ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠹᠸᠩ ᠬᠤ᠌ ᠾᠧ ᠤᠯᠠᠭ᠋ᠠᠨᠴᠠᠪ ᠬᠤᠲᠠ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄ 2019-05-27


    5 ᠳ᠋ᠤᠭ᠋ᠠᠷ ᠰᠠᠷ᠎ᠠ ᠵᠢᠨ 16᠎ᠤ ᠠ᠋ᠳᠤᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠹᠸᠩ ᠬᠤ᠌ ᠾᠧ ᠠᠵᠢᠯᠲᠠᠨ ᠵᠶ᠋ᠠᠨ ᠳᠠᠭ᠋ᠠᠭᠤᠯᠤᠨ ᠤᠷᠢᠳ ᠬᠣᠵᠢᠳ ᠤᠯᠠᠭ᠋ᠠᠨᠴᠠᠪ ᠬᠤᠲᠠ ᠵᠢᠨ ᠴᠠᠬᠠᠷ ᠪᠠᠷᠠᠭᠤᠨ ᠠ᠋ᠮᠤᠨᠡᠲᠤ ᠬᠤᠰᠢᠭᠤ᠂ ᠴᠠᠬᠠᠷ ᠪᠠᠷᠠᠭᠤᠨ ᠳᠤᠮᠳᠠᠳᠤ ᠬᠤᠰᠢᠭᠤᠨ᠎ᠳᠤ ᠬᠦᠷᠴᠤ᠂ ᠭᠣᠣᠯᠳᠠᠭᠤ ᠴᠠᠬᠢᠯᠭ᠋ᠠᠨ᠎ᠤ ᠦᠨ᠎ᠡ ᠵᠢᠨ ᠨᠦᠬᠦᠪᠤᠷᠢ ᠮᠦᠩᠭᠦ ᠵᠢᠨ ᠦᠭᠴᠤ ᠪᠠᠢ᠌ᠭ᠎ᠠ ᠪᠠᠢ᠌ᠳᠠᠯ᠂ ᠳᠠᠩᠰᠡᠯᠠᠵᠤ ᠺᠠᠷᠲᠯᠠᠭᠰᠠᠨ ᠶᠠᠳᠠᠭᠤ ᠬᠦᠴᠢᠷᠳᠠᠯ᠎ᠲᠠᠢ ᠠ᠋ᠷᠤᠬᠡ ᠵᠢᠨ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠠᠴᠠ ᠠᠶᠠᠨᠳᠠᠭ᠋ᠠᠨ ᠭᠠᠷᠬᠤ ᠲᠦᠷᠤ ᠵᠢᠨ ᠪᠣᠳᠣᠯᠭ᠎ᠠ ᠵᠢᠨ ᠨᠠᠢ᠌ᠲᠠᠪᠤᠷᠢᠵᠢᠭᠤᠯᠵᠤ ᠪᠠᠢ᠌ᠭ᠎ᠠ ᠪᠠᠢ᠌ᠳᠠᠯ᠂ ᠶᠠᠳᠠᠭᠤ ᠵᠢ ᠠᠷᠢᠯᠭ᠋ᠠᠵᠤ ᠪᠠᠷᠢᠮᠵᠢᠶᠠᠨ᠎ᠳᠤ ᠬᠦᠷᠭᠡᠵᠤ ᠪᠠᠢ᠌ᠭ᠎ᠠ ᠪᠠᠢ᠌ᠳᠠᠯ᠂ ᠬᠦᠳᠡᠭᠡ ᠳᠤᠰᠬᠤᠨ᠎ᠤ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠳᠤᠰᠬᠠᠢ ᠴᠡᠭᠴᠡᠯᠡᠨ ᠵᠠᠰᠠᠯᠲᠠ ᠵᠢᠨ ᠪᠠᠢ᠌ᠳᠠᠯ᠂ ᠵᠡᠮᠲᠡᠭᠴᠤᠳ᠎ᠤᠨ 〈〈ᠬᠤᠶᠠᠷ ᠵᠤᠢ᠌ᠯ᠎ᠤᠨ ᠨᠦᠬᠦᠪᠤᠷᠢ〉〉 ᠵᠢ ᠣᠯᠭᠣᠨ ᠦᠭᠴᠤ ᠪᠠᠢ᠌ᠭ᠎ᠠ ᠪᠠᠢ᠌ᠳᠠᠯ ᠪᠣᠯᠤᠨ ᠣᠷᠣᠰᠢᠭᠤᠯᠭ᠎ᠠ ᠵᠢᠨ ᠦᠭᠡᠷᠡᠴᠢᠯᠡᠯᠲᠡ ᠵᠢᠨ ᠠᠵᠢᠯ᠎ᠤᠨ ᠠᠬᠢᠴᠠ ᠵᠢᠨ ᠪᠠᠢ᠌ᠳᠠᠯ᠎ᠢ ᠦᠢ᠍ᠯᠠᠭ᠋ᠠᠵᠤ ᠪᠠᠢ᠌ᠴᠠᠭ᠋ᠠᠨ ᠰᠤᠳᠤᠯᠤᠯᠲᠠ ᠬᠢᠭᠰᠡᠨ ᠪᠠᠢ᠌ᠨ᠎ᠠ᠃
