2019 ᠤᠨ᠎ᠳᠤ ᠤᠯᠠᠭ᠋ᠠᠨᠬᠠᠳᠠ ᠬᠤᠲᠠ ᠵᠢᠨ ᠪᠠᠭ᠋ᠠᠷᠢᠨ ᠵᠡᠭᠦᠨ ᠬᠤᠰᠢᠭᠤ᠂ ᠬᠤᠩᠱ᠌ᠠᠨ ᠲᠤᠭᠤᠷᠢᠭ᠂ ᠯᠢᠨᠰᠢ ᠰᠢᠶᠠᠨ᠎ᠢ ᠨᠡᠢ᠌ᠭᠡᠮ᠎ᠤᠨ ᠳᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠤᠰᠢᠭᠤ ᠰᠢᠶᠠᠨ ᠵᠢᠡᠷ ᠳᠣᠭᠲᠠᠭ᠋ᠠᠭᠰᠠᠨ ᠪᠠᠢ᠌ᠨ᠎ᠠ᠃ ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠪᠦᠬᠦ ᠵᠢᠯ᠎ᠤᠨ ᠠᠵᠢᠯ᠎ᠤᠨ ᠭᠣᠣᠯᠳᠠᠯᠭ᠎ᠠ ᠪᠣᠯᠭ᠋ᠠᠵᠦ᠂ ᠨᠢᠭᠡᠳᠦᠯᠲᠠᠢ ᠲᠥᠯᠥᠪᠯᠡᠨ ᠵᠤᠬᠢᠴᠠᠭᠤᠯᠵᠦ᠂ ᠢᠲᠡᠪᠬᠢᠲᠠᠢ ᠠᠬᠢᠭᠤᠯᠤᠨ᠂ ᠵᠤᠬᠢᠬᠤ ᠦᠷ᠎ᠡ ᠪᠦᠲᠦᠮᠵᠢ ᠣᠯᠪᠠ᠃
ᠨᠢᠭᠡ᠎ᠳᠤ ᠴᠢᠭᠯᠡᠯ ᠵᠢᠡᠨ ᠲᠤᠲᠤᠷᠬᠠᠢ ᠪᠣᠯᠭ᠋ᠠᠵᠦ᠂ ᠲᠥᠰᠦᠯ ᠲᠣᠬᠲᠠᠭ᠋ᠠᠵᠦ᠂ ᠲᠤᠷᠰᠢᠯᠲᠠ ᠵᠢᠨ ᠠᠵᠢᠯ ᠵᠶ᠋ᠠᠨ ᠠ᠋ᠷᠴᠢᠮᠵᠢᠭᠦᠯᠪᠡ
ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠳᠤᠮᠳᠠ ᠨᠡᠢ᠌ᠲᠡᠮ ᠤᠷᠤᠰᠢᠵᠦ ᠪᠠᠢ᠌ᠭ᠎ᠠ ᠲᠤᠪᠤᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠭᠤᠷᠪᠠᠨ ᠲᠤᠷᠰᠢᠯᠲᠠ ᠵᠢᠨ ᠭᠠᠵᠠᠷ ᠤᠷᠤᠨ᠎ᠤ ᠪᠤᠳᠠᠲᠦ ᠪᠠᠢ᠌ᠳᠠᠯ᠎ᠲᠠᠢ ᠤᠶᠠᠯᠳᠤᠭᠤᠯᠤᠨ᠂ ᠲᠤᠭᠤᠷᠢᠭ ᠬᠤᠰᠢᠭᠤ ᠰᠢᠶᠠᠨ᠎ᠢ ᠵᠢᠯᠤᠭᠤᠳᠤᠨ ᠥᠭᠡᠷᠡᠴᠢᠯᠡᠯᠲᠡ ᠵᠢᠨ ᠴᠢᠭᠯᠡᠯ᠎ᠢ ᠲᠣᠬᠲᠠᠭ᠋ᠠᠵᠦ᠂ ᠪᠠᠭ᠋ᠠᠷᠢᠨ ᠵᠡᠭᠦᠨ ᠬᠤᠰᠢᠭᠤᠨ᠎ᠳᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠬᠠᠷᠠᠭ᠋ᠠᠯᠵᠠᠬᠤ ᠵᠢ ᠳᠦᠷᠢᠮᠵᠢᠭᠦᠯᠦᠨ ᠬᠠᠮᠢᠶᠠᠷᠬᠤ ᠠᠵᠢᠯ᠎ᠤᠨ ᠰᠢᠨᠡᠴᠢᠯᠡᠯᠲᠡ ᠬᠢᠬᠦ ᠵᠢ ᠭᠣᠣᠯᠳᠠᠯᠭ᠎ᠠ ᠪᠣᠯᠭ᠋ᠠᠨ ᠠᠳᠬᠤᠪᠠ; ᠯᠢᠨᠰᠢ ᠰᠢᠶᠠᠨ᠎ᠳᠤ ᠢᠯᠡ ᠪᠣᠯᠭ᠋ᠠᠬᠤ ᠲᠤᠭᠲᠠᠯᠴᠠᠭ᠎ᠠ ᠵᠢ ᠪᠦᠷᠢᠨᠰᠢᠭᠦᠯᠵᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠠᠷᠠᠳᠴᠢᠯᠠᠯ ᠵᠢᠡᠷ ᠬᠢᠨᠠᠬᠤ ᠰᠢᠨ᠎ᠡ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠭᠣᠣᠯᠳᠠᠯᠭ᠎ᠠ ᠪᠣᠯᠭ᠋ᠠᠨ ᠠᠬᠢᠭᠤᠯᠪᠠ; ᠬᠤᠩᠱ᠌ᠠᠨ ᠲᠤᠭᠤᠷᠢᠭ᠎ᠲᠤ ᠨᠠᠷᠢᠨ ᠤᠨᠤᠴᠠᠲᠠᠢ ᠳᠤᠰᠠᠯᠠᠨ ᠲᠡᠳᠭᠦᠬᠦ ᠵᠢ ᠨᠢᠭᠡ ᠴᠣᠭᠴᠠᠵᠢᠭᠤᠯᠤᠭᠰᠠᠨ ᠬᠢᠨᠠᠨ ᠵᠥᠪᠰᠢᠶᠡᠷᠡᠬᠦ ᠲᠠᠪᠴᠠᠩ᠎ᠤᠨ ᠪᠠᠢ᠌ᠭᠤᠯᠵᠦ᠂ ᠳᠤᠰᠠᠯᠠᠮᠵᠢ ᠵᠢᠨ ᠠᠵᠢᠯ᠎ᠢ ᠺᠣᠮᠫᠢᠣᠢ᠍ᠲᠸᠷᠴᠢᠯᠠᠭᠰᠠᠨ ᠳᠦᠬᠦᠮ ᠲᠦᠲᠡ ᠦᠢ᠍ᠯᠡᠴᠢᠯᠡᠭᠡ ᠪᠤᠯᠭ᠋ᠠᠨ ᠥᠭᠡᠷᠡᠴᠢᠯᠡᠭᠡᠳ᠂ ᠥᠭᠡᠷᠡᠴᠢᠯᠡᠯᠲᠡ᠎ᠨᠢ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠤᠷᠳᠤᠨ᠎ᠤ ᠬᠦᠴᠦᠲᠠᠢ ᠲᠡᠮᠵᠢᠯᠭᠡ ᠵᠢ ᠤᠯᠵᠦ᠂ ᠲᠤᠰᠪᠤᠷᠢ ᠵᠠᠰᠠᠭ᠎ᠤᠨ ᠤᠷᠳᠤᠨ᠎ᠤ ᠨᠡᠷ᠎ᠡ᠎ᠪᠠᠷ ᠲᠤᠷᠰᠢᠯᠲᠠ ᠵᠢᠨ ᠲᠥᠰᠦᠯ ᠲᠤᠬᠲᠠᠭ᠋ᠠᠵᠦ᠂ ᠠᠵᠢᠯ ᠵᠢᠡᠨ ᠨᠠᠢ᠌ᠳᠠᠪᠤᠷᠢᠵᠢᠭᠤᠯᠬᠤ ᠵᠢ ᠠᠬᠢᠭᠤᠯᠤᠭᠰᠠᠨ ᠪᠠᠢ᠌ᠨ᠎ᠠ᠃
ᠬᠤᠶᠠᠷ᠎ᠲᠤ ᠬᠢᠨᠠᠨ ᠵᠢᠯᠤᠭᠤᠳᠬᠤ ᠵᠢ ᠴᠢᠩᠭ᠋ᠠᠳᠬᠠᠨ ᠵᠤᠬᠢᠴᠠᠭᠤᠯᠵᠦ᠂ ᠲᠤᠷᠰᠢᠯᠲᠠ ᠵᠢᠨ ᠠᠵᠢᠯ ᠵᠶ᠋ᠠᠨ ᠪᠦᠲᠦᠮᠵᠢ᠎ᠲᠠᠢ ᠠᠬᠢᠭᠤᠯᠪᠠ
ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠠᠢ᠌ᠩᠭᠤ ᠵᠢᠨ ᠴᠢᠨᠠᠷᠲᠠᠢ ᠬᠢᠨᠠᠨ ᠪᠠᠢ᠌ᠴᠠᠭ᠋ᠠᠵᠤ ᠰᠤᠳᠤᠯᠬᠤ ᠵᠢ ᠠᠵᠢᠯ᠎ᠤᠨ ᠭᠣᠣᠯᠳᠠᠯᠭ᠎ᠠ ᠪᠣᠯᠭ᠋ᠠᠨ ᠢᠲᠡᠪᠬᠢᠲᠠᠢ ᠠᠬᠢᠭᠤᠯᠪᠠ᠃ 2019 ᠤᠨ᠎ᠤ ᠳᠡᠭᠡᠷ᠎ᠡ ᠬᠠᠭ᠋ᠠᠰ ᠵᠢᠯ᠎ᠳᠤ ᠬᠤᠶᠠᠷ ᠤᠳᠠᠭ᠎ᠠ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠬᠢᠵᠠᠢ᠃ ᠠ᠋ᠳᠦᠭᠡ ᠪᠣᠯᠬᠤ᠎ᠳᠤ ᠲᠤᠷᠰᠢᠯᠲᠠ ᠵᠢᠨ ᠬᠤᠰᠢᠭᠤ ᠰᠢᠶᠠᠨ᠎ᠤ ᠠᠵᠢᠯ ᠱᠠᠲᠦᠴᠢ ᠴᠢᠨᠠᠷᠲᠠᠢ ᠠᠬᠢᠯᠲᠠ᠎ᠲᠠᠢ ᠪᠣᠯᠪᠠ᠃
ᠪᠠᠭ᠋ᠠᠷᠢᠨ ᠵᠡᠭᠦᠨ ᠬᠤᠰᠢᠭᠤ ᠣᠨᠴᠠ ᠬᠦᠴᠢᠷᠳᠡᠯ᠎ᠲᠠᠢ ᠬᠦᠮᠦᠰ᠎ᠢ ᠨᠤᠲᠠᠯᠠᠨ ᠲᠤᠭᠲᠠᠭ᠋ᠠᠬᠤ ᠪᠠᠷᠢᠮᠵᠢᠶ᠎ᠠ ᠵᠢᠨ ᠲᠠᠯ᠎ᠠ᠎ᠪᠠᠷ 《ᠳᠥᠷᠪᠡᠨ ᠪᠠᠷᠢᠮᠵᠢᠶ᠎ᠠ》 