2019 ᠣᠨ᠎ᠳᠤ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 〈〈ᠭᠠᠷ ᠬᠣᠯᠪᠣᠬᠤ ᠲᠦᠯᠣᠪᠯᠡᠭᠡᠨ〉〉᠎ᠤ ᠦᠢ᠍ᠯᠡᠴᠢᠯᠡᠭᠡᠨ᠎ᠤ ᠲᠦᠷᠣᠯ ᠵᠦᠢ᠍ᠯ᠎ᠤᠨ ᠨᠠᠢ᠌ᠲᠠᠪᠤᠷᠢᠵᠢᠭᠤᠯᠤᠯᠲᠠ ᠵᠢ ᠭᠦᠨᠵᠡᠭᠡᠢ ᠠᠬᠢᠭᠤᠯᠵᠤ᠂ ᠪᠡᠭᠡᠵᠢᠩ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠰᠢᠯᠢᠨ ᠰᠤᠩᠭᠤᠭᠰᠠᠨ 20 ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠮᠠᠨ᠎ᠤ ᠣᠷᠣᠨ᠎ᠤ ᠬᠦᠯᠤᠨ ᠪᠣᠢ᠌ᠷ ᠵᠡᠷᠭᠡ 7 ᠠᠢ᠌ᠮᠠᠭ ᠬᠣᠲᠠ ᠵᠢᠨ 20 ᠤᠯᠤᠰ᠎ᠤᠨ ᠳᠡᠰ᠎ᠤᠨ ᠶᠠᠳᠠᠭᠤ ᠬᠤᠰᠢᠭᠤ ᠰᠢᠶᠡ᠎ᠨᠢ ᠬᠠᠪᠰᠤᠷᠤᠨ᠂ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠲᠠᠢ 〈〈ᠨᠢᠭᠡ᠎ᠳᠤ ᠨᠢᠭᠡ〉〉᠎ᠪᠠᠷ ᠭᠠᠷ ᠬᠣᠯᠪᠣᠨ ᠳᠤᠬᠠᠢ ᠵᠢᠨ ᠭᠠᠵᠠᠷ᠎ᠤᠨ ᠨᠡᠢ᠌ᠬᠡᠮ᠎ᠤᠨ ᠠᠵᠢᠯ᠎ᠤᠨ ᠴᠢᠳᠠᠪᠤᠷᠢᠲᠠᠨ᠎ᠢ ᠬᠦᠮᠤᠵᠢᠭᠦᠯᠬᠦ ᠪᠠ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠤᠵᠠᠭ᠋ᠠᠢ᠌ᠷᠠᠭᠤᠯᠤᠨ᠂ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠳᠦᠷᠢᠮ ᠳᠣᠭᠲᠠᠭ᠋ᠠᠯ᠎ᠢ ᠪᠠᠢ᠌ᠭᠤᠯᠤᠨ ᠲᠡᠭᠦᠯᠳᠡᠷᠵᠢᠭᠦᠯᠵᠤ᠂ ᠨᠡᠢ᠌ᠬᠡᠮ᠎ᠤᠨ ᠠᠵᠢᠯ᠎ᠤᠨ ᠬᠠᠪᠰᠤᠷᠤᠯᠴᠠᠬᠤ ᠦᠢ᠍ᠯᠡᠴᠢᠯᠡᠭᠡᠨ᠎ᠢ ᠦᠷᠨᠢᠭᠦᠯᠤᠨ᠂ ᠨᠡᠢ᠌ᠬᠡᠮ᠎ᠤᠨ ᠠᠵᠢᠯᠲᠠᠨ᠎ᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠢᠳᠡᠪᠬᠢᠲᠠᠢ ᠦᠢ᠍ᠯᠡᠳᠤᠯ᠎ᠢ ᠪᠦᠷᠢᠨ ᠭᠦᠢ᠍ᠴᠡᠳ ᠪᠠᠳᠠᠷᠠᠭᠤᠯᠤᠭᠰᠠᠨ ᠪᠠᠢ᠌ᠨ᠎ᠠ ᠃
