵᠶ᠋ᠠᠨ ᠰᠤᠳᠤᠯᠤᠨ ᠪᠠᠢ᠌ᠷᠢᠯᠠᠭᠤᠯᠤᠭᠰᠠᠨ ᠪᠠᠢ᠌ᠨ᠎ᠠ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠤᠳᠤᠷᠢᠳᠬᠤ ᠪᠠᠭ᠎ᠠ ᠳᠤᠭᠤᠢ᠌ᠯᠠᠩ᠎ᠤᠨ ᠪᠦᠷᠢᠯᠳᠤᠭᠦᠨ ᠪᠣᠯᠤᠨ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠨᠦᠬᠦᠳ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠡᠯ᠎ᠡ ᠰᠠᠯᠠᠭ᠎ᠠ ᠮᠦᠴᠢᠷ ᠠ᠋ᠷᠬᠡᠪᠰᠢ ᠲᠣᠭ᠎ᠠ ᠪᠦᠷᠢᠳᠬᠡᠯ᠎ᠤᠨ ᠬᠠᠷᠢᠴᠠᠭᠤᠯᠤᠯ᠎ᠤᠨ ᠳᠣᠭᠲᠠᠯᠴᠠᠭ᠎ᠠ ᠵᠢ ᠪᠠᠢ᠌ᠭᠤᠯᠤᠨ ᠲᠡᠭᠦᠯᠲᠡᠷᠵᠢᠭᠦᠯᠵᠤ᠂ ᠮᠡᠳᠡᠭᠡ ᠵᠠᠩᠭᠢᠵᠢᠯᠲᠠ ᠵᠢᠨ ᠳᠠᠪᠴᠠᠩ ᠵᠶ᠋ᠠᠨ ᠠᠰᠢᠭᠯᠠᠨ ᠲᠣᠭ᠎ᠠ ᠪᠦᠷᠢᠳᠬᠡᠯ᠎ᠤᠨ ᠬᠠᠷᠢᠴᠠᠭᠤᠯᠤᠯ ᠬᠢᠬᠦ ᠬᠡᠷᠡᠭᠲᠠᠢ᠃ ᠲᠦᠷᠤ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠠᠮᠵᠢᠯᠲᠠ ᠪᠦᠲᠤᠮᠵᠢ ᠵᠢ ᠰᠢᠯᠭ᠋ᠠᠨ ᠬᠢᠨᠠᠬᠤ ᠮᠤᠵᠢ ᠵᠢᠨ ᠬᠣᠭᠣᠷᠤᠨᠳᠤᠬᠢ ᠰᠣᠯᠪᠢᠴᠠᠭᠤᠯᠤᠨ ᠰᠢᠯᠭ᠋ᠠᠨ ᠬᠢᠨᠠᠬᠤ ᠠᠵᠢᠯ᠎ᠳᠤ ᠳᠤᠷᠠᠳᠤᠭᠰᠠᠨ ᠭᠣᠣᠯᠳᠠᠯᠭ᠎ᠠ᠎ᠲᠠᠢ ᠭᠠᠵᠠᠷ ᠣᠷᠣᠨ᠎ᠳᠤ ᠠᠵᠢᠯ᠎ᠤᠨ ᠳᠤᠭᠤᠢ᠌ᠯᠠᠩ ᠲᠣᠮᠢᠯᠠᠵᠤ ᠳᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠣᠳᠣᠬᠠᠨ᠎ᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ᠎ᠲᠠᠢ ᠤᠶᠠᠯᠳᠤᠭᠤᠯᠤᠨ ᠨᠢᠭᠡ ᠵᠢ ᠠ᠋ᠷᠭᠦᠨ ᠭᠤᠷᠪᠠ ᠵᠢ ᠠ᠋ᠰᠡᠷᠭᠦᠴᠡᠵᠤ ᠵᠠᠰᠠᠨ ᠴᠡᠭᠴᠡᠯᠡᠬᠦ ᠠᠵᠢᠯ᠎ᠢ ᠦᠷᠨᠢᠭᠦᠯᠬᠦ ᠬᠡᠷᠡᠭᠲᠠᠢ ᠭᠡᠵᠤ ᠱᠠᠭ᠋ᠠᠷᠳᠠᠵᠠᠢ᠃ ᠬᠤᠷᠠᠯ᠎ᠠᠴᠠ ᠪᠠᠰᠠ ᠵᠡᠮᠲᠡᠭᠴᠤᠳ᠎ᠤᠨ 〈〈ᠬᠣᠶᠠᠷ ᠨᠦᠬᠦᠪᠤᠷᠢ〉〉 ᠵᠢᠨ ᠠᠵᠢᠯ᠎ᠨᠢ 〈〈ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ〉〉 