ᠵᠢ ᠰᠥᠪᠡᠭᠴᠢᠯᠡᠨ᠂ ᠣᠷᠣᠯᠭ᠎ᠠ ᠵᠢ ᠬᠢᠨᠠᠨ ᠪᠤᠳᠤᠬᠤ 《ᠲᠠᠪᠤᠨ ᠬᠡᠮᠵᠢᠭᠦᠷ》 ᠲᠤᠭᠲᠠᠭ᠋ᠠᠪᠠ; ᠣᠨᠴᠠ ᠬᠦᠴᠢᠷᠳᠡᠯ᠎ᠲᠠᠢ ᠬᠦᠮᠦᠰ᠎ᠤᠨ ᠬᠠᠮᠢᠶᠠᠷᠤᠯᠲᠠ ᠵᠢᠨ ᠲᠠᠯ᠎ᠠ᠎ᠪᠠᠷ᠂ ᠭᠤᠷᠪᠠᠳᠠᠬᠢ ᠠ᠋ᠲᠡᠭᠡᠳ᠎ᠤᠨ ᠲᠤᠰᠬᠠᠢ ᠮᠡᠷᠭᠡᠵᠢᠯ᠎ᠤᠨ ᠦᠨᠡᠯᠡᠯᠲᠡ ᠵᠢ ᠬᠤᠳᠠᠯᠳᠤᠨ ᠠᠪᠬᠤ᠎ᠪᠠᠷ ᠬᠤᠯᠪᠤᠭ᠋ᠠᠰᠦ ᠪᠣᠯᠭ᠋ᠠᠨ᠂ 《ᠭᠡᠷ᠎ᠡ ᠲᠤᠭᠲᠠᠨ ᠬᠠᠮᠢᠶᠠᠷᠬᠤ》 ᠦᠢ᠍ᠯᠡᠴᠢᠯᠡᠭᠡᠨ᠎ᠤ ᠬᠢᠨᠠᠯᠲᠠ᠎ᠪᠠᠷ ᠠᠷᠭ᠎ᠠ ᠵᠠᠮ ᠪᠣᠯᠭ᠋ᠠᠵᠦ᠂ ᠤᠯᠠᠨ ᠲᠡᠰ ᠳᠠᠪᠬᠤᠷᠭ᠋ᠠᠨ᠎ᠤ ᠨᠢᠭᠡ ᠴᠣᠭᠴᠠᠵᠢᠭᠰᠠᠨ ᠣᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠬᠠᠷᠠᠭ᠋ᠠᠯᠵᠠᠬᠤ ᠳᠣᠭᠲᠠᠯᠴᠠᠭ᠎ᠠ ᠵᠢ ᠪᠠᠢ᠌ᠭᠤᠯᠤᠭ᠋ᠠᠳ ᠣᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠬᠠᠷᠠᠭ᠋ᠠᠯᠵᠠᠬᠤ ᠲᠤᠬᠲᠠᠯᠠᠴᠠᠭᠠ ᠵᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠬᠠᠤᠯᠢᠵᠢᠭᠤᠯᠬᠤ ᠵᠢ ᠪᠦᠲᠦᠮᠵᠢᠲᠠᠢ᠎ᠪᠠᠷ ᠠᠬᠢᠭᠤᠯᠪᠠ᠃ ᠤᠳᠤᠬᠠᠨ᠎ᠳᠤ ᠣᠨᠴᠠ ᠬᠦᠴᠢᠷᠳᠡᠯ᠎ᠲᠠᠢ ᠬᠦᠮᠦᠰ᠎ᠢ ᠨᠠᠷᠢᠨ ᠤᠨᠤᠴᠠᠲᠠᠢ ᠨᠤᠲᠠᠯᠠᠨ ᠲᠤᠬᠲᠠᠭ᠋ᠠᠬᠤ ᠠᠵᠢᠯ᠎ᠨᠢ ISO9001 ᠶᠠᠰᠦ ᠴᠢᠨᠠᠷ᠎ᠤᠨ ᠬᠠᠮᠢᠶᠠᠷᠤᠯᠲᠠ ᠵᠢᠨ ᠲᠤᠭᠲᠠᠯᠴᠠᠭ᠎ᠠ᠎ᠳᠤ ᠵᠦᠪᠰᠢᠶᠡᠷᠡᠭᠳᠡᠭᠰᠡᠨ ᠪᠠᠢ᠌ᠨ᠎ᠠ᠃
ᠯᠢᠨᠰᠢ ᠰᠢᠶᠠᠨ ᠭᠤᠷᠪᠠᠨ ᠵᠦᠢ᠍ᠯ᠎ᠤᠨ ᠠᠵᠢᠯ᠎ᠢ ᠢᠯᠡ ᠪᠣᠯᠭ᠋ᠠᠬᠤ ᠲᠤᠮᠤ ᠳ᠋ᠠᠢ᠌ᠲ᠋ᠠ ᠵᠢᠨ ᠲᠠᠪᠴᠠᠩ ᠵᠶ᠋ᠠᠨ ᠤᠯᠠᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠠᠷᠠᠳᠴᠢᠯᠠᠯ ᠵᠢᠡᠷ ᠦᠨᠡᠯᠡᠬᠦ ᠵᠠᠬ᠍ᠪᠤᠷ ᠵᠶ᠋ᠠᠨ ᠥᠭᠡᠷᠡᠴᠢᠯᠡᠨ᠂ ᠳᠤᠰᠬᠤᠨ᠎ᠤ ᠭᠤᠷᠪᠠᠨ ᠵᠥᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠬᠦᠨ᠎ᠤ ᠬᠢᠨᠠᠨ ᠦᠨᠡᠯᠡᠬᠦ ᠲᠤᠭᠤᠢ᠌ᠯᠠᠩ᠎ᠠᠴᠠ ᠠᠷᠠᠳᠴᠢᠯᠠᠯ ᠵᠢᠡᠷ ᠬᠢᠨᠠᠨ ᠦᠨᠡᠯᠡᠬᠦ ᠪᠣᠯᠭ᠋ᠠᠭ᠋ᠠᠳ᠂ ᠠᠷᠠᠳᠴᠢᠯᠠᠯ ᠵᠢᠡᠷ ᠵᠦᠪᠯᠡᠨ ᠦᠨᠡᠯᠡᠬᠦ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠴᠠᠭ᠎ᠲᠤ ᠴᠢᠨᠠᠷᠲᠠᠢ ᠪᠣᠯᠭ᠋ᠠᠪᠠ᠃ ᠤᠳᠤᠬᠠᠨ᠎ᠳᠤ ᠱ᠌ᠢ ᠡᠯ ᠲᠸᠤ ᠵᠡᠷᠭᠡ ᠲᠤᠰᠬᠤᠨ᠎ᠳᠤ ᠦᠢ᠍ᠯᠡᠳᠤᠯᠭᠡᠵᠢᠭᠦᠯᠤᠭᠡᠳ ᠨᠡᠯᠢᠶᠡᠳ ᠰᠠᠢ᠌ᠨ ᠨᠥᠯᠦᠭᠡ ᠲᠤᠰᠬᠠᠯ᠎ᠲᠠᠢ ᠪᠣᠯᠪᠠ᠃
