ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠪᠤᠶᠠᠨ᠎ᠤ ᠦᠢ᠍ᠯᠡᠰ᠎ᠤᠨ ᠵᠣᠬᠢᠶᠠᠨ ᠪᠠᠢ᠌ᠭᠤᠯᠤᠯᠲᠠ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠬᠦᠴᠤᠲᠠᠢ ᠳᠡᠮᠵᠢᠵᠤ ᠪᠣᠢ
ᠨᠡᠶᠢᠲᠡᠯᠡᠭᠰᠡᠨ ᠴᠠᠭ᠄ 2019-08-06

       

       7 ᠳ᠋ᠤᠭ᠋ᠠᠷ ᠰᠠᠷ᠎ᠠ ᠵᠢᠨ 30᠎ᠤ ᠡᠳᠤᠷ ᠬᠠᠢ᠌ᠨᠠᠨ᠎ᠤ ᠴᠸᠩ ᠮᠸᠢ ᠪᠤᠶᠠᠨ᠎ᠤ ᠦᠢ᠍ᠯᠡᠰ᠎ᠤᠨ ᠰᠠᠭᠤᠷᠢ ᠮᠦᠩᠭᠦᠨ᠎ᠤ ᠨᠡᠢ᠌ᠬᠡᠮᠯᠢᠭ᠎ᠠᠴᠠ ᠰᠠᠨᠠᠭ᠋ᠠᠴᠢᠯᠠᠨ᠂ ᠦᠪᠣᠷ ᠮᠣᠩᠭᠣᠯ᠎ᠤᠨ ᠠᠯᠪᠠᠨ ᠵᠢᠷᠤᠮ᠎ᠤᠨ ᠠᠵᠢᠯ ᠦᠢ᠍ᠯᠡᠰ᠎ᠤᠨ ᠬᠦᠭᠵᠢᠯᠲᠡ ᠵᠢᠨ ᠮᠦᠩᠭᠦᠨ᠎ᠤ ᠨᠡᠢ᠌ᠬᠡᠮᠯᠢᠭ ᠭᠠᠷᠳᠠᠵᠤ᠂ ᠦᠪᠣᠷ ᠮᠣᠩᠭᠤᠯ᠎ᠤᠨ ᠬᠠᠪᠤᠳᠠᠷ᠎ᠤᠨ ᠡᠮᠨᠡᠯᠭᠡ ᠵᠢᠨ ᠬᠣᠷᠢᠶ᠎ᠠ (ᠦᠪᠣᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠎ᠤᠨ ᠬᠠᠷᠢᠶ᠎ᠠ ᠠᠷᠠᠳ᠎ᠤᠨ ᠡᠮᠨᠡᠯᠭᠡ ᠵᠢᠨ ᠬᠣᠷᠢᠶ᠎ᠠ)᠎ᠠᠴᠠ ᠡᠷᠬᠢᠯᠡᠭᠰᠡᠨ 〈〈ᠬᠠᠢ᠌ᠷ᠎ᠠ ᠪᠠᠢ᠌ᠪᠠᠯ ᠵᠣᠪᠠᠭᠤᠷᠢ ᠦᠭᠡᠢ〉〉 ᠭᠡᠬᠦ ᠬᠠᠪᠤᠳᠠᠷ ᠡᠪᠡᠳᠴᠢᠳᠠᠨ᠎ᠢ ᠳᠤᠰᠠᠯᠠᠬᠤ ᠳᠦᠰᠤᠯ  ᠎ᠤᠨ ᠡᠬᠢᠯᠡᠬᠦ ᠶᠣᠰᠤᠯᠠᠯ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ ᠵᠢᠨ ᠬᠣᠷᠢᠶᠠᠨ᠎ᠳᠤ ᠶᠠᠪᠤᠭᠳᠠᠪᠠ᠃  
