ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠠᠯᠠᠱ᠌ᠠ ᠠᠢ᠌ᠮᠠᠭ᠎ᠤᠨ ᠳᠤᠰᠠᠯᠠᠮᠵᠢ ᠵᠢᠨ ᠦᠷᠲᠡᠭᠡ 〈〈ᠲᠣᠳᠣᠨᠤ ᠬᠦᠮᠣᠰ᠎ᠢ᠎ᠨᠢ ᠠ᠋ᠷᠢᠨ ᠣᠯᠵᠤ ᠳᠤᠯᠠᠭ᠋ᠠᠨ ᠭᠡᠷ᠎ᠲᠤᠨᠢ ᠬᠠᠷᠢᠭᠤᠯᠬᠤ〉〉 ᠭᠣᠣᠯ ᠰᠡᠳᠤᠪᠲᠤ ᠴᠢᠯᠤᠭᠡᠲᠤ ᠠ᠋ᠳᠤᠷ᠎ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2019-06-26

                     


     6 ᠳ᠋ᠤᠭ᠋ᠠᠷ ᠰᠠᠷ᠎ᠠ ᠵᠢᠨ 19᠎ᠤ ᠠ᠋ᠳᠤᠷ ᠠᠯᠠᠱ᠌ᠠ ᠠᠢ᠌ᠮᠠᠭ᠎ᠤᠨ ᠳᠤᠰᠠᠯᠠᠮᠵᠢ ᠵᠢᠨ ᠦᠷᠲᠡᠭᠡᠨ᠎ᠤ᠎ᠬᠢᠨ 〈〈ᠲᠣᠳᠣᠨᠤ ᠬᠦᠮᠤᠰ᠎ᠢ᠎ᠨᠢ ᠠ᠋ᠷᠢᠨ ᠣᠯᠵᠤ ᠳᠤᠯᠠᠭ᠋ᠠᠨ ᠭᠡᠷ᠎ᠲᠤᠨᠢ ᠬᠠᠷᠢᠭᠤᠯᠬᠤ〉〉 ᠭᠣᠣᠯ ᠰᠡᠳᠤᠪᠲᠤ ᠴᠢᠯᠣᠭᠡᠲᠤ ᠠ᠋ᠳᠤᠷ᠎ᠤᠨ ᠠᠵᠢᠯᠯᠠᠭ᠎ᠠ ᠦᠷᠨᠢᠭᠦᠯᠵᠠᠢ᠃ ᠠᠯᠠᠱ᠌ᠠ ᠠᠢ᠌ᠮᠠᠭ᠎ᠤᠨ ᠳᠡᠳ᠋ ᠳᠠᠷᠤᠭ᠎ᠠ ᠰᠦᠨ ᠮᠢᠩ ᠴᠢᠤᠸᠠᠨ᠂ ᠴᠢᠨ ᠶᠠᠨ᠂ ᠰᠡᠴᠡᠨ᠂ ᠸᠠᠩ ᠴᠢᠶᠠᠩ ᠠᠵᠢᠯᠯᠠᠭ᠋ᠠᠨ᠎ᠳᠤ ᠣᠷᠣᠯᠴᠠᠵᠤ᠂ ᠠᠢ᠌ᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠭᠡᠯᠲᠡᠰ᠂ ᠠᠢ᠌ᠮᠠᠭ᠎ᠤᠨ ᠵᠠᠬᠢᠷᠭ᠎ᠠ ᠵᠢᠨ ᠠᠯᠪᠠᠨ ᠭᠡᠷ ᠵᠡᠷᠭᠡ ᠨᠢᠭᠡᠴᠢ᠂ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠴᠢ ᠰᠣᠨᠢᠨ ᠮᠡᠳᠡᠭᠡ ᠵᠠᠭᠤᠴᠢᠯᠠᠭᠤᠷ᠎ᠤᠨ᠎ᠬᠢᠨ᠎ᠤ 50 ᠭᠠᠷᠤᠢ ᠬᠦᠮᠤᠨ ᠠᠵᠢᠯᠯᠠᠭ᠎ᠠ᠎ᠳᠤ ᠣᠷᠣᠯᠴᠠᠪᠠ᠃
