ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠤᠯᠠᠭ᠋ᠠᠨᠬᠠᠳᠠ ᠬᠣᠲᠠ 〈〈ᠭᠡᠷ᠎ᠲᠤ᠎ᠪᠠᠨ ᠦᠯᠡᠳᠡᠭᠰᠡᠨ ᠬᠡᠤᠬᠡᠳ᠂ ᠦᠨᠣᠴᠢᠨ ᠵᠡᠮᠳᠡᠭ ᠬᠡᠤᠬᠡᠳ〉〉᠎ᠲᠤ ᠪᠤᠶᠠᠨ ᠦᠢ᠍ᠯᠡᠳᠬᠦ ᠦᠳᠡᠰᠢᠯᠡᠭᠡ ᠬᠢᠪᠡ
ᠨᠡᠶᠢᠲᠡᠯᠡᠭᠰᠡᠨ ᠴᠠᠭ᠄ 2019-06-19

             

      ᠲᠦᠷᠤᠭᠦᠬᠡᠨ ᠤᠯᠠᠭ᠋ᠠᠬᠠᠳᠠ ᠬᠣᠲᠠ ᠵᠢᠨ ᠪᠤᠶᠠᠨ᠎ᠤ ᠦᠢ᠍ᠯᠡᠰ᠎ᠤᠨ ᠶᠡᠷᠤᠩᠬᠡᠢ ᠡᠪᠯᠡᠯ᠂ ᠤᠯᠠᠭ᠋ᠠᠨᠬᠠᠳᠠ ᠬᠣᠲᠠ ᠵᠢᠨ ᠲᠸᠯᠸᠢᠰ ᠬᠣᠷᠢᠶ᠎ᠠ ᠬᠠᠮᠲᠤᠷᠠᠨ ᠰᠡᠲᠤᠵᠤ᠂ ᠤᠯᠠᠭ᠋ᠠᠨᠬᠠᠳᠠ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠤᠯᠠᠭ᠋ᠠᠨᠬᠠᠳᠠ ᠬᠣᠲᠠ ᠵᠢᠨ ᠳᠤᠰᠠᠯᠠᠮᠵᠢ ᠵᠢᠨ ᠦᠷᠲᠡᠭᠡ (ᠤᠯᠠᠭ᠋ᠠᠨᠬᠠᠳᠠ ᠬᠣᠲᠠ ᠵᠢᠨ ᠲᠡᠨᠤᠭᠦᠵᠤ ᠶᠠᠪᠤᠭ᠎ᠠ ᠨᠠᠰᠤᠨ᠎ᠳᠤ ᠦᠯᠤ ᠬᠦᠷᠤᠭ᠌ᠰᠡᠳ᠎ᠤᠨ ᠳᠤᠰᠠᠯᠠᠯᠲᠠ ᠬᠠᠮᠠᠭ᠋ᠠᠯᠠᠯᠲᠠ ᠵᠢᠨ ᠲᠦᠪ) ᠳᠡᠮᠵᠢᠨ ᠠ᠋ᠷᠬᠢᠯᠡᠭᠰᠡᠨ ᠬᠣᠶᠠᠳᠤᠭ᠋ᠠᠷ ᠬᠤᠭᠤᠴᠠᠭ᠋ᠠᠨ᠎ᠤ 〈〈ᠭᠡᠷ᠎ᠲᠤ᠎ᠪᠠᠨ ᠦᠯᠡᠳᠡᠭᠰᠡᠨ ᠬᠡᠤᠬᠡᠳ᠂ ᠦᠨᠣᠴᠢᠨ ᠵᠡᠮᠲᠡᠭ ᠬᠡᠤᠬᠡᠳ᠎ᠢ ᠠᠩᠬᠠᠷᠤᠨ ᠬᠠᠯᠠᠮᠵᠢᠯᠠᠵᠤ᠂ ᠦᠴᠤᠭᠡᠨ ᠬᠦᠰᠡᠯ ᠰᠠᠨᠠᠭ᠎ᠠ ᠵᠢ᠎ᠨᠢ ᠪᠡᠶᠡᠯᠡᠭᠦᠯᠤᠶ᠎ᠠ〉〉 ᠬᠡᠮᠡᠬᠦ ᠪᠤᠶᠠᠨ ᠦᠢ᠍ᠯᠡᠳᠬᠦ ᠦᠳᠡᠰᠢᠯᠡᠭᠡ᠎ᠨᠢ ᠤᠯᠠᠭ᠋ᠠᠨᠬᠠᠳᠠ ᠬᠣᠲᠠ ᠵᠢᠨ ᠲᠸᠯᠸᠢᠰ ᠬᠣᠷᠢᠶᠠᠨ᠎ᠤ ᠲᠣᠭᠯᠠᠯᠲᠠ ᠵᠢᠨ ᠲᠠᠩᠬᠢᠮ᠎ᠳᠤ ᠶᠠᠪᠤᠭᠳᠠᠪᠠ᠃ ᠤᠯᠠᠭ᠋ᠠᠨᠬᠠᠳᠠ ᠬᠣᠲᠠ ᠵᠢᠨ ᠠᠷᠠᠳ᠎ᠤᠨ ᠲᠦᠯᠣᠭᠡᠯᠡᠭᠴᠢᠳ᠎ᠤᠨ ᠪᠠᠢ᠌ᠩᠭᠤ ᠵᠢᠨ ᠬᠣᠷᠢᠶ᠎ᠠ᠂ ᠬᠣᠲᠠ ᠵᠢᠨ ᠵᠠᠰᠠᠭ᠎ᠤᠨ ᠤᠷᠳᠤᠨ᠂ ᠬᠣᠲᠠ ᠵᠢᠨ ᠤᠯᠤᠰ ᠲᠦᠷᠤ ᠵᠢᠨ ᠵᠦᠪᠯᠡᠯᠭᠡᠨ ᠪᠣᠯᠤᠨ ᠬᠣᠲᠠ ᠵᠢᠨ ᠪᠤᠶᠠᠨ᠎ᠤ ᠦᠢ᠍ᠯᠡᠰ᠎ᠤᠨ ᠶᠡᠷᠤᠩᠬᠡᠢ ᠡᠪᠯᠡᠯ᠎ᠤᠨ ᠬᠠᠮᠢᠶ᠎ᠠ ᠪᠦᠬᠦᠢ ᠤᠳᠤᠷᠢᠳᠤᠯᠭ᠎ᠠ ᠠ᠋ᠬᠢᠯᠡᠯᠲᠡ᠎ᠳᠤ ᠣᠷᠣᠯᠴᠠᠪᠠ᠃ ᠬᠣᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠣᠩᠨᠢᠭᠤᠳ ᠬᠣᠰᠢᠭᠤᠨ᠎ᠤ ᠤᠳᠠᠨ ᠳᠣᠬᠣᠢ ᠪᠠᠭ᠎ᠠ ᠰᠤᠷᠭ᠋ᠠᠭᠤᠯᠢ ᠵᠢᠨ ᠭᠡᠰᠡᠭ ᠦᠨᠣᠴᠢᠨ ᠵᠡᠮᠲᠡᠭ ᠬᠡᠤᠬᠡᠳ᠂ ᠭᠡᠷ᠎ᠲᠤ᠎ᠪᠠᠨ ᠦᠯᠡᠳᠡᠭᠰᠡᠨ ᠬᠡᠤᠬᠡᠳ ᠪᠠ ᠬᠠᠢ᠌ᠷ᠎ᠠ ᠵᠢᠨ ᠰᠡᠳᠬᠢᠯ᠎ᠲᠠᠢ ᠬᠦᠮᠤᠰ ᠠ᠋ᠯᠪᠡᠭ ᠪᠠᠶᠠᠯᠢᠭ ᠠᠭᠤᠯᠭ᠎ᠠ ᠪᠦᠬᠦᠢ ᠭᠣᠢ᠌ᠳᠠ ᠰᠠᠢ᠌ᠬᠠᠨ ᠲᠣᠭᠯᠠᠯᠲᠠ ᠭᠠᠷᠭ᠋ᠠᠵᠠᠢ᠃
