ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠪᠦᠬᠦ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠤ ᠳᠤᠬᠠᠢ ᠰᠠᠭᠤᠳᠠᠯ᠎ᠤᠨ ᠬᠤᠷᠠᠯ ᠬᠢᠪᠡ
ᠨᠡᠶᠢᠲᠡᠯᠡᠭᠰᠡᠨ ᠴᠠᠭ᠄ 2019-08-05

         

     7 ᠳ᠋ᠤᠭ᠋ᠠᠷ ᠰᠠᠷ᠎ᠠ ᠵᠢᠨ 29᠎ᠤ ᠠ᠋ᠳᠤᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠬᠡᠮ᠎ᠤᠨ ᠳᠤᠰᠠᠯᠠᠮᠵᠢ ᠵᠢᠨ ᠭᠠᠵᠠᠷ᠎ᠠᠴᠠ 〈〈ᠪᠦᠬᠦ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠤ ᠳᠤᠬᠠᠢ ᠰᠠᠭᠤᠳᠠᠯ᠎ᠤᠨ ᠬᠤᠷᠠᠯ〉〉᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠨᠡᠢ᠌ᠬᠡᠮ᠎ᠤᠨ ᠳᠤᠰᠠᠯᠠᠮᠵᠢ ᠵᠢᠨ ᠭᠠᠵᠠᠷ ᠪᠠ ᠬᠢᠨᠠᠨ ᠬᠠᠷᠭᠤᠭᠤᠯᠤᠯᠲᠠ ᠵᠢᠨ ᠲᠦᠪ᠎ᠤᠨ ᠠᠵᠢᠯᠲᠠᠨ ᠪᠣᠯᠤᠨ ᠠᠢ᠌ᠮᠠᠭ ᠬᠣᠲᠠ᠂ ᠬᠤᠰᠢᠭᠤ ᠰᠢᠶᠡᠨ (ᠬᠣᠲᠠ᠂ ᠲᠣᠭᠣᠷᠢᠭ)᠎ᠤ ᠨᠡᠢ᠌ᠬᠡᠮ᠎ᠤᠨ ᠳᠤᠰᠠᠯᠠᠮᠵᠢ ᠵᠢᠨ ᠳᠤᠬᠠᠢ᠌ᠯᠠᠭᠰᠠᠨ ᠠᠵᠢᠯ᠎ᠤᠨ ᠲᠦᠯᠣᠭᠡᠯᠡᠭᠴᠢ᠂ ᠵᠦᠭᠡᠯᠡᠨ ᠲᠣᠨᠣᠭ᠎ᠤᠨ ᠺᠣᠮᠫᠠᠨᠢ ᠵᠢᠨ ᠮᠡᠷᠭᠡᠵᠢᠯᠲᠡᠨ ᠨᠠᠷ ᠬᠤᠷᠠᠯ᠎ᠳᠤ ᠣᠷᠣᠯᠴᠠᠵᠠᠢ᠃ ᠬᠤᠷᠠᠯ᠎ᠠᠴᠠ ᠪᠠᠰᠠ ᠦᠪᠣᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠫᠷᠤᠹᠸᠰᠰᠤᠷ᠎ᠢ ᠤᠷᠢᠨ ᠣᠷᠣᠯᠴᠠᠭᠤᠯᠪᠠ᠃
      ᠰᠠᠭᠤᠳᠠᠯ᠎ᠤᠨ ᠬᠤᠷᠠᠯ ᠳᠡᠭᠡᠷ᠎ᠡ ᠲᠣᠨᠣᠭ ᠳᠦᠬᠦᠭᠡᠷᠤᠮᠵᠢ ᠵᠢᠨ ᠺᠣᠮᠫᠠᠨᠢ ᠵᠢᠨ ᠮᠡᠷᠭᠡᠵᠢᠯᠲᠡᠨ᠎ᠤ ᠮᠠᠨ᠎ᠤ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠮᠡᠳᠡᠭᠡ ᠵᠠᠩᠭᠢ ᠵᠢᠨ ᠰᠢᠰᠲᠸᠮ᠎ᠤᠨ ᠠᠵᠢᠯᠯᠠᠭ᠋ᠠᠨ᠎ᠤ ᠪᠠᠢ᠌ᠳᠠᠯ᠎ᠢ ᠳᠦᠭᠦᠮ ᠲᠠᠨᠢᠯᠴᠠᠭᠤᠯᠤᠨ᠂ ᠦᠨᠳᠤᠰᠤᠨ ᠱᠠᠲᠤᠨ᠎ᠤ ᠠᠵᠢᠯᠲᠠᠨ᠎ᠠᠴᠠ ᠰᠢᠰᠲᠸᠮ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠬᠡᠷᠬᠢᠨ ᠵᠠᠰᠠᠨ ᠰᠠᠢ᠌ᠵᠢᠷᠠᠭᠤᠯᠬᠤ ᠳᠤᠬᠠᠢ ᠰᠠᠨᠠᠭᠤᠯᠠᠭ᠎ᠠ᠎ᠪᠠᠨ ᠳᠤᠷᠠᠳᠤᠭᠰᠠᠨ ᠪᠠᠢ᠌ᠨ᠎ᠠ᠃
      ᠬᠣᠢ᠌ᠰᠢᠳᠠ ᠮᠠᠨ᠎ᠤ ᠣᠷᠣᠨ ᠨᠡᠢ᠌ᠬᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠤ ᠳᠠᠪᠴᠠᠩ᠎ᠤᠨ ᠪᠠᠢ᠌ᠭᠤᠯᠤᠯᠲᠠ᠎ᠪᠠᠨ ᠲᠦᠷᠭᠡᠳᠬᠡᠵᠤ᠂ ᠳᠤᠰᠠᠯᠠᠮᠵᠢ ᠵᠢᠨ ᠬᠡᠷᠡᠭ ᠤᠴᠢᠷ᠎ᠢ ᠨᠢᠭᠡ ᠯᠠ ᠰᠦᠯᠵᠢᠶᠡᠨ ᠳᠡᠭᠡᠷ᠎ᠡ ᠪᠤᠶᠤ ᠨᠢᠭᠡ ᠯᠠ ᠴᠣᠩᠬᠣ᠎ᠪᠠᠷ ᠨᠢᠭᠡ ᠯᠠ ᠤᠳᠠᠭ᠎ᠠ ᠭᠦᠶᠤᠬᠦ᠎ᠪᠠᠷ ᠦᠭᠡᠷᠡᠴᠢᠯᠡᠵᠤ᠂ ᠦᠨᠳᠤᠰᠤᠨ ᠱᠠᠲᠤᠨ᠎ᠤ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠠᠰᠢᠭᠯᠠᠮᠵᠢ ᠪᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠨᠠᠷ ᠪᠣᠯᠤᠨ ᠠᠷᠠᠳ ᠣᠯᠠᠨ᠎ᠤ ᠬᠡᠷᠡᠭ ᠤᠴᠢᠷ ᠵᠶ᠋ᠠᠨ ᠭᠦᠢ᠍ᠴᠡᠳᠬᠡᠬᠦ ᠶᠠᠪᠤᠳᠠᠯ᠎ᠢ ᠦᠨᠡᠨᠬᠦ ᠳᠡᠭᠡᠭᠰᠢᠯᠡᠭᠦᠯᠬᠦ᠎ᠪᠠᠷ ᠴᠢᠷᠮᠠᠢ᠌ᠵᠤ ᠪᠣᠢ᠃