      ᠠᠵᠢᠯᠯᠠᠭ᠋ᠠᠨ᠎ᠤ ᠲᠠᠯᠠᠪᠡᠢ᠎ᠳᠤ ᠠᠵᠢᠯᠲᠠᠨ ᠨᠠᠷ ᠠᠵᠢᠯᠯᠠᠭ᠋ᠠᠨ᠎ᠳᠤ ᠣᠷᠣᠯᠴᠠᠬᠤ᠎ᠪᠠᠷ ᠢᠷᠡᠭᠰᠡᠨ ᠬᠦᠮᠤᠰ᠎ᠲᠤ ᠤᠬᠠᠭᠤᠯᠭ᠎ᠠ ᠵᠢᠨ ᠬᠠᠭᠤᠳᠠᠰᠤ ᠳᠠᠷᠬᠠᠭ᠋ᠠᠨ᠂ ᠠᠮᠢᠳᠤᠷᠠᠯ᠎ᠳᠤ᠎ᠪᠠᠨ ᠮᠤᠬᠤᠷᠳᠠᠭᠰᠠᠨ ᠳᠡᠨᠤᠭᠦᠯᠴᠢ ᠭᠤᠢ᠌ᠷᠠᠨᠴᠢ ᠬᠦᠮᠤᠰ᠎ᠢ ᠳᠤᠰᠠᠯᠠᠬᠤ ᠲᠦᠷᠤ ᠵᠢᠨ ᠪᠣᠳᠣᠯᠭ᠎ᠠ ᠵᠢ ᠤᠬᠠᠭᠤᠯᠵᠤ᠂ ᠣᠯᠠᠨ᠎ᠤ ᠰᠡᠳᠬᠢᠯ ᠲᠠᠯᠪᠢᠵᠤ ᠪᠠᠢ᠌ᠭ᠎ᠠ ᠪᠣᠳᠠᠲᠠᠢ ᠠᠰᠠᠭᠤᠳᠠᠯ᠎ᠢ ᠲᠠᠢ᠌ᠯᠪᠤᠷᠢᠯᠠᠭᠰᠠᠨ ᠪᠠ ᠳᠤᠰᠠᠯᠠᠮᠵᠢ ᠵᠢᠨ ᠦᠷᠲᠡᠭᠡᠨ᠎ᠤ ᠣᠷᠴᠢᠨ ᠳᠣᠭᠣᠷᠢᠨ᠂ ᠤᠬᠠᠭᠤᠯᠭ᠎ᠠ ᠵᠢᠨ ᠹᠢᠯᠢᠮ ᠵᠶ᠋ᠠᠨ ᠦᠵᠡᠭᠦᠯᠵᠤ᠂ ᠳᠤᠰᠠᠯᠠᠮᠵᠢ ᠵᠢᠨ ᠦᠷᠲᠡᠭᠡᠨ᠎ᠤ᠎ᠪᠠᠨ ᠦᠢ᠍ᠯᠡᠴᠢᠯᠡᠭᠡᠨ᠎ᠤ ᠪᠠᠢ᠌ᠳᠠᠯ᠂ ᠲᠡᠨᠤᠭᠦᠯᠴᠢ ᠭᠤᠢ᠌ᠷᠠᠨᠴᠢ ᠬᠦᠮᠤᠰ᠎ᠢ ᠬᠠᠷᠠᠭ᠋ᠠᠯᠵᠠᠨ ᠳᠤᠰᠠᠯᠠᠵᠤ᠂ ᠦᠢ᠍ᠷ᠎ᠠ ᠲᠣᠳᠣᠨᠤ ᠬᠦᠮᠤᠰ᠎ᠢ᠎ᠨᠢ ᠠ᠋ᠷᠢᠨ ᠰᠤᠷᠠᠵᠤ ᠪᠠᠢ᠌ᠭ᠎ᠠ ᠪᠠᠢ᠌ᠳᠠᠯ ᠵᠶ᠋ᠠᠨ ᠣᠯᠠᠨ᠎ᠳᠤ ᠲᠠᠨᠢᠯᠴᠠᠭᠤᠯᠤᠭᠰᠠᠨ ᠪᠠᠢ᠌ᠨ᠎ᠠ᠃ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠳᠤᠭᠤᠢ᠌ᠯᠠᠩ᠎ᠤ ᠪᠦᠷᠢᠯᠳᠤᠭᠦᠨ᠂ ᠳᠡᠳ᠋ ᠳᠣᠪᠴᠢᠶᠠᠨ ᠳᠠᠷᠣᠭ᠎ᠠ ᠵᠠᠩ ᠰᠢᠤ ᠴᠢᠩ ᠣᠯᠠᠨ᠎ᠳᠤ ᠳᠤᠰᠠᠯᠠᠮᠵᠢ ᠵᠢᠨ ᠦᠷᠲᠡᠭᠡᠨ᠎ᠤ ᠦᠨᠳᠤᠰᠤᠨ ᠪᠠᠢ᠌ᠳᠠᠯ ᠪᠣᠯᠤᠨ ᠣᠷᠴᠢᠮ᠎ᠤᠨ ᠬᠡᠳᠤᠨ ᠵᠢᠯ᠎ᠤᠨ ᠣᠯᠤᠭᠰᠠᠨ ᠠᠮᠵᠢᠯᠲᠠ᠎ᠪᠠᠨ ᠲᠠᠨᠢᠯᠴᠠᠭᠤᠯᠪᠠ᠃
