7 ᠳ᠋ᠤᠭ᠋ᠠᠷ ᠰᠠᠷ᠎ᠠ ᠵᠢᠨ 22᠎ᠤᠨ ᠠ᠋ᠳᠤᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ ᠳ᠋ᠸᠩ ᠶᠤᠸᠡᠢ ᠯᠸᠤ ᠤᠷᠢᠳᠴᠢᠯᠠᠨ ᠮᠡᠳᠡᠭᠳᠡᠬᠦ ᠦᠭᠡᠢ᠎ᠪᠠᠷ ᠰᠢᠭᠤᠳ ᠬᠦᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠶᠢᠨ ᠰᠢᠨ ᠯᠸᠤ ᠵᠠᠮ᠎ᠤᠨ ᠬᠡᠷᠡᠭ ᠠ᠋ᠷᠬᠢᠯᠡᠬᠦ ᠭᠠᠵᠠᠷ᠎ᠤᠨ ᠷᠸᠨ ᠾᠧ ᠨᠡᠢ᠌ᠬᠡᠮ ᠲᠣᠭᠣᠷᠢᠭ ᠪᠣᠯᠤᠨ ᠰᠠᠢ᠌ᠬᠠᠨ ᠲᠣᠭᠣᠷᠢᠭ᠎ᠤᠨ ᠳ᠋ᠦᠩ ᠢᠩ ᠬᠣᠢ᠌ᠳᠤ ᠵᠠᠮ᠎ᠤᠨ ᠵᠠᠭᠡᠯᠢ ᠭᠤᠲᠤᠮᠵᠢ ᠵᠢᠨ ᠬᠡᠷᠡᠭ ᠠ᠋ᠷᠬᠢᠯᠡᠬᠦ ᠭᠠᠵᠠᠷ᠎ᠤᠨ ᠴᠠᠩ ᠯᠸ ᠭᠦᠩ ᠨᠡᠢ᠌ᠬᠡᠮ ᠲᠣᠭᠣᠷᠢᠭ᠎ᠲᠤ ᠬᠦᠷᠴᠤ ᠲᠡᠨᠳᠡᠬᠢ ᠵᠢᠨ ᠭᠡᠷ᠎ᠲᠤ᠎ᠪᠠᠨ ᠠᠰᠠᠷᠠᠭᠤᠯᠬᠤ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠵᠠᠢ᠃ ᠳ᠋ᠸᠩ ᠶᠤᠸᠡᠢ ᠯᠸᠤ ᠳᠠᠷᠤᠭ᠎ᠠ ᠨᠡᠢ᠌ᠬᠡᠮ ᠲᠣᠭᠣᠷᠢᠭ᠎ᠤᠨ ᠨᠠᠰᠤᠲᠠᠢ᠌ᠴᠤᠳ᠎ᠤᠨ ᠠᠵᠢᠯᠯᠠᠭ᠋ᠠᠨ᠎ᠤ ᠲᠦᠪ ᠵᠶ᠋ᠠᠷ ᠭᠦᠨᠵᠡᠭᠡᠢ᠌ᠷᠡᠨ᠂ ᠨᠠᠰᠤᠲᠠᠢ᠌ᠴᠤᠳ᠎ᠲᠠᠢ ᠨᠢᠭᠤᠷᠳᠠᠨ ᠶᠠᠷᠢᠯᠴᠠᠵᠤ᠂ ᠲᠡᠳᠡᠨ᠎ᠤ ᠬᠠᠮᠤᠭ᠎ᠤᠨ ᠠᠩᠬᠠᠷᠴᠤ ᠪᠠᠢ᠌ᠭ᠎ᠠ ᠪᠣᠳᠠᠲᠠᠢ ᠠᠰᠠᠭᠤᠳᠠᠯ —— ᠭᠡᠷ᠎ᠲᠤ᠎ᠪᠠᠨ ᠰᠠᠭᠤᠭ᠋ᠠᠳ ᠠᠰᠠᠷᠠᠭᠤᠯᠬᠤ ᠠᠵᠢᠯ᠎ᠤᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠠᠰᠠᠭᠤᠨ ᠶᠠᠷᠢᠯᠴᠠᠪᠠ᠃ ᠳ᠋ᠸᠩ ᠶᠤᠸᠠᠢ ᠯᠸᠤ ᠨᠡᠢ᠌ᠬᠡᠮ ᠲᠣᠭᠣᠷᠢᠭ᠎ᠤᠨ ᠨᠠᠰᠤᠲᠠᠢ᠌ᠴᠤᠳ᠎ᠤᠨ ᠠ᠋ᠳᠤᠷ ᠲᠣᠳᠣᠮ᠎ᠤᠨ ᠠᠮᠢᠳᠤᠷᠠᠯ᠂ ᠠ᠋ᠷᠡᠭᠦᠯ ᠮᠡᠨᠳᠤ ᠵᠢᠨ ᠪᠠᠢ᠌ᠳᠠᠯ᠂ ᠭᠡᠷ ᠪᠦᠯᠢ ᠵᠢᠨ ᠣᠷᠣᠯᠭ᠎ᠠ ᠪᠣᠯᠤᠨ ᠭᠡᠷ᠎ᠲᠤ᠎ᠪᠠᠨ ᠰᠠᠭᠤᠭ᠋ᠠᠳ ᠠᠰᠠᠷᠠᠭᠤᠯᠬᠤ ᠲᠠᠯ᠎ᠠ᠎ᠪᠠᠷ᠎ᠬᠢ ᠬᠡᠷᠡᠭᠴᠡᠭᠡ ᠱᠠᠭ᠋ᠠᠷᠳᠠᠯᠭ᠎ᠠ ᠵᠢ ᠨᠠᠷᠢᠨ ᠨᠢᠮᠪᠡᠢ ᠦᠢ᠍ᠯᠠᠭ᠋ᠠᠨ᠂ ᠨᠡᠢ᠌ᠬᠡᠮ ᠲᠣᠭᠣᠷᠢᠭ᠎ᠤᠨ ᠨᠠᠰᠦᠲᠠᠢ᠌ᠴᠤᠳᠤᠨ ᠦᠪᠡᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠭᠡᠷ᠎ᠲᠤ᠎ᠪᠠᠨ ᠰᠠᠭᠤᠭ᠋ᠠᠳ ᠠᠰᠠᠷᠠᠭᠤᠯᠬᠤ ᠦᠢ᠍ᠯᠡᠴᠢᠯᠡᠭᠡᠨ᠎ᠤ ᠠᠵᠢᠯ᠎ᠢ ᠬᠡᠷᠬᠢᠨ ᠴᠢᠩᠭ᠋ᠠᠳᠬᠠᠨ ᠰᠠᠢ᠌ᠵᠢᠷᠠᠭᠤᠯᠬᠤ ᠳᠤᠬᠠᠢ ᠶᠠᠷᠢᠭᠰᠠᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠠᠢ᠌ᠨ᠎ᠠ᠃