ᠪᠡᠭᠡᠵᠢᠩ ᠬᠣᠲᠠ ᠵᠢᠨ ᠲᠣᠮᠢᠯᠠᠭᠰᠠᠨ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠪᠡᠭᠡᠵᠢᠩ ᠬᠣᠲᠠ ᠵᠢᠨ ᠹᠧᠩ᠎ᠲᠠᠢ ᠲᠦᠩ ᠰᠢᠨ ᠨᠡᠢ᠌ᠬᠡᠮ᠎ᠤᠨ ᠠᠵᠢᠯ᠎ᠤᠨ ᠬᠡᠷᠡᠭ ᠡᠷᠬᠢᠯᠡᠬᠦ ᠭᠠᠵᠠᠷ) ᠵᠢᠨ᠎ᠬᠢᠨ ᠪᠡᠭᠡᠵᠢᠩ ᠦᠪᠣᠷ ᠮᠣᠩᠭᠣᠯ᠎ᠤᠨ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 〈〈ᠭᠠᠷ ᠬᠣᠯᠪᠣᠬᠤ ᠲᠦᠯᠣᠪᠯᠡᠭᠡ〉〉 ᠵᠢ ᠬᠡᠷᠡᠭᠵᠢᠭᠦᠯᠬᠦ᠎ᠪᠠᠷ ᠳᠠᠮᠵᠢᠭ᠋ᠠᠳ᠂ ᠶᠠᠳᠠᠭᠤ ᠬᠦᠴᠢᠷᠲᠡᠯ᠎ᠲᠠᠢ ᠬᠤᠰᠢᠭᠤ ᠰᠢᠶᠡᠨ᠎ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠲᠡᠯ᠎ᠲᠠᠢ ᠠᠢ᠌ᠯ ᠡᠷᠤᠬᠡ ᠵᠢᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠭᠦᠨ᠎ᠢ 〈〈ᠶᠠᠳᠠᠭᠤ ᠵᠢ ᠳᠡᠳᠬᠦᠬᠦ ᠦᠢ᠍ᠯᠡᠳᠭᠦᠨ᠎ᠤ ᠳᠡᠯᠭᠡᠨ ᠪᠣᠷᠣᠯᠠᠭᠤᠯᠬᠤ ᠴᠤᠭᠯᠠᠭ᠎ᠠ〉〉 ᠭᠡᠬᠦ ᠮᠡᠲᠤ ᠠᠵᠢᠯᠯᠠᠭ᠋ᠠᠨ᠎ᠢ ᠰᠡᠲᠤᠨ ᠤᠬᠠᠭ᠋ᠠᠯᠠᠵᠤ ᠦᠷᠨᠢᠭᠦᠯᠤᠭᠡᠳ᠂ ᠬᠦᠯᠤᠨ ᠪᠦᠢ᠍ᠷ ᠬᠣᠲᠠ᠂ ᠬᠢᠩᠭ᠋ᠠᠨ ᠠᠢ᠌ᠮᠠᠭ᠂ ᠤᠯᠠᠭ᠋ᠠᠨᠴᠠᠪ ᠬᠣᠲᠠ ᠵᠡᠷᠭᠡ 3 ᠠᠢ᠌ᠮᠠᠭ ᠬᠣᠲᠠ ᠵᠢᠨ ᠳᠡᠮᠵᠢᠯᠭᠡ ᠬᠦᠷᠲᠡᠭᠰᠡᠨ ᠬᠤᠰᠢᠭᠤ ᠰᠢᠶᠡᠨ᠎ᠳᠤ 7 ᠨᠡᠢ᠌ᠬᠡᠮ᠎ᠤᠨ ᠠᠵᠢᠯ᠎ᠤᠨ ᠶᠠᠳᠠᠭᠤ ᠵᠢ ᠳᠡᠳᠬᠦᠬᠦ ᠠᠵᠢᠯ᠎ᠤᠨ ᠦᠷᠲᠡᠭᠡ᠂ 246 ᠰᠠᠯᠪᠤᠷᠢ ᠦᠷᠲᠡᠭᠡ ᠪᠠᠢ᠌ᠭᠤᠯᠵᠡᠢ ᠃ 〈〈ᠶᠠᠳᠠᠭᠤ ᠵᠢ ᠳᠡᠳᠬᠦᠬᠦ᠎ᠨᠢ ᠦᠢ᠍ᠯᠡᠳᠪᠤᠷᠢᠯᠡᠯ ᠳᠡᠭᠡᠷ᠎ᠡ᠂ ᠶᠠᠳᠠᠭᠤ᠎ᠠᠴᠠ ᠠᠩᠬᠢᠵᠢᠷᠠᠬᠤ᠎ᠨᠢ ᠵᠠᠬ᠎ᠠ ᠳᠡᠯᠭᠡᠭᠦᠷ ᠳᠡᠭᠡᠷ᠎ᠡ〉〉 ᠭᠡᠬᠦ ᠰᠡᠳᠬᠢᠴᠡ᠎ᠪᠠᠷ᠂ ᠶᠠᠳᠠᠭᠤ ᠵᠢ ᠳᠡᠳᠬᠦᠬᠦ ᠦᠢ᠍ᠯᠡᠳᠭᠦᠨ᠎ᠢ ᠪᠣᠷᠣᠯᠠᠭᠤᠯᠬᠤ ᠵᠠᠮ ᠱᠤᠭᠤᠮ᠎ᠢ ᠲᠡᠯᠡᠨ ᠦᠷᠭᠡᠳᠬᠡᠵᠤ᠂ ᠣᠷᠴᠤᠨᠤ ᠦᠪᠡᠷᠳᠡᠭᠡᠨ ᠵᠠᠰᠠᠬᠤ ᠬᠣᠰᠢᠭᠤ᠂ ᠷᠠᠰᠢᠶᠠᠨ ᠬᠣᠲᠠ᠂ ᠬᠤᠸᠠᠳᠧ ᠰᠢᠶᠡᠨ ᠵᠡᠷᠭᠡ ᠲᠡᠮᠵᠢᠯᠭᠡ ᠬᠦᠷᠳᠡᠭᠰᠡᠨ ᠬᠤᠰᠢᠭᠤ ᠰᠢᠶᠡᠨ᠎ᠤ ᠶᠠᠳᠠᠭᠤ ᠵᠢ ᠳᠡᠳᠬᠦᠬᠦ ᠦᠢ᠍ᠯᠡᠳᠭᠦᠨ᠎ᠢ ᠪᠡᠭᠡᠵᠢᠩ᠂ ᠱᠸᠡᠵᠸᠨᠤ ᠵᠠᠬ᠎ᠠ ᠳᠡᠯᠭᠡᠭᠦᠷ᠎ᠲᠤ ᠭᠠᠷᠭ᠋ᠠᠵᠤ ᠪᠣᠷᠣᠯᠠᠭᠤᠯᠤᠭᠰᠠᠨ ᠪᠠ ᠳᠡᠮᠵᠢᠯᠭᠡ ᠬᠦᠷᠲᠡᠭᠰᠡᠨ ᠬᠤᠰᠢᠭᠤ ᠰᠢᠶᠡ᠎ᠨᠢ ᠬᠠᠪᠰᠤᠷᠴᠤ᠂ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ᠎ᠲᠠᠢ ᠤᠷᠲᠤ ᠬᠤᠭᠤᠴᠠᠭ᠋ᠠᠨ᠎ᠤ ᠶᠠᠳᠠᠭᠤ ᠵᠢ ᠳᠡᠳᠬᠦᠬᠦ ᠦᠢ᠍ᠯᠡᠳᠭᠦᠨ᠎ᠢ ᠬᠣᠳᠠᠯᠳᠤᠨ ᠠᠪᠬᠤ ᠬᠣᠷᠰᠢᠯᠴᠠᠭ᠋ᠠᠨ᠎ᠤ ᠭᠡᠷ᠎ᠡ ᠳᠣᠭᠲᠠᠵᠤ᠂ ᠶᠠᠳᠠᠭᠤ ᠵᠢ ᠳᠡᠳᠬᠦᠬᠦ ᠦᠯᠡᠳᠭᠦᠨᠤ ᠪᠣᠷᠣᠯᠠᠭᠤᠯᠬᠤ ᠵᠠᠮ ᠱᠤᠭᠤᠮ᠎ᠢ ᠪᠠᠲᠤᠯᠠᠭᠰᠠᠨ ᠪᠠᠢ᠌ᠨ᠎ᠠ᠃ ᠶᠠᠳᠠᠭᠤ ᠵᠢ ᠳᠡᠳᠬᠦᠬᠦ ᠦᠷᠲᠡᠭᠡ ᠪᠠᠢ᠌ᠭᠤᠯᠤᠭᠰᠠᠨ᠎ᠠᠴᠠ ᠨᠠᠰᠢ ᠶᠠᠳᠠᠭᠤ ᠵᠢ ᠳᠡᠳᠬᠦᠬᠦ ᠦᠢ᠍ᠯᠡᠳᠭᠦᠨ᠎ᠤ ᠪᠣᠷᠣᠯᠠᠭᠤᠯᠤᠯᠲᠠ᠎ᠨᠢ 200 ᠲᠦᠮᠡᠨ ᠲᠦᠭᠦᠷᠢᠭ᠎ᠢ ᠳᠠᠪᠠᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠲᠡᠯ᠎ᠲᠠᠢ ᠠᠢ᠌ᠯ ᠡᠷᠤᠬᠡ ᠵᠢᠨ ᠣᠷᠣᠯᠭ᠎ᠠ ᠵᠢ ᠦᠨᠡᠨᠬᠦ ᠨᠡᠮᠡᠭᠳᠡᠭᠦᠯᠤᠭᠡᠳ᠂ 238 ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠲᠡᠯ᠎ᠲᠠᠢ ᠡᠷᠤᠬᠡ ᠶᠠᠳᠠᠭᠤ᠎ᠠᠴᠠ ᠠᠩᠬᠢᠵᠢᠷᠠᠬᠰᠡᠨ ᠪᠠᠢ᠌ᠨ᠎ᠠ᠃