      ᠠᠵᠢᠯᠯᠠᠭ᠋ᠠᠨ᠎ᠳᠤ ᠣᠷᠣᠯᠴᠠᠭᠰᠠᠨ ᠠᠢ᠌ᠮᠠᠭ᠎ᠤᠨ ᠵᠠᠬᠢᠷᠭ᠎ᠠ ᠵᠢᠨ ᠤᠳᠤᠷᠢᠳᠤᠯᠭ᠎ᠠ ᠨᠠᠷ ᠳᠤᠰᠠᠯᠠᠮᠵᠢ ᠵᠢᠨ ᠦᠷᠲᠡᠭᠡᠨ᠎ᠤ ᠠᠵᠢᠯ᠎ᠤᠨ ᠠᠮᠵᠢᠯᠲᠠ ᠵᠢ ᠦᠨᠳᠤᠷ ᠦᠨᠡᠯᠡᠭᠰᠡᠨ ᠪᠦᠭᠡᠳ ᠳᠤᠰᠠᠯᠠᠮᠵᠢ ᠵᠢᠨ ᠦᠷᠲᠡᠭᠡᠨ᠎ᠤ ᠠᠵᠢᠯ᠎ᠤᠨ ᠠ᠋ᠭᠦᠷᠭᠡ ᠬᠦᠨᠳᠤ᠂ ᠠᠵᠢᠯᠲᠠᠨ ᠴᠦᠭᠡᠨ ᠪᠣᠯᠬᠣᠷ ᠬᠦᠴᠢᠷ ᠪᠡᠷᠬᠡ ᠵᠢ ᠢᠯᠠᠨ ᠳᠠᠪᠠᠵᠤ᠂ ᠠᠵᠢᠯ ᠵᠶ᠋ᠠᠨ ᠤᠯᠠᠮ ᠨᠠᠷᠢᠯᠢᠭᠵᠢᠭᠤᠯᠤᠨ᠂ ᠠᠶᠤᠯ ᠦᠭᠡᠢ ᠦᠯᠡᠳᠪᠤᠷᠢᠯᠡᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠳᠡᠨᠤᠭᠦᠯᠴᠢ ᠭᠤᠢ᠌ᠷᠠᠨᠴᠢ ᠬᠦᠮᠤᠰ᠎ᠢ ᠳᠤᠰᠠᠯᠠᠨ ᠬᠠᠮᠢᠶᠠᠷᠬᠤ ᠠᠵᠢᠯ ᠵᠶ᠋ᠠᠨ ᠦᠨᠡᠨᠬᠦ ᠨᠠᠷᠢᠨ ᠨᠢᠮᠪᠡᠢ ᠬᠢᠬᠦ ᠬᠡᠷᠡᠭᠲᠠᠢ᠃ ᠮᠡᠳᠡᠭᠡ ᠵᠠᠩᠭᠢ ᠵᠢᠨ ᠤᠬᠠᠭᠤᠯᠭ᠎ᠠ᠎ᠪᠠᠨ ᠰᠠᠢ᠌ᠨ ᠬᠢᠵᠤ᠂ ᠠ᠋ᠮᠡᠭᠲᠡᠢ᠌ᠴᠤᠳ᠎ᠤᠨ ᠬᠣᠯᠪᠣᠭ᠎ᠠ᠂ ᠲᠣᠳᠣᠭ᠋ᠠᠳᠤ ᠵᠢ ᠬᠠᠮᠠᠭ᠋ᠠᠯᠠᠬᠤ ᠳᠣᠪᠴᠢᠶ᠎ᠠ᠂ ᠡᠮ ᠠ᠋ᠮᠨᠡᠯᠭᠡ ᠵᠡᠷᠭᠡ ᠵᠢᠨ ᠰᠠᠯᠠᠭ᠎ᠠ ᠮᠦᠴᠢᠷ᠎ᠲᠠᠢ ᠬᠠᠷᠢᠴᠠᠭ᠎ᠠ ᠬᠣᠯᠪᠣᠭ᠎ᠠ᠎ᠪᠠᠨ ᠴᠢᠩᠭ᠋ᠠᠳᠬᠠᠨ᠂ ᠨᠡᠢ᠌ᠬᠡᠮ ᠳᠠᠶᠠᠭ᠋ᠠᠷ ᠳᠤᠰᠠᠯᠠᠮᠵᠢ ᠵᠢᠨ ᠦᠷᠲᠡᠭᠡᠨ᠎ᠤ ᠠᠵᠢᠯ᠎ᠳᠤ ᠰᠠᠨᠠᠭ᠎ᠠ ᠲᠠᠯᠪᠢᠨ᠂ ᠬᠠᠮᠲᠤ᠎ᠪᠠᠷ ᠲᠡᠨᠤᠭᠦᠯᠴᠢ ᠭᠤᠢ᠌ᠷᠠᠨᠴᠢ ᠬᠦᠮᠤᠰ᠎ᠢ ᠬᠠᠯᠠᠮᠵᠢᠯᠠᠨ ᠬᠠᠷᠠᠭ᠋ᠠᠯᠵᠠᠬᠤ ᠰᠠᠢ᠌ᠨ ᠰᠠᠢ᠌ᠬᠠᠨ ᠣᠷᠴᠢᠨ᠎ᠢ ᠪᠣᠢ ᠪᠣᠯᠭ᠋ᠠᠬᠤ᠎ᠪᠠᠷ ᠴᠢᠷᠮᠠᠢ᠌ᠬᠤ ᠬᠡᠷᠡᠭᠲᠠᠢ ᠭᠡᠪᠡ᠃
