5 ᠳ᠋ᠤᠭ᠋ᠠᠷ ᠰᠠᠷ᠎ᠠ ᠵᠢᠨ 23᠎ᠤ ᠠ᠋ᠳᠤᠷ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠣᠨᠴᠠ ᠬᠦᠴᠢᠷᠳᠠᠯ᠎ᠲᠠᠢ ᠠᠰᠠᠷᠠᠨ ᠬᠠᠷᠠᠭ᠋ᠠᠯᠵᠠᠬᠤ ᠬᠦᠮᠤᠰ᠎ᠢ ᠨᠣᠲᠠᠯᠠᠨ ᠲᠣᠭᠲᠠᠭ᠋ᠠᠬᠤ ᠠᠵᠢᠯ ᠪᠠ ᠬᠠᠮᠢᠶᠠᠷᠬᠤ ᠠᠵᠢᠯ IS09001 ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲᠸᠮ᠎ᠤᠨ ᠪᠠᠷᠢᠮᠵᠢᠶᠠᠨ᠎ᠤ ᠵᠦᠪᠰᠢᠶᠡᠷᠡᠯ᠎ᠤᠨ ᠦᠨᠡᠮᠯᠡᠯ ᠵᠶ᠋ᠠᠨ ᠣᠯᠣᠭ᠋ᠠᠳ᠂ ᠮᠠᠨ᠎ᠤ ᠤᠯᠤᠰ᠎ᠤᠨ ᠣᠨᠴᠠ ᠬᠦᠴᠢᠷᠲᠡᠯ᠎ᠲᠠᠢ ᠬᠦᠮᠤᠰ᠎ᠤᠨ ᠨᠣᠲᠠᠯᠠᠨ ᠳᠣᠭᠲᠠᠭ᠋ᠠᠯᠲᠠ ᠪᠠ ᠬᠠᠮᠢᠶᠠᠷᠤᠯᠲᠠ ᠵᠢᠨ ᠠᠵᠢᠯ᠎ᠤᠨ ᠠᠩᠬᠠᠨ᠎ᠤ IS09001᠎ᠪᠠᠷ ᠵᠦᠪᠰᠢᠶᠡᠷᠡᠭᠳᠡᠰᠡᠨ ᠨᠢᠭᠡᠴᠢ ᠪᠣᠯᠪᠠ᠃ ᠠ᠋ᠨᠡ᠎ᠨᠢ ᠪᠠᠭ᠋ᠠᠷᠢᠨ ᠵᠡᠭᠦᠨ ᠬᠣᠰᠢᠭᠤ ᠦᠷᠭᠦᠯᠵᠢᠯᠡᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠬᠦᠮᠤᠰ᠎ᠢ ᠨᠣᠲᠠᠯᠠᠨ ᠳᠣᠭᠲᠠᠭ᠋ᠠᠬᠤ ᠪᠠ ᠬᠠᠮᠢᠶᠠᠷᠬᠤ ᠠᠵᠢᠯ IS09001 ᠵᠦᠪᠰᠢᠶᠡᠷᠡᠯ᠎ᠢ ᠣᠯᠤᠭᠰᠠᠨ᠎ᠤ ᠳᠠᠷᠠᠭ᠋ᠠᠬᠢ ᠨᠡᠢ᠌ᠬᠡᠮ᠎ᠤᠨ ᠳᠤᠰᠠᠯᠠᠮᠵᠢ ᠵᠢᠨ ᠬᠦᠷᠢᠶ᠎ᠠ ᠴᠠᠷᠠᠭ᠋ᠠᠨ᠎ᠳᠤ᠎ᠬᠢ ᠪᠠᠰᠠ ᠨᠢᠭᠡᠨ ᠰᠢᠪᠲᠤᠯᠤᠯᠲᠠ ᠪᠣᠯᠤᠨ᠎ᠠ᠃
