ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠬᠥᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ ᠲᠤᠰᠬᠠᠢ ᠮᠡᠷᠭᠡᠵᠢᠯᠲᠡᠳ᠎ᠤᠨ ᠵᠢᠱ᠌ᠢᠨ ᠦᠨᠡᠯᠡᠬᠦ ᠲᠤᠭᠤᠢ᠌ᠯᠠᠩ᠎ᠤᠨ ᠰᠢᠯᠭ᠋ᠠᠨ ᠠᠪᠬᠤ ᠰᠢᠯᠭ᠋ᠠᠯᠲᠠ᠎ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄ 2019-05-20

         


    2016 ᠤᠨ᠎ᠠᠴᠠ ᠨᠠᠰᠢ ᠬᠥᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠵᠥᠪᠯᠡᠯ᠎ᠤᠨ 《ᠨᠡᠢ᠌ᠭᠡᠮ᠎ᠤᠨ ᠬᠠᠮᠢᠶᠠᠷᠤᠯᠲᠠ ᠪᠤᠯᠤᠨ ᠤᠯᠠᠨ ᠨᠡᠢ᠌ᠲᠡ ᠵᠢᠨ ᠦᠢ᠍ᠯᠡᠴᠢᠯᠡᠭᠡ ᠵᠢ ᠪᠠᠷᠢᠮᠵᠢᠶᠡᠵᠢᠭᠤᠯᠬᠤ ᠲᠤᠷᠰᠢᠯᠲᠠ ᠵᠢ ᠬᠡᠷᠡᠭᠵᠢᠭᠦᠯᠬᠦ ᠨᠠᠷᠢᠨ ᠳᠦᠷᠢᠮ》 ᠪᠤᠯᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠪᠠᠢ᠌ᠭᠤᠯᠤᠯᠲᠠ ᠵᠢᠨ ᠱᠠᠭ᠋ᠠᠷᠳᠠᠯᠭ᠎ᠠ᠎ᠪᠠᠷ ᠶᠡᠷᠦᠩᠬᠡᠢ ᠠᠳᠬᠤᠭᠤᠷ ᠪᠤᠯᠭ᠋ᠠᠵᠦ᠂ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠦ᠂ ᠨᠠᠢ᠌ᠳᠠᠪᠤᠷᠢᠵᠢᠭᠤᠯᠬᠤ ᠠᠵᠢᠯ᠎ᠢ ᠬᠦᠴᠦᠲᠠᠢ ᠠᠳᠬᠤᠵᠦ᠂ ᠠᠰᠠᠷᠠᠮᠵᠢ ᠵᠢᠨ ᠬᠦᠷᠢᠶᠡᠯᠡᠩ᠎ᠤᠨ ᠪᠠᠷᠢᠮᠵᠢᠶᠠᠵᠢᠭᠤᠯᠤᠯᠲᠠ ᠵᠢᠨ ᠴᠢᠭᠯᠡᠯᠲᠡ᠂ ᠬᠠᠷᠠᠯᠲᠠ ᠵᠢ ᠪᠡᠶᠡᠯᠡᠭᠦᠯᠵᠦ᠂ ᠦᠢ᠍ᠯᠡᠴᠢᠯᠡᠭᠡ ᠬᠠᠩᠭ᠋ᠠᠬᠤ ᠪᠠᠷᠢᠮᠵᠢᠶ᠎ᠠ᠂ ᠦᠢ᠍ᠯᠡᠴᠢᠯᠡᠭᠡ ᠵᠢᠨ ᠪᠠᠲᠤᠯᠠᠭ᠎ᠠ ᠵᠢᠨ ᠪᠠᠷᠢᠮᠵᠢᠶ᠎ᠠ᠂ ᠠᠵᠢᠯ᠎ᠤᠨ ᠪᠠᠢ᠌ᠷᠢ ᠵᠢᠨ ᠠᠵᠢᠯ᠎ᠤᠨ ᠪᠠᠷᠢᠮᠵᠢᠶ᠎ᠠ ᠵᠡᠷᠭᠡ 4 ᠲᠤᠭᠲᠠᠯᠴᠠᠭ᠎ᠠ ᠵᠢ ᠪᠠᠢ᠌ᠭᠤᠯᠵᠦ᠂ ᠪᠦᠬᠦᠢ᠌ᠯᠡ ᠲᠤᠭᠲᠠᠯᠴᠠᠭ᠎ᠠ ᠵᠢ 3 ᠲᠡᠰ ᠲᠠᠪᠬᠤᠷᠭ᠎ᠠ ᠬᠤᠪᠢᠶᠠᠵᠦ᠂ 4 ᠪᠠᠷᠢᠮᠵᠢᠶ᠎ᠠ ᠵᠢ ᠲᠤᠭᠲᠠᠯᠴᠠᠭ᠎ᠠ ᠬᠤᠪᠢᠶᠠᠵᠦ᠂ ᠨᠡᠢ᠌ᠲᠡ 268 ᠵᠦᠢ᠍ᠯ᠎ᠤᠨ ᠪᠠᠷᠢᠮᠵᠢᠶ᠎ᠠ ᠭᠠᠷᠭ᠋ᠠᠪᠠ᠃