ᠢᠷᠡᠯᠲᠡ᠄
          
ᠬᠠᠮᠢᠶ᠎ᠡ ᠪᠦᠬᠦᠢ ᠰᠣᠨᠢᠨ
〈〈ᠭᠠᠷ ᠬᠣᠯᠪᠣᠬᠤ ᠲᠦᠯᠣᠪᠯᠡᠭᠡᠨ〉〉᠎ᠤ ᠲᠣᠮᠢᠯᠠᠯᠲᠠ᠎ᠪᠠᠷ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠳᠠᠭᠤ ᠵᠢ ᠳᠡᠳᠬᠦᠬᠦ ᠠᠵᠢᠯ᠎ᠤᠨ ᠦᠷᠲᠡᠭᠡ ᠵᠢ ᠪᠠᠢ᠌ᠭᠤᠯᠪᠠ
〈〈ᠭᠠᠷ ᠬᠣᠯᠪᠣᠬᠤ ᠲᠦᠯᠣᠪᠯᠡᠭᠡᠨ〉〉᠎ᠤ ᠳᠤᠰᠠᠯᠠᠮᠵᠢ ᠬᠦᠷᠲᠡᠭᠰᠡᠨ ᠰᠢᠯᠤᠭᠤᠨ ᠴᠠᠭ᠋ᠠᠨ ᠬᠤᠰᠢᠭᠤᠨ᠎ᠤ ᠵᠢᠵᠢᠭ ᠬᠣᠲᠠ ᠶᠡᠬᠡ ᠬᠠᠢ᠌ᠷ᠎ᠠ ᠠᠯᠪᠠᠨ ᠵᠢᠷᠤᠮ᠎ᠤᠨ ᠠᠵᠢᠯᠲᠠᠨ᠎ᠤ ᠬᠣᠯᠪᠣᠭ᠎ᠠ ᠦᠨᠣᠴᠢᠨ ᠦᠷᠣᠭᠡᠰᠤᠨ ᠬᠡᠣᠬᠡᠳ᠎ᠲᠤ ᠦᠢ᠍ᠯᠡᠴᠢᠯᠡᠵᠤ ᠪᠠᠢ᠌ᠨ᠎ᠠ
ᠪᠤᠶᠠᠨ᠎ᠤ ᠦᠢ᠍ᠯᠡᠰ᠎ᠤᠨ ᠵᠣᠬᠢᠶᠠᠨ ᠪᠠᠢ᠌ᠭᠤᠯᠤᠯᠲᠠ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠬᠦᠴᠤᠲᠠᠢ ᠳᠡᠮᠵᠢᠵᠤ ᠪᠣᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠪᠠᠯᠠ ᠮᠥᠩᠭᠥ ᠵᠢᠨ ᠲᠣᠮᠣ ᠳ᠋ᠠᠢ᠌ᠲ᠋ᠠ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ ᠵᠢᠩᠬᠢᠨᠢ᠎ᠪᠠᠷ ᠠ᠋ᠬᠢᠯᠡᠪᠡ
ᠪᠤᠭᠤᠲᠤ ᠬᠣᠲᠠ ᠨᠠᠰᠤᠲᠠᠳ᠎ᠢ ᠠᠰᠠᠷᠠᠬᠤ ᠦᠢᠯᠡᠴᠢᠯᠡᠭᠡᠨ᠎ᠤ ᠪᠠᠢ᠌ᠭᠤᠯᠤᠮᠵᠢ ᠵᠢᠨ ᠭᠠᠯ ᠰᠡᠷᠭᠡᠢ᠌ᠯᠡᠯᠲᠡ ᠵᠢ ᠪᠠᠷᠢᠮᠵᠢᠶᠠᠵᠢᠭᠤᠯᠬᠤ ᠪᠠᠢ᠌ᠭᠤᠯᠤᠯᠲᠠ ᠵᠢᠨ ᠬᠤᠷᠠᠯ ᠬᠤᠷᠠᠯᠳᠤᠭᠤᠯᠪᠠ
 
            