      ᠶᠣᠰᠤᠯᠠᠯ ᠳᠡᠭᠡᠷ᠎ᠡ 〈〈ᠬᠠᠢ᠌ᠷ᠎ᠠ ᠪᠠᠢ᠌ᠪᠠᠯ ᠵᠣᠪᠠᠭᠤᠷᠢ ᠦᠭᠡᠢ  〉〉 ᠭᠡᠬᠦ ᠬᠠᠪᠤᠳᠠᠷ ᠡᠪᠡᠳᠴᠢᠲᠡᠨ᠎ᠢ ᠳᠤᠰᠠᠯᠠᠬᠤ ᠳᠦᠰᠤᠯ  ᠎ᠢ ᠰᠠᠨᠠᠭ᠋ᠠᠴᠢᠯᠠᠭᠰᠠᠨ᠂ ᠭᠠᠷᠳᠠᠭᠰᠠᠨ   ᠡᠷᠬᠢᠯᠡᠭᠰᠡᠨ ᠨᠢᠭᠡᠴᠢ ᠵᠢᠨ ᠬᠠᠷᠢᠭᠤᠴᠠᠯᠭ᠋ᠠᠲᠠᠨ ᠲᠤᠰ ᠪᠦᠷᠢ ᠳᠦᠰᠤᠯ᠎ᠤᠨ ᠭᠤᠶᠤᠴᠢᠯᠠᠬᠤ   ᠨᠦᠬᠦᠴᠡᠯ᠂ ᠮᠡᠳᠡᠭᠦᠯᠬᠦ ᠶᠠᠪᠤᠴᠠ᠂ ᠳᠤᠰᠠᠯᠠᠬᠤ ᠠᠷᠭ᠎ᠠ ᠵᠢ ᠨᠠᠷᠢᠨ ᠲᠠᠨᠢᠯᠴᠠᠭᠤᠯᠵᠤ᠂ ᠬᠠᠢ᠌ᠨᠠᠨ᠎ᠤ ᠴᠸᠩ ᠮᠸᠢ ᠪᠤᠶᠠᠨ᠎ᠤ ᠠᠵᠢᠯ ᠦᠢ᠍ᠯᠡᠰ᠎ᠤᠨ ᠰᠠᠭᠤᠷᠢ ᠮᠦᠩᠭᠦᠨ᠎ᠤ ᠨᠡᠢ᠌ᠬᠡᠮᠯᠢᠭ᠂ ᠦᠪᠣᠷ ᠮᠣᠩᠭᠣᠯ᠎ᠤᠨ ᠠᠯᠪᠠᠨ ᠵᠢᠷᠤᠮ᠎ᠤᠨ ᠠᠵᠢᠯ ᠦᠢ᠍ᠯᠡᠰ᠎ᠤᠨ ᠬᠦᠭᠵᠢᠯᠲᠡ ᠵᠢᠨ ᠰᠠᠭᠤᠷᠢ ᠮᠦᠩᠭᠦᠨ᠎ᠤ   ᠨᠡᠢ᠌ᠬᠡᠮᠯᠢᠭ ᠬᠢᠭᠡᠳ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ ᠵᠢᠨ ᠬᠣᠷᠢᠶ᠎ᠠ ᠳᠦᠰᠤᠯ  ᠎ᠢ ᠬᠠᠮᠲᠤᠷᠠᠨ ᠡᠷᠬᠢᠯᠡᠬᠦ᠎ᠪᠠᠷ ᠬᠡᠯᠡᠯᠴᠡᠭᠡᠷ ᠳᠡᠭᠡᠷ᠎ᠡ ᠭᠠᠷ᠎ᠤᠨ ᠦᠰᠤᠭ᠌   ᠵᠢᠷᠤᠵᠠᠢ᠃ ᠡᠨᠡ᠎ᠨᠢ   ᠮᠠᠨ᠎ᠤ ᠣᠷᠣᠨ᠎ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢᠨ ᠬᠠᠪᠤᠳᠠᠷ ᠡᠪᠡᠳᠴᠢᠲᠡᠨ᠎ᠳᠤ ᠠᠮᠢ ᠨᠠᠰᠤ᠎ᠪᠠᠨ ᠦᠷᠭᠦᠯᠵᠢᠯᠡᠭᠦᠯᠬᠦ ᠡᠷᠡᠮᠡᠯᠵᠡᠯ᠎ᠢ ᠣᠯᠭᠤᠭᠰᠠᠨ ᠪᠠᠢ᠌ᠨ᠎ᠠ᠃