ᠵᠢᠨ ᠪᠦᠬᠦᠨ᠎ᠢ ᠪᠠᠲᠤᠯᠠᠬᠤ ᠠᠵᠢᠯ᠎ᠲᠠᠢ ᠬᠠᠷᠢᠴᠠᠭ᠎ᠠ᠎ᠲᠠᠢ᠎ᠪᠠᠷ ᠦᠯᠤ ᠪᠠᠷᠠᠨ ᠶᠠᠳᠠᠭᠤ ᠵᠢ ᠳᠡᠳᠬᠦᠬᠦ ᠶᠡᠬᠡ ᠪᠠᠢ᠌ᠷᠢᠭᠤᠯᠤᠯᠲᠠ ᠳᠤᠮᠳᠠ ᠴᠢᠬᠤᠯᠨ ᠶᠡᠬᠡ ᠠᠴᠢ ᠬᠣᠯᠪᠣᠭᠳᠠᠯ᠎ᠲᠠᠢ ᠤᠴᠢᠷ᠎ᠠᠴᠠ ᠡᠯ᠎ᠡ ᠳᠤᠭᠤᠢ᠌ᠯᠠᠩ ᠠ᠋ᠷᠬᠡᠪᠰᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠤ᠂ ᠨᠠᠷᠢᠨ ᠬᠢᠨᠠᠮᠠᠭ᠋ᠠᠢ ᠣᠪᠣᠷ ᠵᠶ᠋ᠠᠷ ᠠᠵᠢᠯ ᠵᠶ᠋ᠠᠨ ᠰᠠᠢ᠌ᠲᠤᠷ ᠠᠳᠬᠤᠵᠤ ᠨᠠᠢ᠌ᠲᠠᠪᠤᠷᠢᠵᠢᠭᠤᠯᠬᠤ ᠬᠡᠷᠡᠭᠲᠠᠢ ᠭᠡᠵᠡᠢ᠃
ᠬᠤᠷᠠᠯ ᠳᠡᠭᠡᠷ᠎ᠡ ᠲᠦᠪ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠳᠤᠰᠬᠠᠢ ᠲᠣᠭᠣᠷᠢᠨ ᠪᠠᠢ᠌ᠴᠠᠭ᠋ᠠᠯᠳᠠ ᠵᠢᠨ ᠮᠤᠵᠢ᠎ᠤᠨ ᠬᠤᠭᠤᠷᠤᠨᠳᠤᠬᠢ ᠰᠣᠯᠪᠢᠴᠠᠭᠤᠯᠤᠨ ᠬᠢᠨᠠᠨ ᠪᠠᠢ᠌ᠴᠠᠭ᠋ᠠᠬᠤ ᠠᠵᠢᠯ᠎ᠤᠨ ᠠᠬᠢᠴᠠ ᠵᠢᠨ ᠪᠠᠢ᠌ᠳᠠᠯ᠎ᠢ ᠵᠠᠷᠯᠠᠨ ᠨᠡᠢ᠌ᠲᠡᠯᠡᠭᠰᠡᠨ ᠪᠦᠭᠡᠳ ᠶᠠᠳᠠᠭᠤ ᠵᠢ ᠳᠡᠳᠬᠦᠬᠦ ᠲᠦᠷᠤ ᠵᠢᠨ ᠪᠣᠳᠣᠯᠭ᠎ᠠ ᠵᠢ ᠴᠢᠩᠭ᠎ᠠ ᠨᠠᠢ᠌ᠲᠠᠪᠤᠷᠢᠵᠢᠭᠤᠯᠤᠨ᠂ ᠲᠦᠷᠤ ᠵᠢᠨ ᠪᠣᠳᠣᠯᠭ᠎ᠠ ᠵᠢᠨ ᠤᠬᠠᠭᠤᠯᠤᠯᠢ ᠭᠦᠴᠤ᠎ᠲᠠᠢ ᠠᠳᠬᠤᠵᠤ᠂ ᠬᠢᠨᠠᠯᠲᠠ ᠲᠠᠯᠪᠢᠨ ᠬᠠᠮᠢᠶᠠᠷᠬᠤ ᠳᠦᠷᠢᠮ ᠳᠤᠭᠲᠠᠭ᠋ᠠᠯᠢ ᠤᠯᠠᠮ ᠨᠢᠭᠡ ᠠᠯᠬᠤᠮ ᠲᠡᠭᠦᠯᠲᠡᠷᠵᠢᠭᠦᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠮᠡᠳᠡᠭᠡ ᠵᠠᠩᠬᠢ ᠳᠣᠭ᠎ᠠ ᠪᠦᠷᠢᠳᠬᠡᠯ ᠵᠶ᠋ᠠᠨ ᠬᠠᠷᠢᠴᠠᠭᠤᠯᠬᠤ ᠵᠢ ᠴᠢᠩᠭ᠋ᠠᠳᠬᠠᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠠ᠋ᠭᠦᠷᠭᠡ᠎ᠪᠠᠨ ᠪᠦᠬᠦ ᠲᠠᠯ᠎ᠠ᠎ᠪᠠᠷ᠂ ᠣᠨᠣᠴᠠᠲᠠᠢ᠎ᠪᠠᠷ᠂ ᠦᠨᠡᠨ ᠪᠣᠳᠠᠲᠠᠢ᠎ᠪᠠᠷ ᠪᠡᠶᠡᠯᠡᠭᠦᠯᠬᠦ ᠬᠡᠷᠡᠭᠲᠠᠢ ᠭᠡᠵᠤ ᠱᠠᠭ᠋ᠠᠷᠳᠠᠵᠠᠢ᠃