ᠦᠭᠡᠷᠡᠴᠢᠯᠡᠯᠲᠡ ᠬᠢᠬᠦ ᠠᠵᠢᠯ᠎ᠤᠨ ᠭᠦᠨᠵᠡᠭᠡᠢ᠌ᠷᠡᠨ ᠬᠦᠭᠵᠢᠬᠦ ᠵᠢ ᠳᠠᠭ᠋ᠠᠯᠳᠤᠨ᠂ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠣᠨᠴᠠ ᠬᠦᠴᠢᠷᠳᠡᠯ᠎ᠲᠠᠢ ᠬᠦᠮᠤᠰ᠎ᠢ ᠨᠣᠲᠠᠯᠠᠨ ᠳᠣᠭᠲᠠᠭ᠋ᠠᠬᠤ ᠪᠠᠷᠢᠮᠵᠢᠶ᠎ᠠ ᠵᠢᠨ ᠲᠠᠯ᠎ᠠ᠎ᠪᠠᠷ 〈〈ᠳᠦᠷᠪᠡᠨ ᠪᠠᠷᠢᠮᠵᠢᠶ᠎ᠠ〉〉 ᠵᠢ ᠰᠦᠪᠡᠭᠴᠢᠯᠡᠨ ᠭᠠᠷᠭ᠋ᠠᠵᠤ᠂ ᠣᠷᠣᠯᠭ᠎ᠠ ᠵᠢ ᠲᠣᠭ᠋ᠠᠴᠠᠯᠠᠬᠤ 〈〈ᠲᠠᠪᠤᠨ ᠪᠠᠷᠢᠮᠵᠢᠶ᠎ᠠ ᠬᠡᠮᠵᠢᠭᠦᠷ〉〉 ᠪᠣᠢ ᠪᠣᠯᠭ᠋ᠠᠵᠤ᠂ ᠶᠡᠷᠤᠩᠬᠡᠢ ᠨᠣᠲᠠᠯᠠᠨ ᠳᠣᠭᠲᠠᠭ᠋ᠠᠬᠤ ᠠᠵᠢᠯ᠎ᠤᠨ ᠪᠠᠭ᠎ᠠ ᠳᠤᠭᠤᠢ᠌ᠯᠠᠩ ᠪᠠᠢ᠌ᠭᠤᠯᠤᠭ᠋ᠠᠳ᠂ 〈〈ᠣᠨᠴᠠ ᠬᠦᠴᠢᠷᠳᠡᠯ᠎ᠲᠠᠢ ᠬᠦᠮᠤᠰ᠎ᠤᠨ ᠪᠠᠢ᠌ᠴᠠᠭ᠋ᠠᠨ ᠬᠠᠷᠭᠤᠭᠤᠯᠵᠤ ᠬᠢᠨᠠᠨ ᠵᠦᠪᠰᠢᠶᠡᠷᠡᠬᠦ ᠠᠵᠢᠯ᠎ᠢ ᠳᠦᠷᠢᠮᠵᠢᠭᠦᠯᠬᠦ ᠭᠠᠷ ᠳᠡᠪᠲᠡᠷ〉〉 ᠲᠣᠭᠣᠷᠪᠢᠨ ᠨᠠᠢ᠌ᠷᠠᠭᠤᠯᠤᠭ᠋ᠠᠳ᠂ 〈〈ᠠ᠋ᠳ᠋ ᠬᠦᠷᠣᠩᠭᠡ ᠵᠢ ᠪᠠᠢ᠌ᠴᠠᠭ᠋ᠠᠨ ᠬᠠᠷᠭᠤᠭᠤᠯᠬᠤ + ᠢᠯᠡ᠎ᠪᠠᠷ ᠵᠦᠪᠯᠡᠨ ᠳᠣᠭᠲᠠᠭ᠋ᠠᠬᠤ + ᠠ᠋ᠷᠤᠬᠡ᠎ᠳᠤ ᠣᠷᠣᠵᠤ ᠪᠠᠢ᠌ᠴᠠᠭ᠋ᠠᠯᠲᠠ ᠬᠢᠬᠦ + ᠵᠠᠷᠯᠠᠨ ᠨᠡᠢ᠌ᠲᠡᠯᠡᠬᠦ〉〉 ᠠᠵᠢᠯ᠎ᠤᠨ ᠶᠠᠪᠤᠴᠠ ᠵᠢ ᠪᠣᠢ ᠪᠣᠯᠭ᠋ᠠᠨ᠂ ᠣᠨᠴᠠ ᠬᠦᠴᠢᠷᠳᠡᠯ᠎ᠲᠠᠢ ᠠᠰᠠᠷᠠᠨ ᠬᠠᠷᠠᠭ᠋ᠠᠯᠵᠠᠭᠤᠯᠬᠤ ᠬᠦᠮᠤᠰ᠎ᠢ ᠨᠣᠲᠠᠯᠠᠨ ᠳᠣᠭᠲᠠᠭ᠋ᠠᠬᠤ ᠠᠵᠢᠯ᠎ᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠤᠰᠬᠠᠢ᠌ᠵᠢᠭᠤᠯᠬᠤ ᠬᠢᠷᠢ ᠳᠦᠪᠰᠢᠨ᠎ᠢ ᠪᠦᠲᠤᠮᠵᠢᠲᠠᠢ ᠳᠡᠭᠡᠭᠰᠢᠯᠡᠭᠦᠯᠪᠡ᠃ ᠣᠨᠴᠠ ᠬᠦᠴᠢᠷᠳᠡᠯ᠎ᠲᠠᠢ ᠬᠦᠮᠤᠰ᠎ᠤᠨ ᠬᠠᠮᠢᠶᠠᠷᠤᠯᠲᠠ ᠵᠢᠨ ᠪᠠᠷᠢᠮᠵᠢᠶᠠᠨ᠎ᠤ ᠲᠠᠯ᠎ᠠ᠎ᠪᠠᠷ᠂ ᠠᠰᠠᠭᠤᠳᠠᠯ ᠵᠶ᠋ᠠᠷ ᠵᠢᠯᠣᠭᠣᠳᠤᠮᠵᠢ ᠪᠣᠯᠭ᠋ᠠᠬᠤ ᠵᠢ ᠳᠣᠪᠣᠢ᠌ᠯᠭ᠋ᠠᠨ᠂ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ᠌ᠷᠡᠭᠦᠯᠵᠤ᠂ ᠲᠦᠷᠤ ᠵᠢᠨ ᠪᠣᠳᠣᠯᠭ᠎ᠠ ᠵᠢᠨ ᠴᠢᠭᠯᠡᠯ᠎ᠢ ᠴᠢᠩᠭ᠎ᠠ ᠠᠳᠬᠤᠨ᠂ ᠵᠣᠷᠢᠭᠲᠠᠢ ᠰᠢᠨᠡᠴᠢᠯᠡᠨ ᠦᠢ᠍ᠯᠡᠳᠤᠯᠭᠡᠵᠢᠭᠦᠯᠵᠤ᠂ ᠣᠨᠴᠠ ᠬᠦᠴᠢᠷᠳᠡᠯ᠎ᠲᠠᠢ ᠬᠦᠮᠤᠰ᠎ᠢ ᠣᠨᠣᠴᠠᠲᠠᠢ ᠨᠣᠲᠠᠯᠠᠨ ᠳᠣᠭᠲᠠᠭ᠋ᠠᠬᠤ᠎ᠪᠠᠷ ᠦᠨᠳᠤᠰᠤ ᠪᠣᠯᠭ᠋ᠠᠵᠤ᠂ ᠭᠤᠷᠪᠠᠳᠠᠬᠢ ᠳᠤᠰᠬᠠᠢ ᠮᠡᠷᠭᠡᠵᠢᠯ᠎ᠤᠨ ᠦᠨᠡᠯᠡᠨ ᠵᠢᠱ᠌ᠢᠬᠦ ᠠᠵᠢᠯ᠎ᠢ ᠬᠤᠳᠠᠯᠳᠤᠨ ᠠᠪᠬᠤ᠎ᠪᠠᠷ ᠬᠣᠯᠪᠣᠭ᠋ᠠᠰᠤ ᠪᠣᠯᠭ᠋ᠠᠨ᠂ 〈〈ᠭᠡᠷᠡᠲᠤ ᠳᠣᠭᠲᠠᠭ᠋ᠠᠯᠲᠠ ᠵᠢᠨ ᠬᠠᠮᠢᠶᠠᠷᠤᠯᠲᠠ〉〉 ᠵᠢᠨ ᠦᠢ᠍ᠯᠡᠴᠢᠯᠡᠭᠡᠨ᠎ᠤ ᠬᠢᠨᠠᠯᠲᠠ ᠲᠠᠯᠪᠢᠬᠤ ᠠᠷᠭ᠎ᠠ ᠵᠠᠮ᠎ᠢ ᠬᠡᠷᠡᠭᠯᠡᠵᠤ᠂ ᠣᠯᠠᠨ ᠳᠠᠪᠬᠤᠷᠭ᠋ᠠᠵᠢᠨ ᠴᠣᠭᠴᠠᠵᠢᠭᠰᠠᠨ ᠣᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠰᠢᠰᠲᠸᠮ᠎ᠢ ᠪᠠᠢ᠌ᠭᠤᠯᠤᠨ᠂ ᠣᠨᠴᠠ ᠬᠦᠴᠢᠷᠳᠡᠯ᠎ᠲᠠᠢ ᠠᠰᠠᠷᠠᠨ ᠬᠠᠷᠠᠭ᠋ᠠᠯᠵᠠᠭᠤᠯᠬᠤ ᠬᠦᠮᠤᠰ᠎ᠤᠨ ᠬᠠᠮᠢᠶᠠᠷᠤᠯᠲᠠ ᠵᠢᠨ ᠳᠣᠭᠲᠠᠯᠴᠠᠭ᠎ᠠ ᠵᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠬᠠᠤᠯᠢᠵᠢᠭᠤᠯᠬᠤ ᠶᠠᠪᠤᠳᠠᠯ᠎ᠢ ᠪᠦᠲᠤᠮᠵᠢᠲᠠᠢ ᠠᠬᠢᠭᠤᠯᠤᠭᠰᠠᠨ ᠪᠠᠢ᠌ᠨ᠎ᠠ᠃
ᠣᠨᠴᠠ ᠬᠦᠴᠢᠷᠳᠡᠯ᠎ᠲᠠᠢ ᠠᠰᠠᠷᠠᠨ ᠬᠠᠷᠠᠭ᠋ᠠᠯᠵᠠᠭᠤᠯᠬᠤ ᠬᠦᠮᠤᠰ᠎ᠤᠨ ᠨᠣᠲᠠᠯᠠᠨ ᠲᠣᠭᠲᠠᠭ᠋ᠠᠯᠲᠠ ᠪᠠ ᠬᠠᠮᠢᠶᠠᠷᠤᠯᠲᠠ ᠵᠢᠨ ᠠᠵᠢᠯ᠎ᠤᠨ ᠪᠠᠷᠢᠮᠵᠢᠶ᠎ᠠ ᠵᠢ ᠳᠦᠷᠢᠮᠵᠢᠭᠦᠯᠬᠦ᠎ᠪᠠᠷ ᠳᠠᠮᠵᠢᠭ᠋ᠠᠳ᠂ ᠣᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠠᠵᠢᠯ ᠨᠡᠩ ᠴᠢᠨᠠᠷᠵᠢᠭᠤᠨ᠂ ᠨᠡᠩ ᠦᠷ᠎ᠡ ᠪᠦᠲᠤᠮᠵᠢᠲᠠᠢ᠂ ᠨᠡᠩ ᠠ᠋ᠷᠬᠡ ᠳᠡᠭᠰᠢ᠂ ᠨᠡᠩ ᠨᠦᠭᠡᠴᠡ᠎ᠲᠠᠢ ᠬᠦᠭᠵᠢᠬᠦ ᠬᠠᠷᠠᠯᠲᠠ ᠵᠦᠭ ᠤᠷᠤᠭᠰᠢᠯᠠᠬᠤ ᠵᠢ ᠳᠦᠯᠬᠢᠨ ᠠᠬᠢᠭᠤᠯᠪᠠ᠃