      ᠲᠤᠰ ᠠ᠋ᠳᠤᠷ᠎ᠨᠢ ᠬᠤᠸᠠ ᠳ᠋ᠦᠩ ᠠᠮᠠᠨ ᠬᠦᠨᠳᠡᠢ ᠵᠢᠨ ᠠ᠋ᠮᠨᠡᠯᠭᠡ ᠵᠢᠨ ᠬᠣᠷᠢᠶ᠎ᠠ᠎ᠠᠴᠠ ᠠᠢ᠌ᠮᠠᠭ᠎ᠤᠨ ᠳᠤᠰᠠᠯᠠᠮᠵᠢ ᠵᠢᠨ ᠦᠷᠲᠡᠭᠡᠨ᠎ᠳᠤ 200 ᠠ᠋ᠷᠡᠭᠦᠯᠵᠢᠯ᠎ᠤᠨ ᠰᠢᠳᠤᠨ ᠱᠤᠸᠠᠵᠠ ᠪᠣᠯᠤᠨ ᠳᠤᠲᠤᠷᠭ᠎ᠠ᠂ ᠭᠤᠯᠢᠷ᠂ ᠳᠣᠰᠤ ᠵᠡᠷᠭᠡ ᠵᠢᠨ ᠠᠮᠢᠳᠤᠷᠠᠯ᠎ᠤᠨ ᠠ᠋ᠳ᠋ ᠪᠣᠳᠠᠰ ᠪᠡᠯᠡᠭᠯᠡᠨ ᠬᠦᠷᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠲᠠ ᠵᠢᠨ ᠨᠡᠢ᠌ᠭᠡᠮ᠎ᠤᠨ ᠳᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠱᠠᠲᠦᠴᠢ ᠴᠢᠨᠠᠷᠲᠠᠢ ᠠᠬᠢᠯᠲᠠ᠎ᠲᠠᠢ ᠪᠣᠯᠪᠠ
ᠦᠪᠡᠷᠳᠡᠭᠡᠨ ᠵᠠᠰᠠᠬᠤ ᠣᠷᠣᠨ᠎ᠤ ᠵᠢᠷᠭᠤᠳᠤᠭ᠋ᠠᠷ ᠳᠣᠭᠣᠷᠢᠨ ᠵᠢᠯᠣᠭᠣᠳᠬᠤ ᠳᠤᠭᠤᠢ᠌ᠯᠠᠩ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠤᠳᠤᠯᠤᠨ ᠶᠠᠷᠢᠯᠴᠠᠬᠤ ᠰᠠᠭᠤᠳᠠᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠶᠠᠮᠤᠨ ᠭᠤᠸᠠᠩᠰᠢ ᠮᠤᠵᠢ ᠵᠢᠨ ᠨᠠᠨᠨᠢᠩ᠎ᠳᠤ 2019 ᠣᠨ᠎ᠤ ᠪᠦᠬᠦ ᠤᠯᠤᠰ᠎ᠤᠨ ᠬᠢᠨᠠᠨ ᠬᠠᠷᠭᠤᠭᠤᠯᠤᠯᠲᠠ ᠵᠢᠨ ᠠᠵᠢᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ ᠳ᠋ᠸᠩ ᠶᠤᠸᠡᠢ ᠯᠸᠤ ᠬᠦᠬᠡᠬᠣᠲᠠ ᠵᠢᠨ ᠭᠡᠷ᠎ᠲᠤ᠎ᠪᠠᠨ ᠠᠰᠠᠷᠠᠭᠤᠯᠬᠤ ᠠᠵᠢᠯ᠎ᠢ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠪᠦᠬᠦ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠦᠢ᠍ᠯᠡᠴᠢᠯᠡᠭᠡᠨ᠎ᠤ ᠳᠤᠬᠠᠢ ᠰᠠᠭᠤᠳᠠᠯ᠎ᠤᠨ ᠬᠤᠷᠠᠯ ᠬᠢᠪᠡ
 
            