        ᠡᠨᠡᠬᠦ ᠳᠦᠰᠤᠯ᠎ᠤᠨ ᠳᠤᠰᠠᠯᠠᠮᠵᠢ ᠵᠢᠨ ᠮᠦᠩᠭᠦ᠎ᠨᠢ ᠰᠢᠨ᠎ᠡ ᠮᠠᠶᠢᠭ᠎ᠤᠨ ᠬᠦᠳᠡᠭᠡ ᠳᠤᠰᠬᠤᠨ᠎ᠤ ᠬᠣᠷᠰᠢᠶ᠎ᠠ᠂ ᠬᠣᠲᠠ ᠪᠠᠯᠭ᠋ᠠᠰᠤᠨ᠎ᠤ ᠡᠮ ᠡᠮᠨᠡᠯᠭᠡ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠬᠦᠨᠳᠤ ᠡᠪᠡᠳᠴᠢᠳᠠᠨ᠎ᠢ ᠠᠪᠤᠷᠠᠨ ᠳᠤᠰᠠᠯᠠᠬᠤ ᠵᠡᠷᠭᠡ ᠡᠮ ᠡᠮᠨᠡᠯᠭᠡ ᠵᠢᠨ ᠪᠠᠲᠤᠯᠠᠭ᠋ᠠᠨ ᠵᠶ᠋ᠠᠷ ᠳᠠᠮᠵᠢᠨ ᠬᠠᠷᠢᠯᠴᠠᠨ ᠨᠦᠬᠦᠪᠤᠷᠢᠯᠡᠬᠦ ᠦᠢ᠍ᠯᠡᠳᠤᠯ᠎ᠲᠠᠢ ᠪᠣᠯᠵᠤ᠂ ᠡᠯ᠎ᠡ ᠲᠦᠷᠣᠯ᠎ᠤᠨ ᠳᠠᠭ᠋ᠠᠳᠬᠠᠯ᠎ᠢ ᠨᠢᠭᠡᠳᠤᠯᠲᠠᠢ ᠲᠦᠯᠣᠪᠯᠡᠭᠡ᠎ᠪᠠᠷ ᠦᠭᠬᠦ᠎ᠠᠴᠠ ᠭᠠᠳᠠᠨ᠎ᠠ᠂ ᠡᠪᠡᠳᠴᠢᠲᠡᠨ᠎ᠤ ᠬᠤᠪᠢ᠎ᠪᠠᠷ ᠵᠶ᠋ᠠᠨ ᠳᠠᠭ᠋ᠠᠭ᠋ᠠᠬᠤ ᠵᠠᠷᠤᠳᠠᠯ᠎ᠢ ᠴᠤ᠌ ᠳᠤᠰᠠᠯᠠᠮᠵᠢ᠎ᠪᠠᠷ ᠦᠭᠬᠦ ᠪᠣᠯᠬᠣᠷ ᠡᠪᠡᠳᠴᠢᠲᠡᠨ᠎ᠤ ᠳᠠᠷᠤᠭ᠋ᠠᠰᠤ ᠵᠢ ᠶᠡᠬᠡ   ᠬᠡᠮᠵᠢᠶ᠎ᠡ᠎ᠪᠠᠷ ᠬᠦᠩᠭᠡᠯᠡᠬᠦ ᠪᠣᠯᠵᠤ᠂ ᠡᠪᠡᠳᠴᠢᠲᠡᠨ᠎ᠳᠤ   ᠠᠮᠢᠵᠢᠷᠠᠯ᠎ᠤᠨ ᠬᠦᠴᠤᠨ᠎ᠢ ᠣᠯᠭᠤᠬᠤ ᠠᠵᠠ ᠵᠠᠪᠰᠢᠶᠠᠨ᠎ᠲᠠᠢ ᠪᠣᠯᠭ᠋ᠠᠭᠰᠠᠨ ᠪᠠᠢ᠌ᠨ᠎ᠠ᠃
        〈〈ᠬᠠᠢ᠌ᠷ᠎ᠠ ᠪᠠᠢ᠌ᠪᠠᠯ ᠵᠣᠪᠠᠭᠤᠷᠢ ᠦᠭᠡᠢ〉〉 ᠭᠡᠬᠦ ᠬᠠᠪᠤᠳᠠᠷ ᠡᠪᠡᠳᠴᠢᠲᠡᠨ᠎ᠢ ᠳᠤᠰᠠᠯᠠᠬᠤ ᠳᠦᠰᠤᠯ (《有爱无疾》肿瘤救助项目)᠎ᠢ   ᠭᠤᠶᠤᠴᠢᠯᠠᠬᠤ   ᠠᠷᠭ᠎ᠠ᠄ ᠭᠤᠶᠤᠴᠢᠯᠠᠭᠰᠠᠳ 〈〈ᠦᠪᠣᠷ ᠮᠣᠩᠭᠣᠯ᠎ᠤᠨ ᠨᠡᠢ᠌ᠲᠡ ᠵᠢᠨ ᠠᠰᠠᠷᠠᠮᠵᠢ ᠵᠢᠨ ᠠᠵᠢᠯ ᠦᠢ᠍ᠯᠡᠰ᠎ᠤᠨ ᠬᠦᠭᠵᠢᠯᠲᠡ ᠵᠢᠨ ᠰᠠᠭᠤᠷᠢ ᠮᠦᠩᠭᠦᠨ᠎ᠤ ᠣᠯᠠᠨ ᠨᠡᠢ᠌ᠲᠡ ᠵᠢᠨ ᠳᠠᠪᠴᠠᠩ (内蒙古公益事业发展基金会公众号)〉〉  ᠎ᠤᠨ ᠬᠠᠢ᠌ᠷ᠎ᠠ ᠪᠠᠢ᠌ᠪᠠᠯ ᠵᠣᠪᠠᠭᠤᠷᠢ ᠦᠭᠡᠢ ᠭᠡᠬᠦ ᠳᠣᠪᠴᠢ ᠵᠢ ᠳᠣᠶᠢᠵᠤ   ᠳᠦᠰᠤᠯ᠎ᠢ ᠭᠤᠶᠤᠴᠢᠯᠠᠰᠤᠭ᠋ᠠᠢ᠂ ᠡᠰᠡᠬᠦᠯ᠎ᠡ  0471 — 3255091 /  18047141920 ᠤᠲᠠᠰᠤ᠎ᠪᠠᠷ ᠭᠤᠶᠤᠴᠢᠯᠠᠵᠤ ᠪᠣᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠪᠠᠯᠠ ᠮᠥᠩᠭᠥ ᠵᠢᠨ ᠲᠣᠮᠣ ᠳ᠋ᠠᠢ᠌ᠲ᠋ᠠ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ ᠵᠢᠩᠬᠢᠨᠢ᠎ᠪᠠᠷ ᠠ᠋ᠬᠢᠯᠡᠪᠡ
ᠪᠤᠭᠤᠲᠤ ᠬᠣᠲᠠ ᠨᠠᠰᠤᠲᠠᠳ᠎ᠢ ᠠᠰᠠᠷᠠᠬᠤ ᠦᠢᠯᠡᠴᠢᠯᠡᠭᠡᠨ᠎ᠤ ᠪᠠᠢ᠌ᠭᠤᠯᠤᠮᠵᠢ ᠵᠢᠨ ᠭᠠᠯ ᠰᠡᠷᠭᠡᠢ᠌ᠯᠡᠯᠲᠡ ᠵᠢ ᠪᠠᠷᠢᠮᠵᠢᠶᠠᠵᠢᠭᠤᠯᠬᠤ ᠪᠠᠢ᠌ᠭᠤᠯᠤᠯᠲᠠ ᠵᠢᠨ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠣᠨᠣᠴᠠᠲᠠᠶ ᠨᠣᠲᠠᠯᠠᠨ ᠲᠣᠭᠲᠠᠭ᠋ᠠᠬᠤ ᠠᠵᠢᠯ᠎ᠢ ᠪᠠᠢ᠌ᠴᠠᠭ᠋ᠠᠨ ᠰᠤᠳᠤᠯᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢ ᠵᠣᠬᠢᠶᠠᠨ ᠪᠠᠢ᠌ᠭᠤᠯᠵᠤ ᠲᠣᠭᠣᠷᠢᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠠ᠋ᠷᠢᠶᠡᠨ ᠬᠣᠲᠠ ᠵᠢᠨ ᠠᠷᠠᠳ᠎ᠤᠨ ᠶᠠᠪᠤᠳᠠᠯ ᠨᠡᠢ᠌ᠬᠡᠮ᠎ᠤᠨ ᠪᠠᠲᠤᠯᠠᠭ᠎ᠠ ᠵᠢᠨ ᠲᠣᠪᠴᠢᠶ᠎ᠠ 2019 ᠣᠨ᠎ᠤ ᠦᠨᠳᠦᠰᠦᠨ ᠱᠠᠲᠤᠨ᠎ᠤ ᠨᠡᠢ᠌ᠬᠡᠮ᠎ᠤᠨ ᠳᠤᠰᠠᠯᠠᠮᠵᠢ ᠵᠢᠨ ᠭᠠᠷᠲᠠᠨ ᠭᠦᠢᠴᠡᠳᠬᠡᠬᠦ ᠦᠢᠯᠡᠴᠢᠯᠡᠭᠡᠨ᠎ᠤ ᠴᠢᠳᠠᠪᠤᠷᠢ ᠵᠢᠨ ᠪᠣᠯᠪᠠᠰᠤᠷᠠᠯ᠎ᠤᠨ ᠠᠩᠭᠢ ᠠ᠋ᠷᠬᠢᠯᠡᠪᠡ
 
            