ᠦᠢ᠍ᠷ᠎ᠠ ᠵᠢᠨ ᠬᠡᠳᠤᠨ ᠵᠢᠯ᠎ᠠᠴᠠ ᠬᠦᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ᠎ᠬᠢᠨ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠭᠣᠣᠯᠳᠠᠯᠭ᠎ᠠ ᠵᠢ ᠡᠯ᠎ᠡ ᠲᠦᠷᠣᠯ᠎ᠤᠨ ᠠᠷᠠᠳ᠎ᠲᠤ ᠠᠰᠢᠭ ᠬᠦᠷᠲᠡᠭᠡᠬᠦ ᠲᠦᠷᠤ ᠵᠢᠨ ᠪᠣᠳᠣᠯᠭ᠎ᠠ ᠵᠢ ᠨᠠᠢ᠌ᠲᠠᠪᠤᠷᠢᠵᠢᠭᠤᠯᠬᠤ ᠳᠡᠭᠡᠷ᠎ᠡ ᠲᠠᠯᠪᠢᠵᠤ ᠪᠠᠢ᠌ᠭᠰᠠᠨ᠎ᠠᠴᠠ᠎ᠪᠠᠨ ᠠ᠋ᠳᠤᠭᠡ ᠨᠢᠭᠡᠨᠲᠡ ᠪᠠᠭᠤᠷᠠᠢ ᠲᠠᠯ᠎ᠠ᠎ᠪᠠᠨ ᠬᠦᠴᠤᠷᠬᠡᠭᠵᠢᠭᠦᠯᠵᠤ᠂ ᠳᠤᠲᠠᠭᠤᠳᠠᠯ ᠵᠶ᠋ᠠᠨ ᠨᠦᠬᠦᠪᠤᠷᠢᠯᠡᠨ᠂ ᠦᠭᠡᠷᠡᠴᠢᠯᠡᠯᠲᠡ ᠰᠢᠨᠡᠴᠢᠯᠡᠯᠲᠡ ᠬᠢᠵᠤ ᠵᠡᠷᠭᠡ ᠳᠡᠰ ᠵᠶ᠋ᠠᠨ ᠳᠡᠪᠰᠢᠭᠦᠯᠤᠨ᠂ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠳᠤ ᠳᠣᠬᠢᠷᠠᠭᠤᠯᠤᠨ᠂ ᠵᠣᠷᠢᠭᠲᠠᠢ᠎ᠪᠠᠷ ᠰᠢᠨᠡᠴᠢᠯᠡᠨ ᠦᠢ᠍ᠯᠡᠳᠣᠯᠭᠡᠵᠢᠭᠦᠯᠵᠤ᠂ ᠲᠦᠷᠣ ᠵᠢᠨ ᠪᠣᠳᠣᠯᠭ᠎ᠠ ᠨᠠᠢ᠌ᠲᠠᠪᠤᠷᠢᠵᠢᠭᠤᠯᠬᠤ᠎ᠳᠤ ᠤᠷᠢᠳᠠᠪᠡᠷ ᠤᠬᠠᠭᠤᠯᠭ᠎ᠠ ᠵᠢᠨ ᠠᠵᠢᠯ ᠵᠶ᠋ᠠᠨ ᠰᠠᠢ᠌ᠨ ᠬᠢᠬᠦ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ᠎ᠳᠤ ᠴᠠᠭ ᠦᠶ᠎ᠡ᠎ᠲᠠᠢ ᠵᠡᠷᠭᠡᠴᠡᠬᠦ᠂ ᠬᠢᠨᠡᠨ ᠵᠦᠪᠰᠢᠶᠡᠷᠡᠬᠦ ᠭᠣᠭᠴᠣᠭ᠋ᠠᠨ᠎ᠳᠤ ᠳᠡᠭᠡᠷ᠎ᠡ ᠳᠣᠣᠷ᠎ᠠ ᠵᠢ ᠨᠢᠭᠡᠳᠤᠯᠲᠠᠢ ᠲᠦᠷᠢᠮᠵᠢᠭᠦᠯᠬᠦ᠂ ᠬᠦᠴᠢᠷᠲᠡᠯ᠎ᠲᠠᠢ ᠬᠦᠮᠤᠰ᠎ᠢ ᠨᠣᠲᠠᠯᠠᠨ ᠳᠣᠭᠲᠠᠭ᠋ᠠᠬᠤ᠎ᠳᠤ ᠪᠦᠬᠦ ᠲᠠᠯ᠎ᠠ᠎ᠪᠠᠷ ᠣᠨᠣᠴᠠᠲᠠᠢ ᠪᠠᠢ᠌ᠯᠭ᠋ᠠᠬᠤ᠂ ᠪᠡᠯᠡ ᠮᠦᠩᠭᠦ ᠵᠢ ᠣᠯᠭᠤᠬᠤ᠎ᠳᠤ ᠳᠤᠬᠠᠢ ᠵᠢᠨ ᠬᠦᠮᠤᠨ᠎ᠳᠤᠨᠢ ᠭᠠᠷᠳᠠᠭᠤᠯᠬᠤ ᠵᠡᠷᠭᠡ 〈〈ᠲᠠᠪᠤᠨ ᠲᠠᠯ᠎ᠠ ᠵᠢᠨ ᠠᠵᠢᠯ〉〉᠎ᠤᠨ ᠦᠢ᠍ᠯᠠᠭ᠋ᠠᠭᠳᠠᠬᠤᠨᠢ ᠪᠣᠢ ᠪᠣᠯᠭ᠋ᠠᠨ ᠬᠡᠳᠤᠨ ᠵᠢᠯ ᠴᠢᠷᠮᠠᠢ᠌ᠭ᠋ᠠᠳ ᠳᠣᠪᠣᠢ᠌ᠮ᠎ᠠ ᠠᠮᠵᠢᠯᠲᠠ ᠣᠯᠪᠠ᠃ 2014 ᠣᠨ᠎ᠳᠤ ᠰᠢᠨ᠎ᠡ ᠬᠣᠲᠠ ᠲᠣᠭᠣᠷᠢᠭ᠎ᠤᠨ ᠶᠡᠷᠤᠩᠬᠡᠢ᠌ᠯᠡᠭᠰᠡᠨ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠲᠦᠪ᠎ᠨᠢ ᠪᠦᠬᠦ ᠬᠣᠲᠠ ᠵᠢᠨ ᠬᠠᠮᠤᠭ᠎ᠤᠨ ᠲᠡᠷᠢᠭᠦᠨ᠎ᠳᠤ ᠳᠡᠰ ᠳᠠᠪᠰᠢᠵᠤ ᠦᠪᠡᠷᠳᠡᠭᠡᠨ ᠵᠠᠰᠠᠬᠤ ᠣᠷᠣᠨ᠎ᠤ 〈〈ᠬᠣᠶᠠᠷ ᠤᠳᠤᠨ ᠳᠡᠰ〉〉᠎ᠤᠨ ᠠ᠋ᠩᠨᠡᠭᠡᠨ᠎ᠳᠤ ᠣᠷᠣᠵᠤ᠂ 2017 ᠣᠨ᠎ᠳᠤ ᠪᠠᠰᠠ ᠳᠡᠰ ᠳᠠᠪᠰᠢᠵᠤ᠂ ᠦᠪᠡᠷᠳᠡᠭᠡᠨ ᠵᠠᠰᠠᠬᠤ ᠣᠷᠣᠨ᠎ᠤ 〈〈ᠭᠤᠷᠪᠠᠨ ᠤᠳᠤᠨ ᠳᠡᠰ〉〉᠎ᠤᠨ ᠠ᠋ᠩᠨᠡᠭᠡᠨ᠎ᠳᠤ ᠣᠷᠣᠪᠠ᠃ 2017 ᠣᠨ᠎ᠳᠤ 〈〈ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠦᠷᠢᠮᠵᠢᠯ᠎ᠲᠤ ᠴᠢᠨᠡᠷ ᠪᠦᠬᠦᠢ ᠠᠯᠪᠠᠨ ᠪᠢᠴᠢᠭ〉〉᠎ᠢ ᠠᠷᠠᠳ᠎ᠤᠨ ᠶᠠᠪᠤᠳᠠᠯ᠎ᠤᠨ ᠶᠠᠮᠤᠨ᠎ᠠᠴᠠ ᠣᠨ᠎ᠤ ᠪᠦᠬᠦ ᠤᠯᠤᠰ᠎ᠤᠨ ᠠᠷᠪᠠᠨ ᠶᠡᠬᠡ ᠰᠢᠨᠡᠴᠢᠯᠡᠯᠲᠡ ᠵᠢᠨ ᠦᠷ᠎ᠡ ᠪᠦᠲᠦᠭᠡᠯ᠎ᠤᠨ ᠨᠡᠢ᠌ᠲᠡᠯᠢᠭ ᠵᠢᠱ᠌ᠢᠶ᠎ᠡ᠎ᠪᠠᠷ ᠰᠢᠯᠭ᠋ᠠᠷᠠᠭᠤᠯᠤᠭᠰᠠᠨ ᠪᠦᠭᠡᠳ ᠦᠪᠡᠷᠳᠡᠭᠡᠨ ᠵᠠᠰᠠᠬᠤ ᠣᠷᠣᠨ᠎ᠢ ᠲᠦᠯᠣᠭᠡᠯᠡᠨ ᠠᠷᠠᠳ᠎ᠤᠨ ᠶᠠᠪᠤᠳᠠᠯ᠎ᠤᠨ ᠶᠠᠮᠤᠨ᠎ᠤ ᠦᠷ᠎ᠡ ᠪᠦᠲᠤᠮᠵᠢ ᠵᠢᠨ ᠬᠢᠨᠠᠨ ᠰᠢᠯᠭ᠋ᠠᠷᠠᠭᠤᠯᠤᠯᠲᠠ᠎ᠪᠠᠷ ᠳᠠᠮᠵᠢᠭ᠋ᠠᠳ ᠪᠦᠬᠦ ᠤᠯᠤᠰ᠎ᠲᠤ᠎ᠪᠠᠨ ᠲᠡᠷᠢᠭᠦᠯᠡᠭᠰᠡᠨ ᠪᠠᠢ᠌ᠨ᠎ᠠ᠃ 2018 ᠣᠨ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠺᠣᠮᠫᠢᠦᠢ᠍ᠲᠸᠷ ᠵᠶ᠋ᠠᠷ ᠬᠢᠨᠠᠨ ᠵᠦᠪᠰᠢᠶᠡᠷᠡᠬᠦ ᠵᠢ ᠤᠷᠢᠳᠠᠵᠤ ᠪᠡᠶᠡᠯᠡᠭᠦᠯᠤᠭᠡᠳ᠂ ᠠᠷᠠᠳ᠎ᠤᠨ ᠶᠠᠪᠤᠳᠠᠯ᠎ᠤᠨ ᠶᠠᠮᠤᠨ᠎ᠠᠴᠠ 〈〈ᠳᠤᠮᠳᠠᠳᠤ ᠠ᠋ᠸᠤᠢ᠍ᠷᠤᠫᠠ ᠵᠢᠨ ᠨᠡᠢ᠌ᠬᠡᠮ᠎ᠤᠨ ᠪᠠᠲᠤᠯᠠᠭ᠋ᠠᠨ᠎ᠤ ᠦᠭᠡᠷᠡᠴᠢᠯᠡᠯᠲᠡ ᠵᠢᠨ ᠠᠵᠢᠯ ᠲᠦᠷᠣᠯ᠎ᠤᠨ ᠨᠡᠢ᠌ᠬᠡᠮ᠎ᠤᠨ ᠳᠤᠰᠠᠯᠠᠮᠵᠢ ᠵᠢᠨ ᠶᠡᠷᠤᠩᠬᠡᠢ᠌ᠯᠡᠭᠰᠡᠨ ᠦᠭᠡᠷᠡᠴᠢᠯᠡᠯᠲᠡ ᠵᠢᠨ ᠳᠤᠷᠰᠢᠯᠲᠠ ᠵᠢᠨ ᠴᠢᠭ〉〉 ᠵᠶ᠋ᠠᠷ ᠳᠣᠭᠲᠠᠭ᠋ᠠᠪᠠ᠃
ᠶᠠᠪᠤᠴᠠ᠎ᠪᠠᠨ ᠳᠦᠷᠢᠮᠵᠢᠭᠦᠯᠤᠨ᠂ ᠨᠡᠢ᠌ᠬᠡᠮ᠎ᠤᠨ ᠳᠤᠰᠠᠯᠠᠮᠵᠢ ᠵᠢᠨ ᠰᠠᠭᠤᠷᠢ ᠵᠢ ᠯᠠᠪᠳᠠᠭᠤᠨ ᠪᠠᠲᠤᠲᠠᠢ ᠪᠣᠯᠭ᠋ᠠᠪᠠ
ᠠᠰᠠᠭᠤᠳᠠᠯ ᠵᠶ᠋ᠠᠷ ᠵᠢᠯᠣᠭᠣᠳᠤᠮᠵᠢ ᠪᠣᠯᠭ᠋ᠠᠨ᠂ ᠠᠷᠠᠳ᠎ᠤᠨ ᠶᠠᠪᠤᠳᠠᠯ᠎ᠤᠨ ᠬᠢᠨᠠᠨ ᠵᠦᠪᠰᠢᠶᠡᠷᠡᠬᠦ ᠠᠵᠢᠯ᠎ᠤᠨ ᠳᠤᠮᠳᠠ ᠢᠯᠡᠷᠡᠭᠰᠡᠨ ᠳᠤᠷ᠎ᠠ᠎ᠪᠠᠷ ᠵᠶ᠋ᠠᠨ ᠳᠠᠰᠤᠯᠤᠯᠲᠠ ᠬᠢᠬᠦ ᠪᠤᠶᠤ ᠴᠢᠷᠮᠠᠢ᠌ᠨ ᠠᠵᠢᠯᠯᠬᠤ ᠦᠭᠡᠢ᠂ ᠠᠵᠢᠯ᠎ᠢ ᠤᠳᠠᠭ᠋ᠠᠰᠢᠷᠠᠭᠤᠯᠬᠤ᠂ ᠠ᠋ᠮᠬᠢ ᠵᠠᠮᠪᠠᠷᠠᠭ᠎ᠠ ᠦᠭᠡᠢ ᠠᠵᠢᠯᠯᠠᠬᠤ ᠵᠢ ᠠ᠋ᠬᠢ ᠠ᠋ᠭᠦᠰᠤᠯᠠᠴᠠᠨᠢ ᠰᠡᠷᠭᠡᠢ᠌ᠯᠡᠨ ᠬᠣᠷᠢᠭᠯᠠᠵᠤ᠂ ᠠᠷᠠᠳ᠎ᠤᠨ ᠶᠠᠪᠤᠳᠠᠯ᠎ᠤᠨ ᠠᠵᠢᠯ ᠵᠶ᠋ᠠᠨ ᠬᠠᠣᠯᠢ ᠶᠣᠰᠤᠭ᠋ᠠᠷ ᠭᠦᠢ᠍ᠴᠡᠳᠬᠡᠬᠦ ᠪᠠ ᠳᠦᠷᠢᠮᠵᠢᠭᠦᠯᠤᠨ ᠬᠠᠮᠢᠶᠠᠷᠬᠤ ᠬᠠᠷᠠᠯᠲᠠ᠎ᠪᠠᠨ ᠵᠢᠩᠬᠢᠨᠢ᠎ᠪᠠᠷ ᠪᠡᠶᠡᠯᠡᠭᠦᠯᠪᠡ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠦᠮᠤᠰ᠂ ᠲᠦᠷ ᠴᠠᠭ᠎ᠤᠨ ᠳᠤᠰᠠᠯᠠᠮᠵᠢ ᠵᠠᠷᠭᠡ ᠠᠷᠠᠳ᠎ᠤᠨ ᠶᠠᠪᠤᠳᠠᠯ᠎ᠤᠨ ᠪᠣᠢ ᠪᠦᠬᠦᠢ ᠬᠢᠨᠠᠨ ᠵᠦᠪᠰᠢᠶᠡᠷᠡᠬᠦ ᠵᠦᠢ᠍ᠯᠡᠰ᠎ᠲᠤ ᠴᠢᠭᠯᠡᠭᠦᠯᠤᠨ 〈〈ᠰᠢᠨ᠎ᠡ ᠬᠣᠲᠠ ᠲᠣᠭᠣᠷᠢᠭ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠦᠷᠢᠮᠵᠢᠯ᠎ᠲᠤ ᠴᠢᠨᠡᠷ ᠪᠦᠬᠦᠢ ᠠᠯᠪᠠᠨ ᠪᠢᠴᠢᠭ〉〉 ᠪᠣᠯᠤᠨ 〈〈ᠰᠢᠨ᠎ᠡ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠨ ᠬᠢᠨᠠᠨ ᠵᠦᠪᠰᠢᠶᠡᠷᠡᠬᠦ ᠭᠦᠢ᠍ᠴᠡᠳᠬᠡᠯ᠎ᠤᠨ ᠵᠢᠷᠤᠮᠯᠠᠬᠤ ᠳᠦᠷᠢᠮ〉〉᠎ᠢ ᠰᠤᠳᠤᠯᠤᠨ ᠨᠠᠢ᠌ᠷᠠᠭᠤᠯᠪᠠ᠃ ᠠ᠋ᠨᠡ ᠬᠣᠶᠠᠷ ᠳᠦᠷᠢᠮᠵᠢᠯ᠎ᠲᠤ ᠴᠢᠨᠠᠷ ᠪᠦᠬᠦᠢ ᠵᠢᠷᠤᠮᠯᠠᠬᠤ ᠳᠦᠷᠢᠮ᠎ᠤᠨ ᠪᠣᠢ ᠪᠣᠯᠤᠭᠰᠠᠨ᠎ᠨᠢ ᠠᠷᠠᠳ᠎ᠤᠨ ᠶᠠᠪᠤᠳᠠᠯ᠎ᠤᠨ ᠪᠣᠢ ᠪᠦᠬᠦᠢ ᠬᠢᠨᠠᠨ ᠵᠦᠪᠰᠢᠶᠡᠷᠡᠬᠦ ᠵᠦᠢ᠍ᠯᠡᠰ᠎ᠤᠨ ᠶᠠᠪᠤᠴᠠ᠂ ᠬᠡᠷᠡᠭᠰᠡᠬᠦ ᠴᠠᠭ᠂ ᠳᠠᠭᠤᠰᠬᠠᠬᠤ ᠴᠠᠭ ᠵᠡᠷᠭᠡ ᠵᠢ ᠪᠦᠷ ᠨᠢᠭᠡᠳᠤᠯᠲᠠᠢ ᠱᠠᠭ᠋ᠠᠷᠳᠠᠨ ᠳᠦᠷᠢᠮᠵᠢᠭᠦᠯᠣᠭᠡᠳ᠂ ᠬᠢᠨᠠᠨ ᠵᠦᠪᠰᠢᠶᠡᠷᠡᠬᠦ ᠠᠵᠢᠯ᠎ᠳᠤ᠎ᠪᠠᠨ ᠴᠢᠬᠤᠯᠠ ᠦᠨᠳᠤᠰᠤ ᠪᠠᠷᠢᠮᠲᠠ᠎ᠲᠠᠢ ᠪᠣᠯᠤᠭᠰᠠᠨ ᠪᠦᠭᠡᠳ ᠠ᠋ᠭᠦᠷᠭᠡ ᠬᠠᠷᠢᠭᠤᠴᠠᠯᠭ᠎ᠠ᠎ᠨᠢ ᠲᠣᠪ ᠲᠣᠳᠣᠷᠬᠠᠢ ᠪᠣᠯᠵᠤ᠂ ᠨᠡᠯᠢᠶᠡᠳ ᠴᠢᠩᠭ᠎ᠠ ᠣᠷᠣᠯᠳᠤᠯᠭ᠎ᠠ᠎ᠲᠠᠢ ᠪᠣᠯᠤᠭᠰᠠᠨ ᠵᠶ᠋ᠠᠷ ᠪᠠᠷᠠᠬᠤ ᠦᠭᠡᠢ ᠵᠣᠬᠢᠬᠤ ᠬᠡᠮᠵᠢᠶᠡᠨ᠎ᠤ ᠬᠢᠵᠠᠭ᠋ᠠᠷᠯᠠᠯ᠎ᠤᠨ ᠦᠢ᠍ᠯᠡᠳᠤᠯ ᠦᠵᠡᠭᠦᠯᠤᠭᠡᠳ᠂ ᠬᠢᠨᠠᠨ ᠵᠦᠪᠰᠢᠶᠡᠷᠡᠬᠦ ᠭᠣᠭᠴᠣᠭ᠋ᠠᠨ᠎ᠳᠤ ᠠᠮᠠᠷᠬᠠᠨ ᠭᠠᠷᠳᠠᠭ ᠠᠶᠤᠯ ᠲᠦᠭᠰᠢᠭᠦᠷᠢ ᠵᠢ ᠪᠠᠭ᠋ᠠᠰᠬᠠᠨ᠂ ᠺᠠᠳ᠋ᠷᠴᠤᠳ ᠵᠶ᠋ᠠᠨ ᠬᠠᠮᠠᠭ᠋ᠠᠯᠠᠵᠤ ᠴᠢᠳᠠᠭᠰᠠᠨ ᠪᠠᠢ᠌ᠨ᠎ᠠ᠃
ᠬᠦᠴᠢᠷ ᠪᠠᠷᠬᠡ ᠵᠢ ᠢᠯᠠᠨ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠬᠢᠷᠢ ᠳᠦᠪᠰᠢᠨ᠎ᠢ ᠰᠢᠨ᠎ᠡ ᠱᠠᠲᠤᠨ᠎ᠳᠤ ᠭᠠᠷᠭ᠋ᠠᠪᠠ
ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢ ᠤᠷᠢᠳᠠᠵᠤ ᠬᠡᠷᠡᠭᠯᠡᠨ ᠠᠷᠠᠳ᠎ᠤᠨ ᠶᠠᠪᠤᠳᠠᠯ᠎ᠤᠨ ᠬᠡᠷᠡᠭ ᠠ᠋ᠷᠬᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠤ᠂ ᠮᠡᠳᠡᠭᠡ ᠵᠠᠩᠬᠢᠵᠢᠯᠲᠠ ᠵᠢᠨ ᠳᠠᠪᠠᠭᠤᠯᠢᠭ᠎ᠢ ᠠᠰᠢᠭᠯᠠᠨ᠂ 〈〈ᠰᠢᠨ᠎ᠡ ᠬᠣᠲᠠ ᠲᠣᠭᠣᠷᠢᠭ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠭᠵᠢᠭᠦᠯᠬᠦ ᠳᠦᠷᠢᠮᠵᠢᠯ᠎ᠲᠤ ᠴᠢᠨᠠᠷ ᠪᠦᠬᠦᠢ ᠠᠯᠪᠠᠨ ᠪᠢᠴᠢᠭ〉〉᠎ᠲᠤᠬ᠎ᠢ ᠲᠠᠪᠤᠨ ᠪᠣᠳᠠᠲᠠᠢ ᠭᠣᠭᠴᠣᠭ᠎ᠠ ᠵᠢ ᠰᠦᠯᠵᠢᠶᠡᠨ᠎ᠤ ᠺᠣᠮᠫᠢᠣᠢ᠍ᠲᠸᠷ ᠵᠶ᠋ᠠᠷ ᠬᠢᠨᠠᠨ ᠵᠦᠪᠰᠢᠶᠡᠷᠡᠬᠦ ᠪᠣᠯᠭ᠋ᠠᠨ᠂ ᠬᠢᠨᠠᠨ ᠵᠦᠪᠰᠢᠶᠡᠷᠡᠬᠦ ᠠᠵᠢᠯ᠎ᠤᠨ ᠠᠯᠬᠤᠮ ᠪᠦᠷᠢ ᠵᠢ ᠪᠦᠷ ᠠ᠋ᠯᠸᠺᠲᠷᠤᠨᠵᠢᠭᠦᠯᠤᠭ᠌ᠰᠡᠨ ᠵᠶ᠋ᠠᠷ ᠠᠵᠢᠯᠲᠠᠳ᠎ᠨᠢ ᠴᠤᠬᠤᠮ ᠲᠦᠷᠢᠮᠵᠢᠭᠰᠡᠨ ᠶᠠᠪᠤᠴᠠ᠎ᠪᠠᠷ ᠠᠵᠢᠯᠯᠠᠵᠤ ᠪᠠᠢ᠌ᠬᠤ ᠠ᠋ᠰᠡᠬᠦ ᠵᠢ ᠬᠢᠨᠠᠨ ᠦᠵᠡᠬᠦ ᠦᠢ᠍ᠯᠡᠳᠤᠯ᠎ᠲᠠᠢ ᠪᠣᠯᠤᠭᠰᠠᠨ ᠮᠦᠷᠳᠡᠭᠡᠨ ᠪᠠᠰᠠ ᠵᠠᠷᠭᠤ ᠪᠠ ᠵᠠᠬᠢᠳᠠᠯ ᠰᠣᠷᠪᠣᠯᠵᠢᠯᠠᠭ᠎ᠠ᠎ᠳᠤ ᠤᠭ ᠳᠠᠩᠰᠠ ᠮᠠᠲᠸᠷᠢᠶᠠᠯ᠎ᠢ ᠬᠠᠩᠭ᠋ᠠᠵᠤ ᠴᠢᠳᠠᠬᠤ ᠪᠣᠯᠤᠭᠰᠠᠨ ᠪᠠᠢ᠌ᠨ᠎ᠠ᠃
ᠬᠦᠮᠤᠨ᠎ᠤ ᠨᠢᠭᠤᠷ ᠴᠢᠷᠠᠢ ᠵᠢ ᠢᠯᠭ᠋ᠠᠨ ᠲᠠᠨᠢᠬᠤ ᠮᠡᠷᠭᠡᠵᠢᠯ᠎ᠢ ᠤᠷᠢᠳᠠᠵᠤ ᠬᠡᠷᠡᠭᠯᠡᠭᠡᠳ ᠠᠷᠠᠳ ᠲᠦᠮᠡᠨ᠎ᠳᠤ ᠦᠢ᠍ᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠪᠡ᠃ ᠭᠡᠷ ᠠ᠋ᠷᠤᠬᠡᠠᠴᠠᠪᠠᠨ ᠰᠠᠯᠤᠭᠰᠠᠨ᠂ ᠴᠢᠳᠠᠪᠤᠷᠢ᠎ᠪᠠᠨ ᠪᠦᠷᠢᠮᠤᠰᠤᠨ ᠠᠯᠳᠠᠭᠰᠠᠨ ᠪᠠ ᠬᠠᠭ᠋ᠠᠰ ᠠᠯᠳᠠᠭᠰᠠᠨ᠂ ᠣᠶᠤᠨ ᠮᠡᠳᠡᠷᠡᠯ᠎ᠤᠨ ᠡᠪᠡᠳᠴᠢᠨ᠎ᠲᠠᠢ ᠬᠦᠮᠤᠰ᠎ᠤᠨ ᠬᠦᠳᠡᠯᠤᠩᠭᠦᠢ ᠬᠠᠮᠢᠶᠠᠷᠤᠯᠲᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠬᠡᠷᠡᠭᠵᠢᠭᠦᠯᠬᠦ᠎ᠳᠤ ᠬᠦᠴᠢᠷ ᠪᠠᠢ᠌ᠳᠠᠭ ᠠᠰᠠᠭᠤᠳᠠᠯ᠎ᠢ ᠰᠢᠢ᠍ᠳᠪᠤᠷᠢᠯᠡᠬᠦ ᠵᠢᠨ ᠲᠤᠯᠠᠳᠠ᠂ ᠤᠤᠯ᠎ᠤᠨ ᠦᠢ᠍ᠯᠡᠴᠢᠯᠡᠳᠡᠭ ᠠ᠋ᠳᠡᠭᠡᠳ᠎ᠨᠢ ᠦᠪᠡᠷ᠎ᠤᠨ ᠪᠡᠶ᠎ᠡ᠎ᠪᠠᠷ ᠵᠶ᠋ᠠᠨ ᠳᠣᠭᠲᠠᠭᠰᠠᠨ ᠴᠠᠭ᠂ ᠳᠣᠭᠲᠠᠭᠰᠠᠨ ᠭᠠᠵᠠᠷ᠎ᠲᠤ ᠬᠦᠷᠴᠤ ᠨᠡᠷ᠎ᠠ᠎ᠪᠠᠨ ᠳᠡᠮᠳᠡᠭᠯᠡᠭᠦᠯᠳᠡᠭ ᠪᠠᠢ᠌ᠭᠰᠠᠨ ᠵᠶ᠋ᠠᠨ ᠠ᠋ᠳᠤᠭᠡ ᠨᠢᠭᠨᠨᠲᠡ ᠭᠠᠷ ᠤᠲᠠᠰᠤᠨ᠎ᠤ AAP ᠬᠦᠮᠤᠨ᠎ᠤ ᠨᠢᠭᠤᠷ ᠴᠢᠷᠠᠢ ᠵᠢ ᠢᠯᠭ᠋ᠠᠨ ᠲᠠᠨᠢᠳᠠᠭ ᠴᠢᠳᠠᠪᠤᠷᠢ᠎ᠪᠠᠷ ᠠᠯᠤᠰ ᠬᠣᠯᠠ᠎ᠠᠴᠠ ᠨᠡᠷ᠎ᠡ᠎ᠪᠠᠨ ᠲᠡᠮᠲᠡᠭᠯᠡᠭᠦᠯᠳᠡᠭ ᠪᠣᠯᠵᠤ᠂ ᠠᠷᠠᠳ ᠣᠯᠠᠨ᠎ᠳᠤ ᠶᠡᠬᠡ ᠳᠦᠭᠦᠮ ᠦᠵᠡᠭᠦᠯᠤᠭ᠌ᠰᠡᠨ ᠮᠦᠷᠳᠡᠭᠡᠨ ᠳᠤᠰᠠᠯᠠᠮᠵᠢ ᠵᠢᠨ ᠪᠡᠯᠡ ᠮᠦᠩᠭᠦ ᠣᠯᠭᠣᠨ ᠦᠭᠬᠦ ᠵᠢ ᠴᠤ᠌ ᠠᠶᠤᠯ ᠲᠦᠭᠰᠢᠭᠦᠷᠢ ᠦᠭᠡᠢ ᠪᠣᠯᠵᠠᠢ᠃ ᠠ᠋ᠨᠡ᠎ᠨᠢ ᠶᠠᠭ ᠮᠡᠳᠡᠭᠡ ᠵᠠᠩᠬᠢ ᠵᠢ ᠢᠯᠡᠭᠦᠤ ᠭᠦᠶᠤᠯᠭᠡᠨ᠂ ᠬᠦᠴᠢᠷᠳᠡᠯ᠎ᠲᠠᠢ ᠣᠯᠠᠨ ᠲᠦᠮᠡᠨ᠎ᠢ ᠳᠤᠲᠠᠭᠤ ᠭᠦᠶᠤᠯᠭᠡᠬᠦ ᠬᠠᠷᠠᠯᠲᠠ᠎ᠪᠠᠨ ᠪᠡᠶᠡᠯᠡᠭᠦᠯᠤᠭ᠌ᠰᠡᠨ ᠶᠠᠪᠤᠳᠠᠯ ᠪᠣᠯᠬᠤ ᠶᠤᠮ᠃
ᠣᠶᠤᠨᠲᠤ ᠮᠡᠷᠭᠡᠵᠢᠯ᠎ᠢ ᠤᠷᠢᠳᠠᠵᠤ ᠠᠰᠢᠭᠯᠠᠨ ᠣᠯᠠᠨ ᠲᠦᠮᠡᠨ᠎ᠳᠤ ᠨᠢᠭᠡ ᠦᠷᠲᠡᠭᠡᠨ᠎ᠤ ᠬᠡᠯᠪᠡᠷᠢ ᠵᠢᠨ ᠦᠢ᠍ᠯᠡᠴᠢᠯᠡᠭᠡᠨ᠎ᠢ ᠬᠠᠩᠭ᠋ᠠᠪᠠ᠃ ᠰᠢᠨ᠎ᠡ ᠬᠣᠲᠠ ᠲᠣᠭᠣᠷᠢᠭ᠎ᠤᠨ 9 ᠪᠠᠯᠭ᠋ᠠᠰᠤ (ᠵᠡᠭᠡᠯᠢ ᠭᠤᠲᠤᠮᠵᠢ)᠎ᠳᠤ ᠨᠢᠭᠡ ᠴᠣᠭᠴᠠᠲᠤ ᠣᠶᠤᠨᠲᠤ ᠭᠤᠶᠤᠴᠢᠯᠠᠯ᠎ᠤᠨ ᠮᠠᠰᠢᠨ᠎ᠢ ᠳᠣᠬᠢᠷᠠᠭᠤᠯᠤᠨ ᠤᠭᠰᠠᠷᠠᠭᠤᠯᠤᠭ᠋ᠠᠳ᠂ ᠣᠶᠤᠨᠲᠤ ᠮᠡᠳᠡᠭᠦᠯᠣᠯᠲᠡ ᠵᠢᠨ ᠰᠢᠰᠲᠸᠮ᠎ᠢ ᠪᠠᠢ᠌ᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠳᠤ ᠬᠣᠯᠪᠣᠭᠳᠠᠭᠰᠠᠨ ᠲᠦᠷᠤ ᠵᠢᠨ ᠪᠣᠳᠤᠯᠭ᠎ᠠ ᠵᠢ ᠤᠬᠠᠭᠤᠯᠬᠤ᠂ ᠭᠤᠶᠤᠴᠢᠯᠠᠯ ᠭᠦᠢ᠍ᠴᠡᠳᠬᠡᠬᠦ᠂ ᠠᠩᠬ᠎ᠠ ᠬᠢᠨᠠᠠ ᠬᠡᠮᠵᠢᠵᠤ ᠪᠣᠳᠤᠬᠤ᠂ ᠮᠡᠳᠡᠭᠳᠡᠵᠤ ᠵᠠᠷᠯᠠᠬᠤ᠂ ᠪᠠᠷᠢᠮᠵᠢᠶ᠎ᠠ᠎ᠪᠠᠷ ᠣᠯᠭᠤᠬᠤ᠂ ᠨᠡᠷ᠎ᠡ᠎ᠪᠠᠨ ᠲᠡᠮᠳᠡᠭᠯᠡᠵᠤ ᠢᠯᠡᠴᠢᠯᠡᠬᠦ ᠵᠡᠷᠭᠡ ᠨᠢᠭᠡ ᠢᠵᠢ ᠵᠢᠨ ᠣᠶᠤᠨᠲᠤ ᠨᠢᠭᠡ ᠦᠷᠲᠡᠭᠡᠨ᠎ᠤ ᠬᠡᠯᠪᠡᠷᠢ ᠵᠢᠨ ᠦᠢ᠍ᠯᠡᠴᠢᠯᠡᠭᠡᠨ᠎ᠤ ᠪᠦᠬᠦ ᠶᠠᠪᠤᠴᠠ ᠵᠢ ᠪᠡᠶᠡᠯᠡᠭᠦᠯᠬᠦ ᠵᠢᠨ ᠬᠠᠮᠲᠤ ᠬᠦᠳᠡᠯᠵᠤ ᠪᠠᠷᠢᠬᠤ᠎ᠨᠢ ᠳᠦᠭᠦᠮ ᠦᠭᠡᠢ᠂ ᠨᠢᠭᠡ ᠦᠷᠲᠡᠭᠡᠨ᠎ᠤ ᠬᠡᠯᠪᠡᠷᠢ ᠵᠢᠨ ᠦᠢ᠍ᠯᠡᠴᠢᠯᠡᠭᠡᠨ᠎ᠤ ᠲᠠᠩᠬᠢᠮ᠎ᠳᠤ ᠢᠷᠡᠵᠤ ᠳᠡᠢ᠌ᠯᠬᠦ ᠦᠭᠡᠢ ᠬᠦᠮᠤᠰ᠎ᠲᠤ ᠪᠠᠰᠠ ᠸᠢᠴᠠᠲ᠎ᠤᠨ ᠠᠦᠢ᠍ᠲ᠋ᠣ᠋ ᠳᠠᠪᠴᠠᠩ ᠭᠠᠷᠭ᠋ᠠᠨ᠂ ᠰᠢᠨ᠎ᠡ᠎ᠪᠠᠷ ᠭᠤᠶᠤᠴᠢᠯᠠᠬᠤ ᠪᠠ ᠳᠤᠰᠠᠯᠠᠮᠵᠢ ᠭᠦᠷᠲᠡᠵᠤ ᠪᠠᠢ᠌ᠭ᠎ᠠ ᠬᠦᠮᠤᠰ ᠪᠦᠷ 〈〈ᠰᠢᠨ᠎ᠡ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠸᠢᠴᠠᠲ᠎ᠤᠨ ᠣᠯᠠᠨ ᠨᠡᠢ᠌ᠲᠡ ᠵᠢᠨ ᠳᠠᠪᠴᠠᠩ〉〉 ᠵᠶ᠋ᠠᠷ ᠳᠠᠮᠵᠢᠨ ᠭᠡᠷ᠎ᠲᠤ᠎ᠪᠠᠨ ᠰᠠᠭᠤᠭ᠋ᠠᠳ ᠬᠠᠮᠢᠶ᠎ᠠ ᠪᠦᠬᠦᠢ ᠠᠰᠠᠭᠤᠨ ᠯᠠᠪᠯᠠᠵᠤ ᠭᠦᠢ᠍ᠴᠡᠳᠬᠡᠬᠦ ᠠᠵᠢᠯ ᠵᠶ᠋ᠠᠨ ᠪᠦᠭᠦᠳᠡ ᠵᠢ ᠪᠡᠶᠡᠯᠡᠭᠦᠯᠬᠦ ᠪᠣᠯᠤᠭᠰᠠᠨ ᠵᠶ᠋ᠠᠷ ᠣᠯᠠᠨ ᠲᠦᠮᠡᠨ᠎ᠳᠤ ᠲᠦᠢ᠍ᠯ᠎ᠤᠨ ᠶᠡᠬᠡ ᠳᠦᠭᠦᠮ ᠦᠵᠡᠭᠦᠯᠣᠭ᠌ᠰᠡᠨ ᠪᠠᠢ᠌ᠨ᠎ᠠ᠃