      ᠳᠠᠷᠠᠭ᠎ᠠ᠎ᠨᠢ ᠬᠣᠲᠠ ᠵᠢᠨ ᠪᠤᠶᠠᠨ᠎ᠤ ᠦᠢ᠍ᠯᠡᠰ᠎ᠤᠨ ᠡᠪᠯᠡᠯ᠂ ᠲᠸᠯᠸᠢᠰ ᠬᠣᠷᠢᠶ᠎ᠠ᠂ ᠬᠣᠲᠠ ᠵᠢᠨ ᠳᠤᠰᠠᠯᠠᠮᠵᠢ ᠵᠢᠨ ᠦᠷᠲᠡᠭᠡ (ᠨᠠᠰᠤᠨ᠎ᠳᠤ ᠦᠯᠤ ᠬᠦᠷᠤᠭ᠌ᠰᠡᠳ᠎ᠤᠨ ᠳᠤᠰᠠᠯᠠᠯᠲᠠ ᠬᠠᠮᠠᠭ᠋ᠠᠯᠠᠯᠲᠠ ᠵᠢᠨ ᠲᠦᠪ) ᠦᠷᠭᠦᠯᠵᠢᠯᠡᠨ ᠭᠡᠷ᠎ᠲᠤ᠎ᠪᠠᠨ ᠦᠯᠡᠳᠡᠭᠰᠡᠨ ᠬᠡᠤᠬᠡᠳ᠂ ᠦᠨᠣᠴᠢᠨ ᠵᠡᠮᠲᠡᠭ ᠬᠡᠤᠬᠡᠳ᠎ᠤᠨ ᠬᠦᠰᠡᠯ ᠰᠠᠨᠠᠭ᠎ᠠ ᠵᠢ ᠦᠢ᠍ᠯᠠᠭ᠋ᠠᠨ᠂ ᠠᠮᠢᠳᠤᠷᠠᠯ ᠰᠤᠷᠤᠯᠭ᠎ᠠ ᠵᠢᠨ ᠠ᠋ᠳ᠋ ᠬᠡᠷᠡᠭᠰᠡᠯ᠎ᠢ ᠪᠠᠵᠠᠭ᠋ᠠᠵᠤ᠂ ᠭᠡᠷ᠎ᠲᠤ᠎ᠪᠠᠨ ᠦᠯᠡᠳᠡᠭᠰᠡᠨ ᠬᠡᠤᠬᠡᠳ ᠪᠠᠢ᠌ᠬᠤ ᠰᠢᠶᠠᠩ ᠪᠠᠯᠭ᠋ᠠᠰᠤ᠂ ᠰᠤᠷᠭ᠋ᠠᠭᠤᠯᠢ᠎ᠳᠤ ᠬᠦᠷᠴᠤ᠂ ᠲᠡᠳᠡᠨ᠎ᠢ ᠪᠣᠯᠭᠤᠭ᠋ᠠᠨ ᠲᠣᠭᠣᠨᠢᠭᠤᠯᠵᠤ᠂ ᠨᠠᠮ ᠵᠠᠰᠠᠭ ᠪᠣᠯᠤᠨ ᠨᠡᠢ᠌ᠬᠡᠮ ᠳᠠᠶᠠᠭ᠋ᠠᠷ᠎ᠤᠨ ᠦᠨᠣᠴᠢᠨ ᠵᠡᠮᠲᠡᠭ᠂ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠢ᠌ᠷᠠᠯᠠᠨ ᠬᠠᠯᠠᠮᠵᠢᠯᠠᠵᠤ ᠪᠠᠢ᠌ᠬᠤ ᠵᠢ ᠢᠯᠡᠳᠬᠡᠬᠦ᠎ᠪᠠᠷ ᠪᠣᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤ ᠣᠨᠴᠠ ᠬᠦᠴᠢᠷᠳᠡᠯ᠎ᠲᠠᠢ ᠠᠰᠠᠷᠠᠵᠤ ᠬᠠᠷᠠᠭ᠋ᠠᠯᠵᠠᠬᠤ ᠬᠦᠮᠤᠰ᠎ᠢ ᠨᠣᠲᠠᠯᠠᠨ ᠳᠣᠭᠲᠠᠭ᠋ᠠᠬᠤ ᠪᠠ ᠬᠠᠮᠢᠶᠠᠷᠬᠤ ᠠᠵᠢᠯ᠎ᠨᠢ Is09001᠎ᠪᠠᠷ ᠵᠦᠪᠰᠢᠶᠡᠷᠡᠭᠳᠡᠪᠡ
