2019 ᠤᠨ᠎ᠠᠴᠠ ᠨᠠᠰᠢ ᠪᠤᠭᠤᠲᠦ ᠬᠤᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠦᠮᠦᠰ ᠪᠤᠯᠤᠨ ᠣᠨᠴᠠ ᠬᠦᠴᠢᠷᠳᠡᠯ᠎ᠲᠠᠢ ᠬᠦᠮᠦᠰ᠎ᠢ ᠨᠤᠲᠠᠯᠠᠨ ᠲᠤᠭᠲᠠᠭ᠋ᠠᠬᠤ᠂ ᠳᠦᠷᠢᠮᠵᠢᠯ᠎ᠲᠠᠢ᠎ᠪᠠᠷ ᠠ᠋ᠷᠭᠦᠳᠡᠯ ᠭᠠᠷᠭ᠋ᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠢᠯᠡ ᠨᠡᠢ᠌ᠲᠡᠯᠡᠬᠦ ᠶᠠᠪᠤᠴᠠ ᠵᠢ ᠴᠢᠩᠭ᠎ᠠ ᠵᠢᠷᠤᠮᠯᠠᠨ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠪᠠ ᠣᠨᠴᠠ ᠬᠦᠴᠢᠷᠳᠡᠯ᠎ᠲᠠᠢ ᠬᠦᠮᠦᠰ᠎ᠢ ᠲᠤᠰᠠᠯᠠᠬᠤ᠎ᠪᠠᠷ ᠭᠣᠣᠯ ᠪᠤᠯᠭ᠋ᠠᠵᠤ᠂ ᠡᠮ ᠠ᠋ᠮᠨᠡᠯᠭᠡ᠂ ᠰᠤᠷᠭ᠋ᠠᠨ ᠬᠦᠮᠦᠵᠢᠯ᠂ ᠤᠷᠤᠨ ᠰᠠᠭᠤᠴᠠ᠂ ᠲᠤᠯᠠᠭ᠋ᠠᠴᠠᠭᠤᠯᠭᠠ ᠪᠠ ᠠᠵᠢᠯ ᠣᠯᠭᠤᠯᠲᠠ᠎ᠳᠤ ᠳᠤᠰᠠᠯᠠᠬᠤ᠎ᠪᠠᠷ ᠬᠠᠪᠰᠤᠷᠤᠮᠵᠢ ᠪᠤᠯᠭ᠋ᠠᠨ᠂ ᠲᠦᠷ ᠴᠠᠭ᠎ᠤᠨ ᠪᠠ ᠪᠤᠶᠠᠨ᠎ᠤ ᠦᠢ᠍ᠯᠡᠰ᠎ᠤᠨ ᠳᠤᠰᠠᠯᠠᠮᠵᠢ᠎ᠪᠠᠷ ᠨᠦᠬᠦᠪᠤᠷᠢᠯᠡᠭᠦᠯᠵᠤ᠂ ᠡᠯ᠎ᠡ ᠵᠦᠢ᠍ᠯ᠎ᠤᠨ ᠬᠠᠷᠠᠭ᠋ᠠᠯᠵᠠᠯ᠎ᠲᠦ ᠲᠦᠷᠦ ᠵᠢᠨ ᠪᠣᠳᠣᠯᠭ᠎ᠠ ᠵᠢ ᠲᠦᠭᠦᠷᠵᠢᠭᠦᠯᠦᠭᠰᠡᠨ ᠨᠡᠢ᠌ᠭᠡᠮ᠎ᠤᠨ ᠳᠤᠰᠠᠯᠠᠮᠵᠢ ᠵᠢᠨ ᠲᠤᠭᠲᠠᠯᠴᠠᠭ᠎ᠠ ᠵᠢ ᠠᠯᠬᠤᠮ ᠠᠯᠬᠤᠮ ᠵᠢᠡᠷ ᠪᠦᠷᠢᠯᠳᠦᠭᠦᠯᠪᠡ᠃ ᠪᠦᠬᠦ ᠬᠤᠲᠠ᠎ᠳᠤ ᠨᠡᠢ᠌ᠲᠡ ᠬᠤᠲᠠ ᠪᠠᠯᠭ᠋ᠠᠰᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ 6786 ᠠ᠋ᠷᠦᠬᠡ ᠵᠢᠨ 11059 ᠬᠦᠮᠦᠨ᠎ᠳᠤ ᠪᠡᠯᠡ ᠮᠥᠩᠭᠦ 2326 ᠲᠦᠮᠡᠨ ᠲᠥᠭᠦᠷᠢᠭ ᠤᠯᠭᠤᠪᠡ; ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ 12832 ᠠ᠋ᠷᠦᠭᠡ ᠵᠢᠨ 21683 ᠬᠦᠮᠦᠨ᠎ᠳᠤ ᠪᠡᠯᠡ ᠮᠥᠩᠭᠦ 1834 ᠲᠦᠮᠡᠨ ᠲᠥᠭᠦᠷᠢᠭ ᠤᠯᠭᠤᠪᠠ; ᠰᠤᠶᠤᠯ᠎ᠤᠨ ᠬᠤᠪᠢᠰᠬᠠᠯ ᠳᠤᠮᠳᠠ ᠵᠡᠮᠲᠡᠭ ᠪᠣᠯᠭ᠋ᠠᠭᠰᠠᠨ 1051 ᠨᠡᠷ᠎ᠡ ᠰᠠᠭᠤᠭ᠋ᠠᠯᠢ ᠠᠷᠠᠳ᠂ ᠮᠠᠯᠴᠢᠨ᠂ ᠲᠠᠷᠢᠶᠠᠴᠢᠨ᠎ᠳᠤ 104 ᠲᠦᠮᠡᠨ ᠲᠦᠭᠦᠷᠢᠭ ᠲᠤᠰᠠᠯᠠᠵᠦ᠂ 20213 ᠨᠡᠷ᠎ᠡ ᠬᠦᠨᠳᠦ ᠵᠡᠮᠲᠡᠭᠴᠤᠳ᠎ᠤᠨ ᠠᠰᠠᠷᠠᠵᠦ ᠰᠤᠪᠢᠯᠠᠬᠤ ᠨᠥᠬᠦᠪᠤᠷᠢ᠎ᠳᠤ 202 ᠲᠦᠮᠡ ᠭᠠᠷᠤᠢ ᠲᠥᠭᠦᠷᠢᠭ ᠵᠠᠷᠤᠴᠠᠭᠤᠯᠵᠠᠢ᠃
ᠠ᠋ᠭᠦᠨ᠎ᠤ ᠬᠠᠮᠲᠦ ᠶᠠᠳᠠᠭᠤ ᠵᠢ ᠲᠡᠳᠭᠦᠬᠦ ᠰᠠᠯᠠᠭ᠎ᠠ ᠮᠥᠴᠢᠷ᠎ᠤᠨ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠠ᠋ᠷᠦᠭᠡ᠎ᠪᠠᠷ ᠰᠠᠭᠤᠷᠢ ᠪᠤᠯᠭ᠋ᠠᠵᠦ᠂ ᠨᠠᠷᠢᠨ ᠤᠨᠤᠴᠠᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠬᠠᠷᠠᠯᠲᠠ ᠪᠣᠯᠭ᠋ᠠᠨ᠂ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ 4443 ᠬᠦᠮᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠳᠤ ᠤᠷᠤᠭᠤᠯᠵᠦ᠂161 ᠨᠡᠷ᠎ᠡ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠬᠦᠮᠤᠰ᠎ᠢ ᠣᠨᠴᠠ ᠬᠦᠴᠢᠷᠳᠡᠭᠰᠡᠳ᠎ᠤᠨ ᠳᠤᠰᠠᠯᠠᠮᠵᠢ ᠵᠢᠨ ᠬᠡᠪᠴᠢᠶᠡᠨ᠎ᠳᠤ ᠣᠷᠣᠭᠤᠯᠵᠤ ᠠᠰᠠᠷᠠᠨ ᠬᠠᠷᠠᠭ᠋ᠠᠯᠵᠠᠬᠤ᠎ᠪᠠᠷ ᠪᠣᠯᠪᠠ᠃ ᠬᠥᠳᠡᠯᠦᠩᠭᠦᠢ ᠬᠠᠮᠢᠶᠠᠷᠤᠯᠲᠠ᠎ᠪᠠᠷ ᠲᠠᠮᠵᠢᠭᠤᠯᠤᠨ ᠨᠥᠬᠦᠴᠡᠯ᠎ᠳᠤ ᠨᠡᠢ᠌ᠴᠡᠭᠰᠡᠨ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠬᠦᠮᠦᠰ᠎ᠲᠤ 12 — 24 ᠰᠠᠷ᠎ᠠ ᠵᠢᠨ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ 〈〈ᠠᠭ᠋ᠠᠵᠢᠮ ᠵᠶ᠋ᠠᠷ ᠭᠠᠷᠬᠤ ᠬᠤᠭᠤᠴᠠᠭ᠎ᠠ〉〉 ᠵᠢᠨ ᠲᠦᠷᠤ ᠵᠢᠨ ᠪᠣᠳᠣᠯᠭ᠎ᠠ ᠵᠢ ᠭᠦᠷᠲᠡᠭᠡᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷᠤᠨᠬᠢᠨᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠪᠦᠬᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠳᠤ ᠣᠷᠣᠭᠤᠯᠬᠤ ᠦᠢ᠍ᠯᠡᠳᠤᠯ᠎ᠢ ᠪᠦᠲᠤᠮᠵᠢᠲᠠᠢ ᠪᠠᠳᠠᠷᠠᠭᠤᠯᠵᠤ ᠴᠢᠳᠠᠭᠰᠠᠨ ᠪᠠᠢ᠌ᠨ᠎ᠠ᠃