ᠠᠯᠠᠭ᠋ᠠᠨ ᠳᠡᠭᠡᠷᠡᠬᠢ ᠰᠢᠯᠵᠢᠭᠡ ᠬᠣᠯᠪᠣᠭ᠋ᠠᠨ᠎ᠤ ᠠᠯᠪᠠᠨ ᠳᠠᠪᠴᠠᠩ ᠵᠢ ᠤᠷᠢᠳᠠᠵᠤ ᠦᠷᠭᠡᠳᠬᠡᠨ ᠬᠦᠭᠵᠢᠭᠦᠯᠪᠡ᠃ ᠠᠵᠢᠯ᠎ᠤᠨ ᠵᠶ᠋ᠠᠨ ᠦᠷ᠎ᠡ ᠪᠦᠲᠤᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠯᠠᠳᠠ᠂ ᠺᠣᠮᠫᠢᠣᠢ᠍ᠲᠸᠷ ᠵᠶ᠋ᠠᠷ ᠠᠯᠪᠠᠯᠠᠬᠤ ᠵᠢ ᠪᠡᠶᠡᠯᠡᠭᠦᠯᠣᠭ᠌ᠰᠡᠨ ᠰᠠᠭᠤᠷᠢᠨ ᠳᠡᠭᠡᠷ᠎ᠡ ᠪᠢᠳᠠ ᠪᠠᠰᠠ ᠠᠯᠠᠭ᠋ᠠᠨ ᠳᠡᠭᠡᠷᠡᠬᠢ ᠰᠢᠯᠵᠢᠭᠡ ᠬᠣᠯᠪᠣᠭ᠋ᠠᠨ᠎ᠤ ᠠᠯᠪᠠᠨ ᠳᠠᠪᠴᠠᠩ᠎ᠢ ᠦᠷᠭᠡᠳᠬᠡᠨ ᠬᠦᠭᠵᠢᠭᠦᠯᠤᠭᠡᠳ᠂ ᠠ᠋ᠨᠡ ᠳᠠᠪᠴᠠᠩ ᠵᠶ᠋ᠠᠨ ᠦᠪᠣᠷ ᠮᠣᠩᠭᠣᠯ᠎ᠤᠨ ᠨᠡᠢ᠌ᠬᠡᠮ᠎ᠤᠨ ᠳᠤᠰᠠᠯᠠᠮᠵᠢ ᠵᠢᠨ ᠳᠠᠪᠴᠠᠩ ᠪᠣᠯᠤᠨ ᠺᠣᠮᠫᠢᠦᠢ᠍ᠲᠸᠷ ᠵᠶ᠋ᠠᠷ ᠠᠯᠪᠠᠯᠠᠬᠤ ᠰᠢᠰᠲᠸᠮ᠎ᠲᠠᠢ ᠵᠣᠯᠭ᠋ᠠᠭᠤᠯᠵᠤ᠂ ᠴᠠᠭ ᠳᠤᠬᠠᠢ᠎ᠳᠤᠨᠢ ᠰᠢᠨᠡᠳᠬᠡᠵᠤ ᠪᠣᠯᠬᠤ ᠮᠦᠷᠳᠡᠭᠡᠨ ᠪᠦᠬᠦ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠡᠯ᠎ᠡ ᠵᠦᠢ᠍ᠯ᠎ᠤᠨ ᠲᠣᠭ᠎ᠠ ᠮᠠᠭ᠋ᠠᠳ᠎ᠲᠤ ᠵᠠᠳᠠᠯᠤᠯᠲᠠ ᠬᠢᠵᠤ ᠠ᠋ᠮᠬᠢᠳᠬᠡᠨ ᠬᠤᠷᠢᠶᠠᠩᠭᠤᠢ᠌ᠯᠠᠭ᠋ᠠᠳ᠂ ᠨᠡᠢ᠌ᠬᠡᠮ᠎ᠤᠨ ᠳᠤᠰᠠᠯᠠᠮᠵᠢ ᠵᠢᠨ ᠬᠦᠮᠤᠰ᠎ᠤᠨ ᠪᠦᠬᠦ ᠤᠯᠤᠰ᠎ᠲᠤ᠎ᠬᠢ ᠣᠷᠣᠨ ᠳᠣᠭᠲᠠᠭ᠋ᠠᠯᠲᠠ ᠪᠠ ᠵᠠᠮᠴᠢ ᠵᠢᠨ ᠦᠢ᠍ᠯᠡᠳᠣᠯ᠎ᠢ ᠪᠡᠶᠡᠯᠡᠭᠦᠯᠤᠨ᠂ ᠴᠠᠭ ᠳᠤᠬᠠᠢ᠎ᠳᠤᠨᠢ ᠠᠢ᠌ᠯ ᠠ᠋ᠷᠤᠬᠡ᠎ᠳᠤ ᠣᠷᠣᠵᠤ ᠪᠠᠢ᠌ᠴᠠᠭ᠋ᠠᠯᠲᠠ ᠬᠢᠬᠦ᠂ ᠪᠢᠴᠢᠭ ᠮᠠᠲᠸᠷᠢᠶᠠᠯ ᠤᠷᠪᠠᠭᠤᠯᠵᠤ ᠦᠵᠡᠬᠦ᠂ ᠬᠢᠨᠠᠨ ᠰᠢᠯᠭ᠋ᠠᠵᠤ ᠭᠡᠷᠡᠴᠢᠯᠡᠬᠦ ᠪᠣᠯᠵᠠᠢ᠃ ᠠ᠋ᠨᠡᠬᠦ ᠳᠠᠪᠴᠠᠩ ᠵᠶ᠋ᠠᠷ ᠵᠶ᠋ᠠᠨ ᠪᠠᠰᠠ ᠮᠡᠳᠡᠭᠡ ᠵᠠᠩᠭᠢᠵᠢᠯᠲᠠ ᠵᠢᠨ ᠳᠠᠪᠠᠭᠤᠯᠢᠭ ᠵᠶ᠋ᠠᠨ ᠠᠰᠢᠭᠯᠠᠨ ᠤᠯᠠᠮᠵᠢᠯᠠᠯᠲᠤ ᠠᠯᠪᠠᠨ ᠠᠵᠢᠯ᠎ᠤᠨ ᠬᠡᠪ ᠮᠠᠶᠢᠭ᠎ᠢ ᠦᠭᠡᠷᠡᠴᠢᠯᠡᠵᠤ᠂ ᠠᠵᠢᠯᠲᠠᠳ ᠴᠠᠭ ᠮᠦᠴᠡ ᠪᠦᠷᠢ ᠪᠦᠷ ᠪᠠᠢ᠌ᠴᠠᠭ᠋ᠠᠬᠤ᠂ ᠰᠢᠩᠭᠡᠭᠡᠬᠦ᠂ ᠳᠠᠮᠵᠢᠭᠤᠯᠬᠤ᠂ ᠸᠢᠳᠢᠣ᠋ ᠦᠢ᠍ᠯᠡᠳᠬᠦ᠂ ᠬᠤᠷᠠᠯ ᠬᠢᠵᠤ ᠪᠣᠯᠬᠤ ᠮᠦᠷᠲᠡᠭᠡᠨ ᠪᠠᠰᠠ ᠬᠢᠨᠠᠨ ᠬᠠᠷᠭᠤᠭᠤᠯᠬᠤ ᠬᠢᠨᠠᠨ ᠵᠦᠪᠰᠢᠶᠡᠷᠡᠬᠦ ᠠᠵᠢᠯ ᠵᠶ᠋ᠠᠨ ᠦᠷᠭᠦᠯᠵᠢᠯᠡᠭᠦᠯᠤᠨ ᠦᠢ᠍ᠯᠡᠴᠢᠯᠡᠬᠦ ᠠ᠋ᠲᠡᠭᠡᠳ ᠵᠶ᠋ᠠᠨ ᠬᠠᠪᠰᠤᠷᠤᠨ ᠪᠡᠶ᠎ᠡ ᠵᠢ᠎ᠨᠢ ᠦᠨᠡᠮᠯᠡᠵᠤ ᠭᠡᠷᠡᠴᠢᠯᠡᠬᠦ ᠵᠠᠷᠭᠡ ᠠᠵᠢᠯ᠎ᠢ ᠭᠦᠢ᠍ᠴᠡᠳᠬᠡᠵᠤ ᠪᠣᠯᠤᠨ᠎ᠠ᠃ ᠠ᠋ᠭᠦᠨ᠎ᠠᠴᠠ ᠭᠠᠳᠠᠨ᠎ᠠ ᠪᠠᠰᠠ ᠦᠨᠳᠤᠰᠤᠨ ᠱᠠᠲᠤᠨ᠎ᠤ ᠠᠵᠢᠯᠲᠠᠳ᠎ᠲᠤ ᠳᠤᠰᠬᠠᠢ᠌ᠯᠠᠨ ᠨᠢᠭᠡᠳᠤᠯᠲᠠᠢ᠎ᠪᠠᠷ ᠬᠠᠪᠲᠠᠭ᠋ᠠᠢ ᠺᠣᠮᠫᠢᠣᠢ᠍ᠲᠸᠷ ᠲᠠᠭ᠋ᠠᠷᠠᠭᠤᠯᠤᠨ ᠦᠭᠭᠦᠭᠡᠳ᠂ ᠮᠡᠳᠡᠭᠡ ᠵᠠᠩᠭᠢ ᠵᠢ ᠢᠯᠡᠭᠦᠤ ᠭᠦᠶᠤᠯᠭᠡᠨ᠂ ᠦᠨᠳᠤᠰᠤᠨ ᠱᠠᠲᠤᠨ᠎ᠤ ᠠᠵᠢᠯᠲᠠᠳ᠎ᠢ ᠳᠤᠲᠠᠭᠤ ᠭᠦᠶᠤᠯᠭᠡᠬᠦ ᠬᠠᠷᠠᠯᠲᠠ᠎ᠪᠠᠨ ᠦᠨᠡᠨᠬᠦ ᠪᠡᠶᠡᠯᠡᠭᠦᠯᠵᠤ ᠴᠢᠳᠠᠭᠰᠠᠨ ᠪᠠᠢ᠌ᠨ᠎ᠠ᠃
