6 ᠳ᠋ᠤᠭ᠋ᠠᠷ ᠰᠠᠷ᠎ᠠ ᠵᠢᠨ 5᠎ᠤ ᠠ᠋ᠳᠤᠷ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ᠂ ᠬᠣᠲᠠ ᠵᠢᠨ ᠶᠠᠳᠠᠭᠤ ᠵᠢ ᠳᠡᠳᠬᠦᠬᠦ ᠠᠯᠪᠠᠨ ᠭᠡᠷ᠂ ᠬᠣᠲᠠ ᠵᠢᠨ ᠵᠡᠮᠲᠡᠭᠴᠤᠳ᠎ᠤᠨ ᠬᠣᠯᠪᠣᠭ᠎ᠠ᠂ ᠬᠣᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠦᠪᠯᠡᠯ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠭᠣᠣᠯᠯᠠᠨ ᠠ᠋ᠷᠬᠢᠯᠡᠵᠤ᠂ ᠬᠣᠲᠠ ᠵᠢᠨ ᠬᠡᠣᠬᠡᠳ᠎ᠤᠨ ᠠᠰᠠᠷᠠᠮᠵᠢ ᠵᠢᠨ ᠬᠦᠷᠢᠶᠡᠯᠡᠩ ᠳᠠᠭ᠋ᠠᠭ᠋ᠠᠨ ᠠ᠋ᠷᠬᠢᠯᠡᠭᠰᠡᠨ 〈〈ᠤᠷᠢᠬᠠᠨ ᠰᠠᠯᠬᠢ ᠵᠢᠨ ᠢᠯᠪᠢᠭᠡᠨ᠎ᠲᠠᠢ ᠠᠷᠠᠳ᠎ᠤᠨ ᠠᠮᠢᠳᠤᠷᠠᠯ〉〉 ᠬᠡᠮᠡᠬᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ ᠬᠣᠲᠠ ᠵᠢᠨ ᠬᠡᠣᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠪᠣᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠳᠤᠭᠤᠢ᠌ᠯᠠᠩ᠎ᠤᠨ ᠱᠦᠵᠢ᠂ ᠳᠣᠪᠴᠢᠶᠠᠨ ᠳᠠᠷᠤᠭ᠎ᠠ ᠴᠸᠩ ᠲᠢᠶᠡᠨ ᠹᠦ᠋ ᠪᠣᠯᠤᠨ ᠬᠣᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠦᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠦᠵᠡᠰᠭᠦᠯᠡᠩ ᠠ᠋ᠬᠢᠯᠡᠬᠦ ᠶᠣᠰᠤᠯᠠᠯ᠎ᠳᠤ ᠣᠷᠣᠯᠴᠠᠭᠰᠠᠨ ᠪᠦᠭᠡᠳ ᠦᠵᠡᠰᠬᠦᠯᠡᠩ᠎ᠢ ᠲᠣᠭᠣᠷᠢᠨ ᠦᠵᠡᠪᠡ᠃
ᠦᠵᠡᠰᠬᠦᠯᠡᠩ ᠠ᠋ᠬᠢᠯᠡᠬᠦ᠎ᠠᠴᠠ ᠠ᠋ᠮᠤᠨ᠎ᠡ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ᠂ ᠶᠠᠳᠠᠭᠤ ᠵᠢ ᠳᠡᠳᠬᠦᠬᠦ ᠠᠯᠪᠠᠨ ᠭᠡᠷ᠂ ᠵᠡᠮᠲᠡᠭᠴᠤᠳ᠎ᠤᠨ ᠬᠣᠯᠪᠣᠭ᠎ᠠ᠎ᠠᠴᠠ ᠡᠯ᠎ᠡ ᠵᠦᠢ᠍ᠯ᠎ᠤᠨ ᠤᠷᠠᠨ ᠪᠢᠴᠢᠯᠭᠡ ᠤᠷᠠᠨ ᠵᠢᠷᠤᠭ᠎ᠤᠨ ᠪᠦᠲᠤᠭᠡᠯ 200 ᠭᠠᠷᠤᠢ ᠠ᠋ᠯᠰᠡᠵᠡᠢ᠃ ᠠ᠋ᠨᠡ ᠤᠳᠠᠭ᠋ᠠᠨ᠎ᠤ ᠦᠵᠡᠰᠬᠦᠯᠡᠩ᠎ᠳᠤ ᠰᠤᠩᠭᠤᠭᠳᠠᠭᠰᠠᠨ 100 ᠢᠯᠡᠭᠦᠤ ᠪᠦᠲᠤᠭᠡᠯ᠎ᠨᠢ ᠪᠦᠷ ᠠᠷᠠᠳ᠎ᠤᠨ ᠠᠮᠢᠳᠤᠷᠠᠯ ᠵᠶ᠋ᠠᠷ ᠭᠣᠣᠯ ᠰᠡᠳᠤᠪ ᠪᠣᠯᠭ᠋ᠠᠨ᠂ ᠤᠷᠠᠨ ᠪᠢᠴᠢᠯᠭᠡ ᠤᠷᠠᠨ ᠵᠢᠷᠤᠭ᠎ᠤᠨ ᠠᠷᠭ᠎ᠠ ᠪᠠᠷᠢᠯ ᠵᠶ᠋ᠠᠷ ᠰᠤᠷᠭ᠋ᠠᠯ ᠦᠭᠡ᠂ ᠰᠡᠴᠡᠨ ᠦᠭᠡ᠂ ᠢᠳᠬᠠᠯ ᠰᠠᠨᠠᠭᠤᠯᠤᠮᠵᠢ ᠵᠢ ᠲᠦᠷᠰᠤᠯᠢᠭ᠌ ᠰᠠᠢ᠌ᠬᠠᠨ ᠢᠯᠡᠳᠬᠡᠵᠤ᠂ ᠤᠷᠠᠨ ᠪᠢᠴᠢᠯᠭᠡ ᠤᠷᠠᠨ ᠵᠢᠷᠤᠭ᠎ᠤᠨ ᠤᠷᠠᠯᠢᠭ ᠪᠣᠯᠣᠨ ᠴᠢᠭᠡᠴᠢ ᠵᠠᠰᠠᠭ᠎ᠤᠨ ᠰᠤᠶᠤᠯ᠎ᠤᠨ ᠪᠠᠢ᠌ᠭᠤᠯᠤᠯᠲᠠ ᠵᠢ ᠤᠷᠭ᠋ᠠᠨᠢᠭ ᠵᠶ᠋ᠠᠷ ᠤᠶᠠᠯᠳᠤᠭᠤᠯᠤᠨ᠂ ᠦᠵᠡᠯ ᠰᠠᠨᠠᠭ᠎ᠠ᠂ ᠤᠷᠠᠯᠢᠭ᠂ ᠮᠡᠳᠡᠯᠭᠡ ᠵᠢ ᠭᠣᠢ᠌ᠳᠠ ᠰᠠᠢ᠌ᠬᠠᠨ ᠨᠢᠭᠡᠳᠬᠡᠨ ᠪᠦᠲᠤᠭᠡᠭᠰᠡᠨ ᠪᠠᠢ᠌ᠨ᠎ᠠ᠃ ᠠ᠋ᠨᠡ᠎ᠨᠢ ᠲᠦᠪ ᠶᠣᠰᠤᠨ᠎ᠢ ᠰᠤᠷᠲᠠᠯᠴᠢᠯᠠᠨ ᠤᠯᠠᠮᠵᠢᠯᠠᠵᠤ᠂ ᠨᠠᠮ᠎ᠤᠨ ᠬᠡᠰᠢᠭᠦᠨ ᠺᠠᠳ᠋ᠷ ᠣᠯᠠᠨ ᠲᠦᠮᠡᠨ᠎ᠤ ᠰᠤᠶᠤᠯ ᠤᠷᠠᠯᠢᠭᠤ ᠠᠮᠢᠳᠤᠷᠠᠯ᠎ᠢ ᠪᠠᠶᠠᠯᠢᠭᠵᠢᠭᠤᠯᠤᠨ᠂ ᠰᠢᠯᠢᠳᠡᠭ ᠰᠠᠢ᠌ᠨ ᠬᠡᠪ ᠰᠤᠷᠲᠠᠯ ᠪᠦᠬᠦᠢ ᠴᠢᠭᠡᠴᠢ ᠰᠤᠶᠤᠯ᠎ᠤᠨ ᠠᠭᠤᠷ ᠠᠮᠢᠰᠬᠤᠯ᠎ᠢ ᠪᠢᠯᠬᠠᠭᠤᠯᠤᠭ᠋ᠠᠳ᠂ ᠴᠢᠬᠤᠯᠠ ᠶᠡᠬᠡ ᠬᠦᠮᠤᠵᠢᠯ᠎ᠤᠨ ᠠᠭᠤᠯᠭ᠎ᠠ᠎ᠲᠠᠢ ᠪᠣᠯᠭ᠋ᠠᠪᠠ᠃