    ᠪᠠᠢ᠌ᠴᠠᠭ᠋ᠠᠨ ᠰᠤᠳᠤᠯᠤᠯᠲᠠ ᠳᠤᠮᠳᠠ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠴᠠᠭ ᠳᠠᠷᠤᠢ᠎ᠳᠤᠨᠢ ᠰᠤᠭᠤᠴᠢᠨ ᠪᠠᠢ᠌ᠴᠠᠭ᠋ᠠᠬᠤ᠂ ᠪᠣᠳᠠᠲᠠᠢ ᠭᠠᠵᠠᠷ᠎ᠲᠤᠨᠢ ᠣᠴᠢᠵᠤ ᠰᠣᠷᠪᠣᠯᠵᠢᠯᠠᠬᠤ᠂ ᠣᠯᠠᠨ ᠲᠦᠮᠡᠨ᠎ᠠᠴᠠ ᠠᠰᠠᠭᠤᠵᠤ ᠦᠢ᠍ᠯᠠᠭ᠋ᠠᠬᠤ ᠵᠡᠷᠭᠡ ᠵᠢᠨ ᠠᠷᠭ᠎ᠠ ᠪᠠᠷᠢᠯ ᠵᠶ᠋ᠠᠷ ᠴᠠᠬᠠᠷ ᠪᠠᠷᠠᠭᠤᠨ ᠭᠠᠷᠤᠨ ᠠ᠋ᠮᠤᠨᠡᠲᠤ ᠬᠤᠰᠢᠭᠤᠨ᠎ᠤ ᠰᠠᠨ ᠴᠠ ᠺᠸᠤ ᠰᠢᠶᠠᠩ ᠪᠣᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠬᠡᠢ᠌ᠪᠤᠷ ᠪᠠᠯᠭ᠋ᠠᠰᠤ᠂ ᠤᠰᠤᠲᠤ ᠪᠠᠯᠭ᠋ᠠᠰᠤ ᠵᠢᠨ ᠲᠠᠷᠢᠶᠠᠴᠢᠨ ᠠᠢ᠌ᠯ᠎ᠤᠳ ᠵᠶ᠋ᠠᠷ ᠬᠦᠷᠴᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠳᠤᠬᠠᠢ ᠵᠢᠨ ᠭᠠᠵᠠᠷ᠎ᠤᠨ ᠺᠠᠳ᠋ᠷ ᠣᠯᠠᠨ ᠲᠦᠮᠡᠨ᠎ᠳᠤ ᠨᠠᠮ᠎ᠤᠨ ᠬᠠᠮᠢᠶ᠎ᠠ ᠪᠦᠬᠦᠢ ᠴᠢᠭᠯᠡᠯᠲᠡ ᠲᠦᠷᠤ ᠵᠢᠨ ᠪᠣᠳᠤᠯᠭ᠎ᠠ ᠵᠢ ᠤᠬᠠᠭᠤᠯᠤᠨ᠂ ᠳᠦᠭᠦᠮ ᠠᠪᠰᠠᠷᠬᠠᠨ ᠬᠡᠯᠡ ᠬᠡᠯᠡᠯᠭᠡ᠎ᠪᠠᠷ ᠰᠢ ᠵᠢᠨ ᠫᠢᠩ ᠶᠡᠷᠤᠩᠬᠡᠢ ᠱᠦᠵᠢ᠂ ᠯᠢ ᠺᠧ ᠴᠢᠶᠠᠩ ᠶᠡᠷᠤᠩᠬᠡᠢ ᠰᠠᠢ᠌ᠳ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠠᠷᠪᠠᠨ ᠳᠦᠷᠪᠡᠳᠤᠭᠡᠷ ᠤᠳᠠᠭ᠋ᠠᠨ᠎ᠤ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠭᠰᠠᠨ ᠪᠠᠢ᠌ᠨ᠎ᠠ᠃
    ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠰᠠ ᠴᠠᠬᠠᠷ ᠪᠠᠷᠠᠭᠤᠨ ᠭᠠᠷᠤᠨ ᠠ᠋ᠮᠤᠨᠡᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠣᠷᠣᠰᠢᠭᠤᠯᠭ᠎ᠠ ᠵᠢᠨ ᠭᠠᠵᠠᠷ᠎ᠤᠳ ᠵᠶ᠋ᠠᠷ ᠣᠴᠢᠵᠤ ᠪᠠᠢ᠌ᠴᠠᠭ᠋ᠠᠨ ᠦᠵᠡᠵᠡᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ ᠨᠡᠢ᠌ᠬᠡᠮ᠎ᠤᠨ ᠳᠤᠰᠠᠯᠠᠮᠵᠢ ᠵᠢᠨ ᠮᠡᠳᠡᠭᠡ ᠵᠠᠩᠭᠢᠵᠢᠯᠲᠠ ᠵᠢᠨ ᠪᠣᠯᠪᠠᠰᠤᠷᠠᠯ᠎ᠤᠨ ᠠᠩᠬᠢ ᠠ᠋ᠷᠬᠢᠯᠡᠪᠡ
ᠬᠥᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ ᠲᠤᠰᠬᠠᠢ ᠮᠡᠷᠭᠡᠵᠢᠯᠲᠡᠳ᠎ᠤᠨ ᠵᠢᠱ᠌ᠢᠨ ᠦᠨᠡᠯᠡᠬᠦ ᠲᠤᠭᠤᠢ᠌ᠯᠠᠩ᠎ᠤᠨ ᠰᠢᠯᠭ᠋ᠠᠨ ᠠᠪᠬᠤ ᠰᠢᠯᠭ᠋ᠠᠯᠲᠠ᠎ᠳᠤ ᠬᠢᠷᠢ ᠲᠡᠩᠴᠡᠪᠡ
ᠪᠤᠭᠤᠲᠦ ᠬᠤᠲᠠ ᠨᠡᠢ᠌ᠬᠡᠮ᠎ᠤᠨ ᠳᠤᠰᠠᠯᠠᠮᠵᠢ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠤᠨ ᠠᠷᠠᠳ᠎ᠤᠨ ᠠᠮᠢᠳᠤᠷᠠᠯ᠎ᠤᠨ ᠪᠠᠲᠤᠯᠠᠭ᠋ᠠᠨ᠎ᠤ ᠲᠣᠣᠷ᠎ᠢ ᠨᠢᠭᠲᠠ ᠰᠦᠯᠵᠢᠵᠤ ᠪᠣᠢ
ᠤᠯᠠᠭ᠋ᠠᠨᠴᠠᠪ ᠬᠤᠲᠠ ᠶᠠᠳᠠᠭᠤ ᠬᠦᠴᠢᠷᠳᠡᠯ᠎ᠲᠠᠢ ᠮᠦᠴᠢ ᠵᠡᠮᠲᠡᠭ ᠬᠦᠮᠤᠨ᠎ᠢ ᠬᠠᠪᠰᠤᠷᠤᠨ ᠠ᠋ᠷᠡᠭᠦᠯᠵᠢᠭᠦᠯᠬᠦ ᠠᠵᠢᠯ ᠥᠷᠨᠢᠭᠦᠯᠪᠡ
ᠠᠯᠠᠱ᠌ᠠ ᠠᠢ᠌ᠮᠠᠭ᠎ᠤᠨ ᠵᠠᠰᠠᠭ᠎ᠤᠨ ᠤᠷᠳᠤᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠢ ᠦᠷᠭᠦᠯᠵᠢᠯᠡᠨ ᠠ᠋ᠨᠳᠡᠯ ᠭᠡᠨᠡᠲᠡᠯ᠎ᠤᠨ ᠳᠠᠭ᠋ᠠᠳᠬᠠᠯ᠎ᠳᠤ ᠣᠷᠣᠭᠤᠯᠵᠤ ᠪᠣᠢ
 
            