ᠬᠤᠩᠱ᠌ᠠᠨ ᠲᠤᠭᠤᠷᠢᠭ ᠨᠡᠢ᠌ᠭᠡᠮ᠎ᠤᠨ ᠳᠤᠰᠠᠯᠠᠮᠵᠢ ᠵᠢᠨ ᠲᠤᠮᠤ ᠳ᠋ᠠᠢ᠌ᠲ᠋ᠠ ᠵᠢᠨ ᠲᠠᠪᠴᠠᠩ ᠪᠠᠢ᠌ᠭᠤᠯᠵᠦ᠂ ᠬᠤᠩᠱ᠌ᠠᠨ᠎ᠤ ᠨᠡᠢ᠌ᠬᠡᠮ᠎ᠤᠨ ᠳᠤᠰᠠᠯᠠᠮᠵᠢ ᠵᠢᠨ APP᠂ ᠠ᠋ᠭᠦᠯᠡᠨ ᠪᠣᠳᠤᠯᠲᠠ ᠳᠡᠭᠡᠷᠡᠬᠢ ᠠᠷᠠᠳ᠎ᠤᠨ ᠶᠠᠪᠤᠳᠠᠯ᠎ᠤᠨ APP ᠪᠣᠯᠣᠨ ᠤᠢ᠌ᠷ᠎ᠠ ᠲᠥᠷᠦᠯ᠎ᠢ᠎ᠨᠢ ᠲᠠᠩᠰᠠᠯᠠᠬᠤ ᠰᠢᠰᠲᠸᠮ᠂ ᠠ᠋ᠯᠸᠺᠲᠷᠤᠨ ᠲᠠᠩᠰᠨ ᠡᠪᠬᠡᠮᠡᠯ᠎ᠤᠨ ᠬᠠᠮᠢᠶᠠᠷᠤᠯᠲᠠ ᠵᠢᠨ ᠰᠢᠰᠲᠸᠮ ᠵᠡᠷᠭᠡ ᠶᠡᠷᠦᠩᠬᠡᠢ᠌ᠯᠡᠭᠰᠡᠨ ᠠᠵᠢᠯ᠎ᠤᠨ ᠰᠢᠰᠲᠸᠮ᠎ᠢ ᠨᠡᠪᠲᠡᠷᠡᠭᠦᠯᠵᠦ᠂ 《ᠲᠤᠮᠤ ᠳ᠋ᠠᠢ᠌ᠲ᠋ᠠ》᠎ᠪᠠᠷ 《ᠨᠠᠷᠢᠨ ᠳᠠᠩᠰᠠ》 ᠪᠣᠳᠤᠵᠦ᠂ ᠨᠡᠢ᠌ᠬᠡᠮ᠎ᠤᠨ ᠳᠤᠰᠠᠯᠠᠮᠵᠢ ᠵᠢᠨ ᠲᠣᠭ᠎ᠠ ᠪᠠᠷᠢᠮᠲᠠ ᠵᠢ 《ᠨᠢᠭᠡ ᠲᠣᠭ᠋ᠠᠨ᠎ᠳᠤ ᠨᠢᠭᠡ ᠠ᠋ᠬᠢ᠎ᠲᠠᠢ᠂ ᠨᠢᠭᠡ ᠠ᠋ᠬᠢ ᠵᠢ ᠤᠯᠠᠨ ᠬᠡᠷᠡᠭᠴᠡᠭᠡ᠎ᠲᠠᠢ》 ᠪᠣᠯᠭ᠋ᠠᠬᠰᠠᠨ᠎ᠠᠴᠠ ᠡᠯ᠎ᠡ ᠵᠦᠢ᠍ᠯ᠎ᠤᠨ ᠳᠤᠰᠠᠯᠠᠮᠵᠢ ᠵᠢᠨ ᠭᠤᠶᠤᠴᠢᠯᠠᠯ᠎ᠳᠤ ᠳᠦᠬᠦᠮ ᠲᠦᠳᠡ ᠪᠤᠯᠵᠦ᠂ ᠲᠦᠷ ᠴᠠᠭ᠎ᠤᠨ ᠳᠤᠰᠠᠯᠠᠮᠵᠢ ᠵᠢᠨ ᠪᠡᠯᠡ ᠮᠥᠩᠭᠦ 10 ᠮᠢᠨᠦ᠋ᠲ᠎ᠲᠤ ᠭᠠᠷ᠎ᠲᠤ ᠤᠷᠤᠵᠦ ᠴᠢᠳᠠᠬᠤ ᠪᠣᠯᠪᠠ᠃ 5 ᠳ᠋ᠤᠭ᠋ᠠᠷ ᠰᠠᠷ᠎ᠠ ᠪᠣᠯᠲᠠᠯ᠎ᠠ ᠲᠦᠷ ᠴᠠᠭ᠎ᠤᠨ ᠳᠤᠰᠠᠯᠠᠮᠵᠢ ᠵᠢ 203 ᠬᠢᠨᠠᠨ ᠵᠦᠪᠰᠢᠶᠡᠷᠡᠵᠦ᠂ 79.1 ᠲᠦᠮᠡᠨ ᠲᠥᠭᠦᠷᠢᠭ᠎ᠤᠨ ᠪᠡᠯᠡ ᠮᠥᠩᠭᠭᠦ ᠵᠢ ᠭᠠᠷᠳᠠᠭᠤᠯᠤᠭᠰᠠᠨ ᠪᠠᠢ᠌ᠨ᠎ᠠ᠃ ᠠᠷᠠᠳ᠎ᠤᠨ ᠶᠠᠪᠤᠳᠠᠯ᠎ᠤᠨ ᠲᠤᠮᠤ ᠳ᠋ᠠᠢ᠌ᠲ᠋ᠠ ᠵᠢᠨ ᠲᠠᠪᠴᠠᠩ᠎ᠳᠤ᠎ᠪᠠᠨ ᠡᠯ᠎ᠡ ᠵᠦᠢ᠍ᠯ᠎ᠤᠨ ᠲᠣᠭ᠎ᠠ ᠪᠠᠷᠢᠮᠲᠠ ᠵᠢ 35 ᠲᠦᠮᠡ ᠭᠠᠷᠤᠢ ᠵᠤᠷᠪᠤᠰ ᠬᠤᠷᠢᠶᠠᠨ ᠴᠤᠭᠯᠠᠭᠤᠯᠪᠠ᠃
ᠭᠤᠷᠪᠠ᠎ᠳᠤ ᠴᠡᠭ ᠵᠢᠡᠷ ᠨᠡᠢ᠌ᠲᠡᠮᠢ ᠲᠠᠢ᠌ᠴᠢᠯᠠᠨ ᠲᠡᠭᠦᠯᠳᠡᠷᠵᠢᠭᠦᠯᠦᠨ ᠲᠡᠭᠡᠭᠰᠢᠯᠡᠭᠦᠯᠵᠦ᠂ ᠲᠤᠷᠰᠢᠯᠭ᠎ᠠ᠎ᠪᠠᠨ ᠳᠡᠯᠭᠡᠷᠡᠭᠦᠯᠬᠦ ᠠᠵᠢᠯ᠎ᠢ ᠴᠢᠩᠭ᠋ᠠᠳᠬᠠᠪᠠ
2019 ᠤᠨ᠎ᠳᠤ ᠤᠯᠠᠭ᠋ᠠᠨᠬᠠᠳᠠ ᠬᠤᠲᠠ ᠭᠤᠷᠪᠠᠨ ᠲᠤᠷᠰᠢᠯᠲᠠ ᠵᠢᠨ ᠭᠠᠵᠠᠷ ᠤᠷᠤᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠶ᠋ᠡᠷ ᠭᠣᠣᠯ ᠰᠢᠵᠢᠮ ᠪᠤᠯᠭ᠋ᠠᠨ᠂ ᠨᠡᠢ᠌ᠭᠡᠮ᠎ᠤᠨ ᠳᠤᠰᠠᠯᠠᠮᠵᠢ ᠵᠢ ᠳᠦᠷᠢᠮᠵᠢᠭᠦᠯᠦᠨ ᠬᠠᠮᠢᠶᠠᠷᠬᠤ ᠠᠵᠢᠯ ᠵᠶ᠋ᠠᠨ ᠴᠢᠩᠭ᠋ᠠᠳᠬᠠᠵᠤ ᠵᠢ ᠨᠢᠭᠡᠳᠦᠯᠲᠠᠢ ᠲᠥᠯᠥᠪᠯᠡᠬᠦ ᠠᠵᠢᠯ᠎ᠤᠨ ᠬᠠᠷᠠᠯᠲᠠ᠎ᠪᠠᠨ ᠲᠤᠬᠲᠠᠭ᠋ᠠᠪᠠ᠃ ᠲᠤᠷᠰᠢᠯᠲᠠ ᠵᠢᠨ ᠭᠠᠵᠠᠷ ᠤᠷᠤᠨ᠎ᠤ ᠲᠤᠷᠰᠢᠯᠭ᠎ᠠ ᠵᠢ ᠴᠠᠭ ᠲᠤᠬᠠᠢᠳᠤᠨᠢ ᠳ᠋ᠦᠩᠨᠡᠨ ᠲᠡᠭᠦᠯᠳᠡᠷᠵᠢᠭᠦᠯᠵᠦ ᠲᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠶᠡᠬᠡᠪᠡᠷ ᠲᠦᠭᠡᠮᠡᠯᠵᠢᠭᠦᠯᠤᠨ ᠳᠡᠯᠭᠡᠷᠡᠭᠦᠯᠪᠡ᠃ ᠡᠯ᠎ᠡ ᠭᠠᠵᠠᠷ᠎ᠤᠨ᠎ᠬᠢᠨ ᠲᠤᠷᠰᠢᠯᠲᠠ ᠵᠢᠨ ᠭᠠᠵᠠᠷ ᠤᠷᠤᠨ᠎ᠤ ᠲᠠᠭ᠋ᠠᠭᠤᠯᠭ᠎ᠠ᠎ᠪᠠᠷ ᠰᠡᠳᠭᠢᠴᠡ᠎ᠪᠠᠨ ᠲᠡᠯᠡᠨ ᠥᠷᠭᠡᠳᠭᠡᠵᠦ᠂ ᠠ᠋ᠳᠦᠢ ᠲᠡᠳᠦᠢ ᠦᠷ᠎ᠡ ᠪᠦᠲᠤᠮᠵᠢᠲᠠᠢ ᠲᠤᠷᠰᠢᠯᠲᠠ ᠬᠢᠭᠰᠡᠨ ᠪᠠᠢ᠌ᠨ᠎ᠠ᠃ ᠰᠦᠩᠱ᠌ᠠᠨ ᠲᠤᠭᠤᠷᠢᠭ 〈〈ᠨᠡᠢ᠌ᠭᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢ ᠮᠡᠳᠡᠭᠡ ᠵᠠᠩᠭᠢᠵᠢᠭᠤᠯᠬᠤ ᠪᠠᠢ᠌ᠭᠤᠯᠤᠯᠲᠠ ᠵᠢᠨ ᠰᠢᠰᠲᠸᠮ〉〉᠎ᠢ ᠰᠤᠳᠤᠯᠤᠨ ᠠ᠋ᠭᠦᠳᠪᠡ᠃ ᠡᠯ᠎ᠡ ᠵᠦᠢ᠍ᠯ᠎ᠤᠨ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠬᠠᠮᠢᠶᠠᠷᠤᠯᠲᠠ ᠳᠦᠷᠢᠮᠵᠢᠵᠤ᠂ ᠲᠣᠭ᠎ᠠ ᠪᠦᠷᠢᠳᠬᠡᠯ ᠬᠢᠬᠦ᠎ᠳᠤ ᠰᠢᠭᠤᠳ ᠰᠢᠯᠤᠭᠤᠨ ᠳᠦᠭᠦᠮ ᠲᠦᠳᠡ ᠪᠣᠯᠤᠭᠰᠠᠨ ᠪᠠᠢ᠌ᠨ᠎ᠠ; ᠤᠩᠨᠢᠭᠤᠳ ᠬᠤᠰᠢᠭᠣ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠭᠤᠶᠤᠴᠢᠯᠠᠬᠤ ᠭᠠᠷ ᠤᠲᠠᠰᠤᠨ᠎ᠤ APP ᠵᠢ ᠨᠡᠪᠲᠡᠷᠡᠭᠦᠯᠦᠭᠰᠡᠨ ᠵᠶ᠋ᠠᠷ ᠭᠠᠷ ᠤᠲᠠᠰᠦ᠎ᠪᠠᠷ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠢᠯᠡ ᠨᠡᠢ᠌ᠲᠡᠯᠡᠬᠦ ᠪᠠ ᠪᠡᠯᠡ ᠮᠥᠩᠭᠦ ᠣᠯᠭᠣᠬᠤ ᠵᠡᠷᠭᠡ ᠪᠦᠬᠦ ᠶᠠᠪᠤᠴᠠ ᠵᠢ ᠭᠦᠢ᠍ᠴᠡᠳᠭᠡᠵᠦ ᠴᠢᠳᠠᠬᠤ ᠮᠦᠷᠳᠡᠭᠡᠨ ᠣᠯᠵᠤ ᠮᠡᠳᠡᠬᠦ ᠪᠤᠯᠵᠦ᠂ ᠬᠦᠴᠢᠷᠳᠡᠯ᠎ᠲᠠᠢ ᠤᠯᠠᠨ ᠲᠦᠮᠡᠨ᠎ᠳᠤ ᠤᠯᠠᠮ ᠳᠦᠭᠦᠮ ᠦᠵᠡᠭᠦᠯᠵᠤ ᠴᠢᠳᠠᠪᠠ᠃