    ᠦᠢ᠍ᠯᠡᠴᠢᠯᠡᠭᠡ ᠵᠢᠨ ᠪᠠᠷᠢᠮᠵᠢᠶᠠᠵᠢᠭᠤᠯᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠪᠠᠷ ᠲᠠᠮᠵᠢᠭᠤᠯᠤᠨ᠂ ᠬᠦᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠯ᠎ᠡ ᠵᠦᠢ᠍ᠯ᠎ᠤᠨ ᠠᠵᠢᠯ ᠪᠦᠷ ᠲᠤᠩ ᠰᠠᠢ᠌ᠨ ᠦᠷ᠎ᠡ ᠪᠦᠲᠦᠮᠵᠢ ᠣᠯᠵᠦ᠂ ᠦᠢ᠍ᠯᠡᠴᠢᠯᠡᠭᠡ ᠬᠦᠷᠲᠡᠭᠰᠡᠳ ᠪᠤᠯᠤᠨ ᠭᠡᠷ ᠪᠦᠯᠢ ᠵᠢᠨ ᠬᠠᠨᠤᠮᠵᠢ ᠵᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃
    2018 ᠤᠨ᠎ᠤ 9 ᠳ᠋ᠤᠭᠡᠷ ᠰᠠᠷ᠎ᠠ ᠵᠢᠨ 4᠎ᠤ ᠠ᠋ᠳᠦᠷ ᠬᠥᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ ᠤᠯᠤᠰ᠎ᠤᠨ ᠲᠡᠰ᠎ᠤᠨ ᠨᠡᠢ᠌ᠭᠡᠮ᠎ᠤᠨ ᠬᠠᠮᠢᠶᠠᠷᠤᠯᠲᠠ ᠪᠤᠯᠤᠨ ᠤᠯᠠᠨ ᠨᠡᠢ᠌ᠲᠡ ᠵᠢᠨ ᠦᠢ᠍ᠯᠡᠴᠢᠯᠡᠭᠡ ᠵᠢᠨ ᠪᠠᠷᠢᠮᠵᠢᠶᠠᠵᠢᠯᠲᠠ ᠵᠢᠨ ᠲᠤᠰᠬᠠᠢ ᠮᠡᠷᠭᠡᠵᠢᠯᠲᠡᠳ᠎ᠤᠨ ᠵᠢᠱ᠌ᠢᠨ ᠦᠨᠡᠯᠡᠬᠦ ᠲᠤᠭᠤᠢ᠌ᠯᠠᠩ᠎ᠤᠨ ᠰᠢᠯᠭ᠋ᠠᠨ ᠠᠪᠬᠤ ᠰᠢᠯᠭ᠋ᠠᠯᠲᠠ ᠵᠢ ᠬᠦᠯᠢᠶᠡᠨ ᠠᠪᠤᠪᠠ᠃ ᠤᠢ᠌ᠷ᠎ᠠ ᠵᠢᠨ ᠠ᠋ᠳᠦᠷ ᠬᠦᠬᠡᠬᠤᠲᠠ ᠵᠢᠨ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠤᠯᠤᠰ᠎ᠤᠨ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶᠠᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠠᠯ᠎ᠢ ᠲᠠᠮᠵᠢᠭᠤᠯᠤᠨ ᠲᠠᠷᠬᠠᠭ᠋ᠠᠪᠠ᠂ ᠠ᠋ᠭᠦᠨ᠎ᠳᠤ ᠬᠥᠬᠡᠬᠤᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠤᠯᠤᠰ᠎ᠤᠨ ᠲᠡᠰ᠎ᠤᠨ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠲᠤᠷᠰᠢᠯᠲᠠ ᠵᠢᠨ ᠠᠵᠢᠯ ᠰᠢᠯᠭ᠋ᠠᠨ ᠠᠪᠬᠤ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠨ᠎ᠠ᠃



ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠲᠦ ᠬᠤᠲᠠ ᠨᠡᠢ᠌ᠬᠡᠮ᠎ᠤᠨ ᠳᠤᠰᠠᠯᠠᠮᠵᠢ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠤᠨ ᠠᠷᠠᠳ᠎ᠤᠨ ᠠᠮᠢᠳᠤᠷᠠᠯ᠎ᠤᠨ ᠪᠠᠲᠤᠯᠠᠭ᠋ᠠᠨ᠎ᠤ ᠲᠣᠣᠷ᠎ᠢ ᠨᠢᠭᠲᠠ ᠰᠦᠯᠵᠢᠵᠤ ᠪᠣᠢ
ᠤᠯᠠᠭ᠋ᠠᠨᠴᠠᠪ ᠬᠤᠲᠠ ᠶᠠᠳᠠᠭᠤ ᠬᠦᠴᠢᠷᠳᠡᠯ᠎ᠲᠠᠢ ᠮᠦᠴᠢ ᠵᠡᠮᠲᠡᠭ ᠬᠦᠮᠤᠨ᠎ᠢ ᠬᠠᠪᠰᠤᠷᠤᠨ ᠠ᠋ᠷᠡᠭᠦᠯᠵᠢᠭᠦᠯᠬᠦ ᠠᠵᠢᠯ ᠥᠷᠨᠢᠭᠦᠯᠪᠡ
ᠠᠯᠠᠱ᠌ᠠ ᠠᠢ᠌ᠮᠠᠭ᠎ᠤᠨ ᠵᠠᠰᠠᠭ᠎ᠤᠨ ᠤᠷᠳᠤᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠢ ᠦᠷᠭᠦᠯᠵᠢᠯᠡᠨ ᠠ᠋ᠨᠳᠡᠯ ᠭᠡᠨᠡᠲᠡᠯ᠎ᠤᠨ ᠳᠠᠭ᠋ᠠᠳᠬᠠᠯ᠎ᠳᠤ ᠣᠷᠣᠭᠤᠯᠵᠤ ᠪᠣᠢ
ᠤᠯᠠᠭ᠋ᠠᠨᠬᠠᠬᠳᠠ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠳᠤ ᠣᠷᠣᠯᠴᠠᠭᠤᠯᠬᠤ ᠰᠠᠭᠤᠳᠠᠯ᠎ᠤᠨ ᠬᠤᠷᠠᠯ ᠬᠢᠪᠡ
ᠮᠠᠨᠵᠤᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠤᠷᠤᠭ ᠳᠠᠩᠰᠠᠯᠠᠯᠲᠠ ᠵᠢᠨ ᠶᠠᠭ᠋ᠠᠷᠠᠯᠲᠠᠢ ᠦᠶ᠎ᠡ ᠵᠢᠨ ᠠᠵᠢᠯ ᠵᠶ᠋ᠠᠨ ᠠᠮᠵᠢᠯᠲᠠ᠎ᠲᠠᠢ ᠪᠡᠶᠡᠯᠡᠭᠦᠯᠪᠡ
 
            