7 ᠳ᠋ᠤᠭ᠋ᠠᠷ ᠰᠠᠷᠠ ᠵᠢᠨ 17ᠠᠴᠠ 20ᠤ ᠠ᠋ᠳᠤᠷ ᠪᠣᠯᠲᠠᠯᠠ ᠤᠯᠤᠰᠤᠨ ᠠᠷᠠᠳᠤᠨ ᠶᠠᠪᠤᠳᠠᠯᠤᠨ ᠶᠠᠮᠤᠨᠤ ᠳᠣᠣᠷᠠ ᠣᠷᠣᠯᠭ᠋ᠠᠲᠤ ᠭᠡᠷ ᠪᠦᠯᠢ ᠵᠢ ᠨᠣᠲᠠᠯᠠᠨ ᠳᠣᠭᠲᠠᠭ᠋ᠠᠬᠤ ᠵᠢᠯᠣᠭᠣᠳᠬᠤ ᠲᠦᠪᠠᠴᠠ ᠭᠤᠸᠠᠩᠰᠢ ᠵᠢᠨ ᠨᠠᠨᠨᠢᠩ ᠬᠣᠲᠠ ᠵᠢᠨ ᠴᠢᠩ ᠰᠢᠤ ᠲᠣᠭᠣᠷᠢᠭᠲᠤ《2019 ᠣᠨᠤ ᠪᠦᠬᠦ ᠤᠯᠤᠰᠤᠨ ᠬᠢᠨᠠᠨ ᠬᠠᠷᠭᠤᠭᠤᠯᠤᠯᠲᠠ ᠵᠢᠨ ᠠᠵᠢᠯᠤᠨ ᠬᠤᠷᠠᠯ》ᠬᠤᠷᠠᠯᠳᠤᠪᠠ᠃ ᠮᠠᠨᠤ ᠣᠷᠣᠨᠠᠴᠠ ᠬᠦᠮᠤᠨ ᠲᠣᠮᠢᠯᠠᠨ ᠣᠷᠣᠯᠴᠠᠭᠤᠯᠵᠠᠢ᠃
ᠬᠣᠷᠠᠯ ᠳᠡᠭᠡᠷᠡ ᠰᠢ ᠵᠢᠨ ᠫᠢᠩ ᠶᠡᠷᠣᠩᠬᠡᠢ ᠱᠦᠵᠢ ᠵᠢᠨ ᠶᠠᠳᠠᠭᠤ ᠵᠢ ᠳᠡᠳᠬᠦᠬᠦ ᠪᠠ ᠠᠷᠠᠳᠤᠨ ᠶᠠᠪᠤᠳᠠᠯᠤᠨ ᠠᠵᠢᠯᠤᠨ ᠳᠤᠬᠠᠢ ᠴᠢᠬᠤᠯᠠ ᠵᠢᠭ᠋ᠠᠪᠤᠷᠢ ᠪᠣᠯᠤᠨ ᠠᠷᠪᠠᠨ ᠲᠦᠷᠪᠡᠳᠤᠭᠡᠷ ᠤᠳᠠᠭ᠋ᠠᠨᠤ ᠪᠦᠬᠦ ᠤᠯᠤᠰᠤᠨ ᠠᠷᠠᠳᠤᠨ ᠶᠠᠪᠤᠳᠠᠯᠤᠨ ᠬᠤᠷᠠᠯᠤᠨ ᠵᠣᠷᠢᠭ ᠰᠠᠨᠠᠭᠠ ᠵᠢ ᠭᠦᠨᠵᠡᠭᠡᠢ ᠰᠤᠷᠤᠯᠴᠠᠨ ᠳᠣᠭᠣᠰᠢᠯᠠᠭᠤᠯᠵᠤ᠂ 《ᠶᠠᠳᠠᠭᠤᠠᠴᠠ ᠠᠩᠬᠢᠵᠢᠷᠠᠭᠤᠯᠬᠤ ᠰᠢᠪᠲᠤᠯᠤᠯᠲᠠ》ᠵᠢᠨ ᠠᠵᠢᠯᠢ ᠴᠢᠬᠤᠯᠠᠴᠢᠯᠠᠨ᠂ ᠬᠢᠨᠠᠨ ᠬᠠᠷᠭᠤᠭᠤᠯᠤᠯᠲᠠ ᠵᠢᠨ ᠣᠳᠣᠬᠢ ᠪᠠᠢ᠌ᠳᠠᠯ ᠵᠶ᠋ᠠᠨ ᠳ᠋ᠦᠩᠨᠡᠵᠤ᠂ ᠳᠠᠷᠠᠭ᠋ᠠᠴᠢ ᠵᠢᠨ ᠬᠢᠨᠠᠨ ᠬᠠᠷᠭᠤᠭᠤᠯᠤᠯᠲᠠ ᠵᠢᠨ ᠠᠵᠢᠯ ᠵᠶ᠋ᠠᠨ ᠰᠢᠨᠵᠢᠯᠡᠬᠦ ᠤᠬᠠᠭ᠋ᠠᠨᠴᠢᠪᠠᠷ ᠪᠠᠢ᠌ᠷᠢᠰᠢᠭᠤᠯᠵᠠᠢ᠃