ᠬᠢᠩᠭ᠋ᠠᠨ ᠠᠢ᠌ᠮᠠᠭ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠦᠷᠲᠡᠭᠡ ᠳᠤᠰᠠᠯᠠᠮᠵᠢ ᠵᠢᠨ ᠪᠠᠢ᠌ᠭᠤᠯᠤᠮᠵᠢ ᠵᠢᠨ 〈〈ᠴᠢᠯᠤᠭᠡᠲᠤ ᠠ᠋ᠳᠤᠷ〉〉᠎ᠤᠨ ᠠᠵᠢᠯᠯᠠᠭ᠎ᠠ ᠦᠷᠨᠢᠭᠦᠯᠪᠠ
ᠠᠯᠠᠱ᠌ᠠ ᠠᠢ᠌ᠮᠠᠭ᠎ᠤᠨ ᠳᠤᠰᠠᠯᠠᠮᠵᠢ ᠵᠢᠨ ᠦᠷᠲᠡᠭᠡ 〈〈ᠲᠣᠳᠣᠨᠤ ᠬᠦᠮᠣᠰ᠎ᠢ᠎ᠨᠢ ᠠ᠋ᠷᠢᠨ ᠣᠯᠵᠤ ᠳᠤᠯᠠᠭ᠋ᠠᠨ ᠭᠡᠷ᠎ᠲᠤᠨᠢ ᠬᠠᠷᠢᠭᠤᠯᠬᠤ〉〉 ᠭᠣᠣᠯ ᠰᠡᠳᠤᠪᠲᠤ ᠴᠢᠯᠤᠭᠡᠲᠤ ᠠ᠋ᠳᠤᠷ᠎ᠤᠨ ᠠᠵᠢᠯᠯᠠᠭ᠎ᠠ ᠦᠷᠨᠢᠭᠦᠯᠪᠡ
ᠤᠯᠠᠭ᠋ᠠᠨᠬᠠᠳᠠ ᠬᠤᠲᠠ ᠵᠢᠨ ᠨᠡᠢ᠌ᠭᠡᠮ᠎ᠤᠨ ᠳᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠱᠠᠲᠦᠴᠢ ᠴᠢᠨᠠᠷᠲᠠᠢ ᠠᠬᠢᠯᠲᠠ᠎ᠲᠠᠢ ᠪᠣᠯᠪᠠ
ᠦᠪᠡᠷᠳᠡᠭᠡᠨ ᠵᠠᠰᠠᠬᠤ ᠣᠷᠣᠨ᠎ᠤ ᠵᠢᠷᠭᠤᠳᠤᠭ᠋ᠠᠷ ᠳᠣᠭᠣᠷᠢᠨ ᠵᠢᠯᠣᠭᠣᠳᠬᠤ ᠳᠤᠭᠤᠢ᠌ᠯᠠᠩ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠤᠳᠤᠯᠤᠨ ᠶᠠᠷᠢᠯᠴᠠᠬᠤ ᠰᠠᠭᠤᠳᠠᠯ᠎ᠤᠨ ᠬᠤᠷᠠᠯ ᠬᠢᠪᠡ
 
            