ᠦᠭᠡᠷᠡᠴᠢᠯᠡᠯᠲᠠ ᠰᠢᠨᠡᠴᠢᠯᠡᠯᠲᠡ᠎ᠪᠠᠷ ᠨᠡᠢ᠌ᠬᠡᠮ᠎ᠤᠨ ᠳᠤᠰᠠᠯᠠᠮᠵᠢ ᠵᠢᠨ ᠠᠵᠢᠯ ᠵᠶ᠋ᠠᠨ ᠰᠢᠨᠡᠴᠢᠯᠡᠨ ᠬᠦᠭᠵᠢᠭᠦᠯᠪᠡ
ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠲᠦᠷ ᠴᠠᠭ᠎ᠤᠨ ᠳᠤᠰᠠᠯᠠᠮᠵᠢ ᠵᠢᠨ ᠬᠢᠨᠡᠨ ᠵᠦᠪᠰᠢᠶᠡᠷᠡᠬᠦ ᠠ᠋ᠷᠬᠡ ᠵᠢ ᠤᠷᠢᠳᠠᠵᠤ ᠳᠣᠷᠣᠭᠰᠢ ᠪᠠᠭᠤᠯᠭ᠋ᠬᠤ ᠵᠢ ᠪᠡᠶᠡᠯᠡᠭᠦᠯᠪᠡ᠃ ᠲᠦᠷᠤ ᠵᠢᠨ ᠶᠠᠪᠤᠳᠠᠯ᠎ᠤᠨ ᠬᠣᠷᠢᠶᠠᠨ᠎ᠤ 〈〈ᠵᠠᠰᠠᠭ᠎ᠢ ᠴᠣᠮᠬᠠᠳᠬᠠᠨ ᠠ᠋ᠷᠬᠡ ᠵᠢ ᠪᠠᠭᠤᠯᠭ᠋ᠠᠬᠤ᠂ ᠰᠢᠨ᠎ᠡ ᠵᠢ ᠠ᠋ᠭᠦᠳᠤᠨ ᠬᠢᠨᠠᠨ ᠬᠠᠮᠢᠶᠠᠷᠬᠤ᠂ ᠦᠷ᠎ᠡ ᠪᠦᠲᠤᠮᠵᠢᠲᠠᠢ ᠦᠢ᠍ᠯᠡᠴᠢᠯᠡᠬᠦ〉〉 ᠵᠣᠷᠢᠭ ᠰᠠᠨᠠᠭ᠎ᠠ᠎ᠪᠠᠷ ᠰᠢᠨ᠎ᠡ ᠬᠣᠲᠠ ᠲᠣᠭᠣᠷᠢᠭ᠎ᠤᠨ ᠵᠣᠷᠢᠭᠲᠠᠢ᠎ᠪᠠᠷ ᠦᠭᠡᠷᠡᠴᠢᠯᠡᠯᠲᠡ ᠬᠢᠵᠤ ᠰᠢᠨᠡᠴᠢᠯᠡᠨ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠢᠨᠠᠨ ᠵᠦᠪᠰᠢᠶᠡᠷᠡᠬᠦ ᠠ᠋ᠷᠬᠡ ᠵᠢ ᠤᠤᠯ᠎ᠨᠢ ᠬᠣᠶᠠᠷ ᠱᠠᠲᠤᠨ ᠵᠶ᠋ᠠᠷ ᠬᠢᠨᠠᠨ ᠵᠦᠪᠰᠢᠶᠡᠷᠡᠭᠦᠯᠵᠤ ᠪᠠᠢ᠌ᠭᠰᠠᠨ᠎ᠢ ᠦᠭᠡᠷᠡᠴᠢᠯᠡᠭᠡᠳ ᠪᠠᠯᠭ᠋ᠠᠰᠤ (ᠵᠡᠭᠡᠯᠢ ᠭᠤᠲᠤᠮᠵᠢ) ᠨᠢᠭᠡ ᠱᠠᠲᠤ᠎ᠪᠠᠷ ᠵᠦᠪᠰᠢᠶᠡᠷᠡᠭᠦᠯᠬᠦ ᠪᠣᠯᠪᠠ᠃ ᠦᠭᠡᠷᠡᠴᠢᠯᠡᠯᠲᠡ ᠵᠢᠨ ᠶᠠᠪᠤᠴᠠᠨ᠎ᠳᠤ᠂ ᠤᠷᠢᠳᠡᠵᠤ ᠳᠤᠷᠰᠢᠨ ᠬᠡᠷᠡᠭᠵᠢᠭᠦᠯᠬᠦ᠂ ᠴᠢᠭ ᠵᠶ᠋ᠠᠷ ᠨᠡᠢ᠌ᠲᠡᠮᠢ ᠳᠠᠭ᠋ᠠᠭᠤᠯᠬᠤ ᠵᠢ ᠪᠠᠷᠢᠮᠲᠠᠯᠠᠨ᠂ ᠲᠣᠭᠣᠷᠢᠭ᠎ᠤᠨ ᠱᠠᠲᠤᠨ᠎ᠠᠴᠠ ᠠ᠋ᠷᠬᠡ᠎ᠪᠠᠨ ᠯᠠᠪᠳᠠᠭᠤᠨ ᠪᠠᠭᠤᠯᠭ᠋ᠠᠵᠤ᠂ ᠪᠠᠯᠭ᠋ᠠᠰᠤ (ᠵᠡᠭᠡᠯᠢ ᠭᠤᠲᠤᠮᠵᠢ) ᠵᠢᠨ ᠱᠠᠲᠤ ᠳᠤᠰᠴᠤ ᠴᠢᠳᠠᠬᠤ ᠬᠠᠷᠠᠯᠲᠠ᠎ᠪᠠᠨ ᠪᠠᠲᠤᠯᠠᠵᠠᠢ᠃ 10 ᠰᠠᠷ᠎ᠠ ᠣᠷᠴᠢᠮ 3 ᠳᠤᠷᠰᠢᠯᠲᠠ ᠵᠢᠨ ᠴᠢᠭ᠎ᠲᠤ ᠳᠤᠷᠰᠢᠨ ᠬᠡᠷᠡᠭᠵᠢᠭᠦᠯᠤᠭᠡᠳ᠂ 2019 ᠣᠨ᠎ᠤ 4 ᠳ᠋ᠤᠭᠡᠷ ᠰᠠᠷ᠎ᠠ ᠵᠢᠨ 1᠎ᠤ ᠠ᠋ᠳᠤᠷ᠎ᠠᠴᠠ ᠠ᠋ᠬᠢᠯᠡᠨ 〈〈ᠰᠢᠨ᠎ᠡ ᠬᠣᠲᠠ ᠳᠣᠭᠣᠷᠢᠭ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠲᠦᠷ ᠴᠠᠭ᠎ᠤᠨ ᠳᠤᠰᠠᠯᠠᠮᠵᠢ ᠵᠢᠨ ᠬᠢᠨᠠᠨ ᠵᠦᠪᠰᠢᠶᠡᠷᠡᠬᠦ ᠠ᠋ᠷᠬᠡ ᠵᠢ ᠳᠣᠷᠣᠭᠰᠢ ᠪᠠᠭᠤᠯᠭ᠋ᠠᠨ ᠨᠠᠢ᠌ᠲᠠᠬᠤ ᠠᠵᠢᠯ᠎ᠤᠨ ᠬᠡᠷᠡᠭᠵᠢᠭᠦᠯᠬᠦ ᠲᠦᠰᠤᠯ (ᠳᠤᠷᠰᠢᠨ ᠬᠡᠷᠡᠭᠵᠢᠭᠦᠯᠬᠦ)〉〉᠎ᠢ ᠳᠠᠷᠤᠮᠠᠯᠯᠠᠨ ᠪᠠᠭᠤᠯᠭ᠋ᠠᠵᠤ᠂ ᠰᠢᠨ᠎ᠡ ᠬᠣᠲᠠ ᠲᠣᠭᠣᠷᠢᠭ᠎ᠤᠨ 9 ᠪᠠᠯᠭ᠋ᠠᠰᠤ (ᠵᠠᠭᠡᠯᠢ ᠭᠣᠲᠣᠮᠵᠢ)᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠢᠨᠠᠨ ᠵᠦᠪᠰᠢᠶᠡᠷᠡᠬᠦ ᠠ᠋ᠷᠬᠡ ᠵᠢ ᠪᠦᠬᠦ ᠲᠠᠯ᠎ᠠ᠎ᠪᠠᠷ ᠪᠠᠭᠤᠯᠭ᠋ᠠᠭᠰᠠᠨ ᠵᠶ᠋ᠠᠷ ᠬᠢᠨᠠᠨ ᠵᠦᠰᠢᠶᠡᠷᠡᠬᠦ ᠴᠠᠭ ᠬᠤᠭᠤᠴᠠᠭ᠎ᠠ᠎ᠨᠢ ᠤᠷᠢᠳᠤᠬᠢᠠᠴᠠᠪᠠᠨ 14 ᠠ᠋ᠳᠤᠷ ᠤᠷᠢᠳᠠᠬᠤ ᠪᠣᠯᠵᠠᠢ᠃
ᠬᠣᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠤᠰᠠᠯᠠᠮᠵᠢ ᠵᠢᠨ ᠪᠠᠷᠢᠮᠵᠢᠶ᠎ᠠ ᠵᠢ ᠨᠢᠭᠡᠳᠤᠯᠲᠠᠢ ᠲᠦᠯᠣᠪᠯᠡᠵᠤ ᠴᠣᠭᠴᠠᠵᠢᠭᠤᠯᠤᠨ ᠣᠯᠭᠣᠬᠤ ᠠᠵᠢᠯ᠎ᠢ ᠤᠷᠢᠳᠠᠵᠤ ᠪᠡᠶᠡᠯᠡᠭᠦᠯᠪᠡ᠃ 2019 ᠣᠨ᠎ᠤ 4 ᠳ᠋ᠤᠭᠡᠷ ᠰᠠᠷ᠎ᠠ ᠵᠢᠨ ᠠ᠋ᠬᠢᠨᠠᠴᠠ ᠰᠢᠨ᠎ᠡ ᠬᠣᠲᠠ ᠲᠣᠭᠣᠷᠢᠭ ᠤᠷᠢᠳᠠᠵᠤ ᠬᠣᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠠᠷᠢᠮᠵᠢᠶ᠎ᠠ ᠵᠢ ᠨᠢᠭᠡᠳᠦᠯᠲᠠᠢ ᠲᠦᠯᠤᠪᠯᠡᠵᠤ ᠴᠣᠭᠴᠠᠵᠢᠭᠤᠯᠤᠭ᠋ᠠᠳ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠠᠷᠢᠮᠵᠢᠶ᠎ᠠ ᠵᠢ ᠬᠦᠮᠤᠨ ᠪᠦᠷᠢ ᠰᠠᠷ᠎ᠠ᠎ᠳᠤ 725 ᠲᠦᠭᠦᠷᠢᠭ ᠪᠣᠯᠭ᠋ᠠᠵᠤ᠂ ᠳᠤᠬᠠᠢ ᠵᠢᠨ ᠦᠶ᠎ᠡ ᠵᠢᠨ ᠬᠦᠳᠡᠭᠡ ᠳᠤᠰᠬᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠳᠤᠰᠠᠯᠠᠮᠵᠢ ᠵᠢᠨ ᠪᠠᠷᠢᠮᠵᠢᠶ᠎ᠠ᠎ᠠᠴᠠ ᠬᠦᠮᠤᠨ ᠪᠦᠷᠢ ᠰᠠᠷ᠎ᠠ᠎ᠳᠤ 215 ᠲᠦᠭᠦᠷᠢᠭ ᠨᠡᠮᠡᠭᠳᠡᠭᠦᠯᠪᠡ᠃ ᠠ᠋ᠭᠦᠨ᠎ᠤ ᠬᠠᠮᠲᠤ ᠪᠦᠬᠦ ᠣᠷᠣᠨ᠎ᠳᠤ 〈〈ᠭᠤᠷᠪᠠ ᠵᠢ ᠨᠢᠭᠡᠳᠤᠭᠦᠯᠬᠦ〉〉᠂ ᠳᠠᠷᠤᠢ ᠬᠣᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠪᠠᠷᠢᠮᠵᠢᠶ᠎ᠠ ᠵᠢ ᠨᠢᠭᠡᠳᠤᠭᠦᠯᠬᠦ᠂ ᠳᠤᠰᠠᠯᠠᠮᠵᠢ ᠵᠢᠨ ᠮᠦᠩᠭᠦᠨ᠎ᠤ ᠲᠣᠭ᠋ᠠᠴᠠᠭ᠎ᠠ ᠬᠢᠬᠦ ᠠᠷᠭ᠎ᠠ ᠵᠢ ᠨᠢᠭᠡᠳᠤᠭᠦᠯᠬᠦ᠂ ᠪᠡᠯᠡ ᠮᠦᠩᠭᠦᠨ᠎ᠤ ᠣᠯᠭᠣᠬᠤ ᠴᠠᠭ᠎ᠢ ᠨᠢᠭᠡᠳᠤᠭᠦᠯᠬᠦ ᠵᠢ ᠬᠡᠷᠡᠭᠵᠢᠭᠦᠯᠤᠭᠡᠳ᠂ ᠰᠢᠨ᠎ᠡ ᠬᠣᠲᠠ ᠲᠣᠭᠣᠷᠢᠭ᠎ᠤᠨ ᠳᠤᠰᠠᠯᠠᠮᠵᠢ ᠵᠢᠨ ᠠᠵᠢᠯ᠎ᠤᠨ ᠬᠢᠷᠢ ᠲᠦᠪᠰᠢᠨ᠎ᠢ ᠨᠡᠢ᠌ᠲᠡᠮ ᠳᠡᠭᠡᠭᠰᠢᠯᠡᠭᠦᠯᠪᠡ᠃
ᠵᠠᠰᠠᠭ᠎ᠤᠨ ᠤᠷᠳᠤᠨ᠎ᠤ ᠦᠢ᠍ᠯᠡᠴᠢᠯᠡᠭᠡᠨ᠎ᠢ ᠬᠤᠳᠠᠯᠳᠤᠨ ᠠᠪᠬᠠᠤ ᠲᠦᠷᠤ ᠵᠢᠨ ᠪᠣᠳᠤᠯᠭ᠎ᠠ᠎ᠪᠠᠷ ᠳᠠᠮᠵᠢᠭ᠋ᠠᠳ ᠭᠡᠷ ᠪᠦᠯᠢ ᠵᠢᠨ ᠠᠵᠤ ᠠᠮᠢᠳᠤᠷᠠᠯ᠎ᠳᠤ ᠪᠠᠢ᠌ᠴᠠᠭ᠋ᠠᠯᠲᠠ ᠬᠢᠬᠦ ᠵᠢᠴᠢ ᠴᠢᠳᠠᠪᠤᠷᠢᠲᠠᠨ᠎ᠢ ᠣᠷᠣᠭᠤᠯᠬᠤ ᠲᠦᠷᠣᠯ ᠵᠦᠢ᠍ᠯ᠎ᠢ ᠤᠷᠢᠳᠠᠵᠤ ᠬᠢᠪᠡ᠃ 2018 ᠣᠨ᠎ᠳᠤ ᠵᠠᠰᠠᠭ᠎ᠤᠨ ᠤᠷᠳᠤᠨ᠎ᠤ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠂ ᠬᠤᠳᠠᠯᠳᠤᠨ ᠠᠪᠬᠤ ᠦᠢ᠍ᠯᠡᠴᠢᠯᠡᠭᠡᠨ᠎ᠤ ᠪᠣᠳᠠᠲᠠᠢ ᠨᠠᠷᠢᠨ ᠵᠦᠢ᠍ᠯᠡᠰ᠎ᠢ ᠨᠠᠷᠢᠨ ᠪᠣᠳᠣᠯᠬᠢᠯᠠᠭ᠍ᠤ᠂ ᠳᠤᠰᠬᠠᠢ ᠬᠤᠷᠠᠯ ᠬᠤᠷᠠᠯᠳᠤᠭᠤᠯᠬᠤ᠂ ᠬᠢᠨᠠᠨ ᠰᠢᠯᠭ᠋ᠠᠵᠤ ᠠᠪᠬᠤ ᠵᠡᠷᠭᠡ ᠵᠢᠨ ᠠᠷᠭ᠎ᠠ᠎ᠪᠠᠷ ᠵᠠᠰᠠᠭ᠎ᠤᠨ ᠤᠷᠳᠤᠨ᠎ᠤ ᠦᠢ᠍ᠯᠡᠴᠢᠯᠡᠭᠡᠨ᠎ᠢ ᠬᠣᠳᠠᠯᠳᠤᠨ ᠠᠪᠬᠤ᠎ᠪᠠᠷ ᠳᠠᠮᠵᠢᠭ᠋ᠠᠳ ᠭᠡᠷ ᠪᠦᠯᠢ ᠵᠢᠨ ᠠᠵᠤ ᠠᠮᠢᠳᠤᠷᠠᠯ᠎ᠢ ᠪᠠᠢ᠌ᠴᠠᠭ᠋ᠠᠬᠤ ᠠᠵᠢᠯ ᠵᠶ᠋ᠠᠨ ᠢᠯᠭᠤᠮ ᠰᠢᠯᠤᠭᠤᠨ ᠦᠷᠨᠢᠭᠦᠯᠪᠡ᠃ ᠭᠡᠷ ᠪᠦᠯᠢ ᠵᠢᠨ ᠠᠵᠤ ᠠᠮᠢᠳᠤᠷᠠᠯ᠎ᠳᠤ ᠪᠠᠢ᠌ᠴᠠᠭ᠋ᠠᠯᠲᠠ ᠬᠢᠬᠦ᠎ᠨᠢ ᠬᠦᠳᠣᠯᠤᠩᠭᠦᠢ ᠬᠠᠮᠢᠶᠠᠷᠤᠯᠳ᠋ᠨ ᠵᠢᠨ ᠵᠠᠩᠭᠢᠯᠠᠭ᠎ᠠ ᠵᠢᠨ ᠴᠠᠭ᠎ᠲᠤ ᠠᠯᠬᠤᠮ ᠳᠠᠷᠠᠭ᠎ᠠ᠎ᠲᠠᠢ ᠬᠦᠳᠡᠯᠤᠩᠭᠦᠢ ᠮᠦᠷᠳᠡᠯᠲᠡ ᠬᠢᠬᠦ᠎ᠪᠠᠷ ᠳᠤᠰᠠᠯᠠᠮᠵᠢ ᠵᠢᠨ ᠪᠡᠯᠡ ᠮᠦᠩᠭᠦ ᠵᠢ ᠶᠣᠰᠤ ᠪᠤᠰᠤ᠎ᠪᠠᠷ ᠭᠠᠷᠳᠠᠵᠤ ᠠᠪᠬᠤ ᠲᠦᠭᠰᠢᠭᠦᠷᠢ᠎ᠠᠴᠠ ᠵᠠᠢ᠌ᠯᠠᠵᠤ ᠴᠢᠳᠠᠬᠤ᠎ᠪᠠᠷ ᠪᠠᠷᠠᠬᠤ ᠦᠭᠡᠢ᠂ ᠳᠤᠰᠠᠯᠠᠮᠵᠢ ᠬᠦᠷᠲᠡᠵᠤ ᠪᠠᠢ᠌ᠭ᠎ᠠ ᠬᠦᠮᠤᠰ᠎ᠤᠨ ᠳᠤᠮᠳᠠ ᠭᠠᠷᠬᠤ ᠣᠨᠴᠠᠭ᠋ᠠᠢ ᠪᠠᠢ᠌ᠳᠠᠯ᠎ᠢ ᠴᠤ᠌ ᠴᠠᠭ ᠳᠠᠷᠤᠢ᠎ᠳᠤ᠎ᠨᠢ ᠢᠯᠡᠷᠡᠭᠦᠯᠵᠤ᠂ ᠳᠤᠰᠠᠯᠠᠮᠵᠢ ᠵᠢᠨ ᠮᠦᠩᠭᠦ᠎ᠪᠠᠨ ᠲᠡᠷᠡ ᠳᠠᠷᠤᠢ᠎ᠳᠤ᠎ᠨᠢ ᠵᠣᠬᠢᠴᠠᠭᠤᠯᠬᠤ᠎ᠳᠤ ᠠᠰᠢᠭᠲᠠᠢ ᠮᠦᠷᠳᠡᠭᠡᠨ ᠣᠨᠣᠴᠠᠲᠠᠢ ᠢᠯᠭ᠋ᠠᠨ ᠲᠣᠳᠣᠯᠠᠵᠤ᠂ ᠣᠨᠣᠴᠠᠲᠠᠢ ᠳᠤᠰᠠᠯᠠᠬᠤ ᠵᠢ ᠴᠤ᠌ ᠯᠠᠪᠲᠠᠢ ᠪᠠᠲᠤᠯᠠᠵᠤ ᠴᠢᠳᠠᠬᠤ ᠶᠤᠮ᠃ 2019 ᠣᠨ᠎ᠳᠤ ᠰᠢᠨ᠎ᠡ ᠬᠣᠲᠠ ᠲᠣᠭᠣᠷᠢᠭ᠎ᠤᠨ᠎ᠬᠢᠨ ᠦᠢ᠍ᠯᠡᠴᠢᠯᠡᠭᠡ ᠬᠤᠳᠠᠯᠳᠤᠨ ᠠᠪᠬᠤ ᠠᠵᠢᠯᠯᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠤ᠂ ᠠᠵᠢᠯ ᠲᠦᠷᠣᠯ ᠬᠤᠳᠠᠯᠳᠤᠨ ᠠᠪᠬᠤ ᠰᠠᠭᠤᠷᠢᠨ ᠳᠡᠭᠡᠷ᠎ᠡ ᠦᠨᠳᠤᠰᠤᠨ ᠱᠠᠲᠤᠨ᠎ᠤ ᠠᠷᠠᠳ᠎ᠤᠨ ᠶᠠᠪᠤᠳᠠᠯ᠎ᠤᠨ 〈〈ᠵᠢᠭ᠋ᠠᠨ ᠵᠢᠯᠣᠭᠣᠳᠤᠭᠴᠢ〉〉 ᠵᠢ ᠬᠣᠳᠠᠯᠳᠤᠨ ᠠᠪᠬᠤ ᠲᠦᠷᠣᠯ᠎ᠢ ᠨᠡᠮᠡᠭᠡᠳ᠂ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠬᠤ᠎ᠳᠤ ᠨᠢᠭᠡᠨᠲᠡ ᠰᠢᠨ᠎ᠡ ᠬᠣᠲᠠ ᠲᠣᠭᠣᠷᠢᠭ᠎ᠤᠨ 9 ᠪᠠᠯᠭ᠋ᠠᠰᠤ (ᠵᠡᠭᠡᠯᠢ ᠭᠣᠲᠤᠮᠵᠢ) ᠨᠢᠭᠡᠪᠤᠷᠢ᠎ᠳᠤ ᠨᠢᠭᠡ ᠨᠡᠷ᠎ᠡ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠴᠢᠩᠭ᠎ᠠ ᠪᠣᠯᠪᠠᠰᠤᠷᠠᠯ ᠵᠶ᠋ᠠᠷ ᠳᠠᠮᠵᠢᠭᠰᠠᠨ 〈〈ᠠᠷᠠᠳ᠎ᠤᠨ ᠶᠠᠪᠤᠳᠠᠯ᠎ᠤᠨ ᠵᠢᠭ᠋ᠠᠨ ᠵᠢᠯᠣᠭᠣᠳᠤᠭᠴᠢ〉〉 ᠵᠢ ᠳᠣᠬᠢᠷᠠᠭᠤᠯᠵᠤ᠂ 9 ᠪᠠᠯᠭ᠋ᠠᠰᠤ (ᠵᠠᠭᠡᠯᠢ ᠭᠣᠲᠣᠮᠵᠢ) ᠵᠢᠨ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠲᠦᠷᠤ ᠵᠢᠨ ᠪᠣᠳᠤᠯᠭ᠎ᠠ ᠵᠢᠨ ᠪᠣᠯᠪᠠᠰᠤᠷᠠᠯ ᠬᠢᠬᠦ᠂ ᠲᠠᠢ᠌ᠯᠤᠮᠵᠢ ᠬᠢᠬᠦ᠂ ᠬᠢᠨᠠᠯᠲᠠ ᠲᠠᠯᠪᠢᠬᠤ ᠵᠡᠷᠭᠡ ᠵᠢᠨ ᠠᠵᠢᠯ᠎ᠢ ᠬᠠᠷᠢᠭᠤᠴᠠᠵᠤ᠂ ᠦᠨᠳᠤᠰᠤᠨ ᠱᠠᠲᠤᠨ᠎ᠤ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠭᠠᠷᠳᠠᠨ ᠭᠦᠢ᠍ᠴᠡᠳᠬᠡᠬᠦ ᠴᠢᠳᠠᠪᠤᠷᠢ ᠵᠢ ᠴᠢᠩᠭ᠋ᠠᠳᠬᠠᠨ᠂ ᠦᠨᠳᠤᠰᠤᠨ ᠱᠠᠲᠤᠨ᠎ᠳᠤ ᠠᠵᠢᠯᠲᠠᠨ ᠬᠦᠷᠤᠯᠴᠡᠬᠦ ᠦᠭᠡᠢ ᠪᠠᠢ᠌ᠭ᠎ᠠ ᠴᠢᠬᠤᠯᠠ ᠠᠰᠠᠭᠤᠳᠠᠯ᠎ᠢ ᠰᠢᠢ᠍ᠳᠪᠤᠷᠢᠯᠡᠭᠰᠡᠨ ᠪᠠᠢ᠌ᠨ᠎ᠠ᠃