ᠬᠤᠷᠠᠯ ᠳᠡᠭᠡᠷᠡ ᠪᠠᠢ᠌ᠭ᠋ᠠᠯᠢ ᠵᠢᠨ ᠠ᠋ᠬᠢ ᠪᠠᠶᠠᠯᠢᠭᠤᠨ ᠶᠠᠮᠤᠨ᠂ ᠶᠠᠳᠠᠭᠤ ᠵᠢ ᠳᠡᠳᠬᠦᠬᠦ ᠠᠯᠪᠠᠨ ᠭᠡᠷ ᠵᠡᠷᠭᠡ ᠶᠠᠮᠤᠨ ᠵᠦᠪᠯᠡᠯᠤᠨ ᠮᠡᠷᠭᠡᠵᠢᠯᠲᠡᠨᠠᠴᠠ ᠰᠠᠯᠠᠭᠠ ᠮᠦᠴᠢᠷ ᠠᠯᠤᠰᠯᠠᠭᠰᠠᠨ ᠮᠡᠳᠡᠭᠡ ᠵᠠᠩᠭᠢ ᠵᠢ ᠬᠠᠮᠲᠤᠪᠠᠷ ᠠ᠋ᠳ᠋ᠯᠡᠬᠦ ᠬᠡᠪ ᠵᠠᠭᠪᠤᠷ ᠪᠣᠯᠤᠨ ᠪᠠᠲᠤᠯᠠᠭᠠ ᠵᠢᠨ ᠲᠣᠭᠲᠠᠯᠴᠠᠭᠠ ᠵᠢ ᠲᠠᠨᠢᠯᠴᠠᠭᠤᠯᠪᠠ᠃ ᠲᠢᠶᠡᠨᠵᠢᠨ᠂ ᠭᠤᠸᠠᠩᠰᠢ᠂ ᠶᠦᠨᠨᠠᠨ᠂ ᠬᠦᠬᠡᠨᠠᠭᠤᠷ᠂ ᠵᠢᠶᠠᠩᠰᠢ᠂ ᠱᠠᠩᠬᠠᠢ ᠵᠡᠷᠭᠡ ᠭᠠᠵᠠᠷ ᠣᠷᠣᠨᠤ《ᠬᠢᠨᠠᠨ ᠬᠠᠷᠭᠤᠭᠤᠯᠤᠯᠲᠠ ᠵᠢᠨ ᠠᠵᠢᠯ ᠵᠶ᠋ᠠᠷ ᠶᠠᠳᠠᠭᠤ ᠵᠢ ᠣᠨᠣᠴᠠᠲᠠᠢ ᠳᠡᠳᠬᠦᠬᠦ ᠵᠢ ᠰᠦᠪᠡᠭᠴᠢᠯᠡᠨ ᠦᠢ᠍ᠯᠡᠳᠤᠯᠭᠡᠵᠢᠭᠦᠯᠤᠭ᠌ᠰᠡᠨ》ᠳᠤᠷᠰᠢᠯᠭᠠ ᠵᠢ ᠳᠤᠭᠤᠢ᠌ᠯᠠᠩ ᠬᠣᠪᠢᠶᠠᠨ ᠶᠠᠷᠢᠯᠴᠠᠭᠰᠠᠨ ᠪᠠᠢ᠌ᠨᠠ᠃
ᠮᠠᠨᠤ ᠣᠷᠣᠨ ᠠ᠋ᠨᠡ ᠤᠳᠠᠭ᠋ᠠᠨᠤ ᠪᠦᠬᠦ ᠤᠯᠤᠰᠤᠨ ᠬᠢᠨᠠᠨ ᠬᠠᠷᠭᠤᠭᠤᠯᠤᠯᠲᠠ ᠵᠢᠨ ᠠᠵᠢᠯᠤᠨ ᠵᠣᠷᠢᠭ ᠰᠠᠨᠠᠭᠠ ᠵᠢ ᠨᠠᠷᠢᠨ ᠬᠢᠨᠠᠮᠠᠭ᠋ᠠᠢ ᠰᠤᠷᠤᠯᠴᠠᠨ ᠳᠤᠭᠤᠰᠢᠯᠠᠭᠤᠯᠵᠤ᠂ ᠠᠬᠠ ᠳᠡᠭᠦᠤ ᠮᠤᠵᠢ ᠬᠣᠲᠠ ᠵᠢᠨ ᠰᠠᠢ᠌ᠨ ᠳᠤᠷᠰᠢᠯᠭᠠ᠂ ᠰᠠᠢ᠌ᠬᠠᠨ ᠠᠷᠭᠠᠪᠠᠷ ᠲᠣᠯᠢ ᠪᠣᠯᠭ᠋ᠠᠨ᠂ ᠲᠦᠷᠤ ᠵᠢᠨ ᠪᠣᠳᠣᠯᠭᠠ ᠳᠦᠷᠢᠮ ᠳᠣᠭᠲᠠᠭ᠋ᠠᠯ ᠵᠶ᠋ᠠᠨ ᠤᠯᠠᠮ ᠲᠡᠭᠦᠯᠳᠡᠷᠵᠢᠭᠦᠯᠵᠤ᠂ ᠨᠡᠢ᠌ᠬᠡᠮᠤᠨ ᠳᠤᠰᠠᠯᠠᠮᠵᠢ ᠬᠦᠷᠳᠡᠬᠦ ᠬᠦᠮᠤᠰᠢ ᠣᠨᠣᠴᠠᠲᠠᠢ ᠨᠣᠲᠠᠯᠠᠨ ᠳᠣᠭᠲᠠᠭ᠋ᠠᠬᠤ ᠪᠠ ᠶᠠᠳᠠᠭᠤ ᠵᠢ ᠣᠨᠣᠴᠠᠲᠠᠢ ᠳᠡᠳᠬᠦᠬᠦ ᠠᠵᠢᠯᠳᠤᠪᠠᠨ ᠰᠢᠨᠡ ᠠᠮᠵᠢᠯᠲᠠ ᠪᠦᠲᠤᠭᠡᠯ ᠭᠠᠷᠭ᠋ᠠᠬᠤᠪᠠᠷ ᠭᠦᠴᠤᠯᠡᠨ ᠴᠢᠷᠮᠠᠢ᠌ᠵᠤ ᠪᠣᠢ᠃